| | | ᠶᠠᠫᠣᠨ ᠢ ᠡᠰᠡᠷᠭᠦᠴᠡᠬᠦ ᠳᠠᠶᠢᠨ ᠳᠤ ᠪᠡᠶ᠎ᠡ ᠦᠷᠡᠭᠳᠡᠭᠰᠡᠨ ᠪᠠᠭᠠᠲᠤᠷᠴᠤᠳ ᠤᠨ ᠲᠡᠦᠬᠡᠨ ᠭᠠᠪᠢᠶ᠎ᠠ ᠵᠢᠳᠬᠦᠯ ᠢ | ᠳᠤᠷᠠᠰᠤᠨ ᠰᠠᠨᠠᠭᠠᠯᠵᠠᠵᠤ᠂ ᠡᠭᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠲᠤᠰᠠᠳᠠ᠂ 9 | ᠳ᠋ᠦ᠋ᠭᠡᠷ ᠰᠠᠷ᠎ᠠ ᠶᠢᠨ 26 ᠤ ᠡᠳᠦᠷ᠂ ᠰᠦᠢᠶᠤᠸᠠᠨ ᠮᠤᠵᠢ ᠶᠢᠨ ᠶᠠᠫᠣᠨ ᠢ ᠡᠰᠡᠷᠭᠦᠴᠡᠬᠦ ᠲᠠᠶᠢᠨ ᠤ ᠨᠠᠶᠠᠨ ᠵᠢᠯ ᠤᠨ | ᠤᠢ ᠶᠢ ᠳᠤᠷᠠᠰᠬᠠᠬᠤ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ ᠬᠤᠷᠢᠶ᠎ᠠ ᠶᠢᠨ | ᠡᠷᠬᠢᠯᠡᠭᠴᠢ ᠭᠡᠰᠢᠭᠦᠨ ᠳ᠋ᠦᠩ ᠾᠧᠩ ᠢᠦᠢ ᠳᠤᠷᠠᠰᠬᠠᠬᠤ ᠶᠣᠰᠣᠯᠠᠯ ᠳᠤ ᠣᠷᠣᠯᠴᠠᠪᠠ᠃ | ᠭᠦᠩᠵᠦ ᠶᠢᠨ ᠣᠷᠳᠣᠨ ᠤ ᠴᠡᠴᠡᠷᠯᠢᠭ ᠲᠤ ᠪᠠᠶᠢᠷᠢᠯᠠᠵᠤ ᠪᠠᠶᠢᠭ᠎ᠠ ᠤᠮᠠᠷᠠᠲᠤ ᠣᠷᠣᠨ ᠤ ᠴᠡᠷᠢᠭ ᠤᠨ ᠲᠠᠪᠢ | ᠶᠢᠰᠦᠳᠦᠭᠡᠷ ᠠᠷᠮᠢ ᠶᠢᠨ ᠶᠠᠫᠣᠨ ᠢ ᠡᠰᠡᠷᠭᠦᠴᠡᠬᠦ ᠲᠠᠶᠢᠨ ᠳᠤ ᠪᠡᠶ᠎ᠡ ᠦᠷᠡᠭᠳᠡᠭᠰᠡᠨ ᠳᠠᠷᠤᠭ᠎ᠠ ᠪᠠᠶᠢᠯᠳᠤᠭᠴᠢᠳ ᠤᠨ | ᠨᠡᠶᠢᠲᠡ ᠶᠢᠨ ᠳᠤᠷᠠᠰᠬᠠᠯ ᠤᠨ ᠬᠥᠰᠢᠶ᠎ᠡ ᠰᠡᠬᠦ᠋ᠢᠨ ᠰᠦᠨᠳᠡᠷᠯᠡᠵᠦ᠂ ᠨᠣᠮᠢᠨ ᠨᠠᠷᠠᠰᠤ ᠬᠥᠬᠡᠮᠳᠦᠭ ᠮᠠᠶᠢᠯᠠᠰᠤ ᠶᠢᠨ | ᠳᠤᠮᠳᠠ ᠣᠨᠴᠠ ᠶᠢᠨ ᠲᠥᠪ ᠶᠡᠬᠡᠮᠰᠦᠭ ᠰᠡᠬᠦᠶᠢᠵᠦ᠂ 200 ᠰᠢᠬᠠᠮ ᠭᠤᠮᠢᠨᠳᠠᠩ ᠤᠨ ᠬᠤᠪᠢᠰᠬᠠᠯᠲᠤ ᠨᠠᠮ ᠤᠨ | ᠭᠡᠰᠢᠭᠦᠨ ᠪᠣᠯᠣᠨ ᠨᠡᠶᠢᠭᠡᠮ ᠤᠨ ᠬᠤᠯᠪᠣᠭᠳᠠᠯ ᠪᠦᠬᠦᠢ ᠬᠥᠮᠦᠰ ᠳᠤᠷᠠᠰᠬᠠᠯ ᠤᠨ ᠬᠥᠰᠢᠶ᠎ᠡ ᠳᠤ ᠪᠠᠭᠴᠠᠲᠤ ᠴᠡᠴᠡᠭ | ᠬᠦᠷᠭᠡᠨ ᠨᠠᠮᠠᠭᠴᠢᠯᠠᠨ ᠶᠣᠰᠣᠯᠠᠵᠤ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ | ᠴᠢᠯᠥᠭᠡᠯᠡᠯᠲᠡ ᠶᠢᠨ ᠲᠦᠯᠦᠭᠡ ᠡᠷᠡᠯᠬᠡᠭ ᠪᠠᠭᠠᠲᠤᠷᠯᠢᠭ ᠢᠶᠠᠷ ᠠᠮᠢ ᠪᠡᠶ᠎ᠡ ᠪᠠᠨ ᠵᠣᠷᠢᠭᠤᠯᠤᠭᠰᠠᠨ ᠬᠤᠪᠢᠰᠬᠠᠯᠲᠤ | ᠦᠷᠡᠭᠳᠡᠭᠰᠡᠨ ᠪᠠᠭᠠᠲᠤᠷᠴᠤᠳ ᠢ ᠭᠦᠨ᠎ᠡ ᠮᠥᠷᠥᠭᠡᠳᠦᠨ ᠰᠠᠨᠠᠭᠠᠯᠵᠠᠵᠠᠶ᠃ ᠲᠤᠬᠠᠶ ᠶᠢᠨ ᠲᠠᠯᠠᠪᠤᠷ ᠤᠨ ᠡᠯ᠎ᠡ | ᠡᠲᠡᠭᠡᠳ ᠤᠨ ᠬᠢᠨ ᠤ ᠲᠥᠯᠥᠭᠡᠯᠡᠭᠴᠢᠳ ᠬᠠᠮᠲᠤ ᠪᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠳᠠᠭᠤᠤ︾ ᠶᠢ ᠳᠠᠭᠤᠯᠠᠵᠤ᠂ ᠰᠦᠷ ᠵᠢᠪᠬᠤᠯᠠᠩᠲᠠᠶ ᠤᠯᠤᠰ ᠤᠨ ᠳᠠᠭᠤᠤ ᠶᠢᠨ ᠠᠶᠠᠰ ᠲᠤᠬᠠᠶ ᠶᠢᠨ | ᠲᠠᠯᠠᠪᠤᠷ ᠤᠨ ᠣᠭᠲᠠᠷᠭᠤᠶ ᠶᠢᠨ ᠮᠠᠨᠳᠤᠯ ᠳᠤ ᠤᠳᠠᠲᠠᠯ᠎ᠠ ᠴᠤᠤᠷᠢᠶᠠᠳᠤᠪᠠ᠃ | ᠶᠣᠰᠣᠯᠠᠯ ᠳᠤ ᠣᠷᠣᠯᠴᠠᠭᠰᠠᠨ ᠺᠠᠳ᠋ᠷ ᠣᠯᠠᠨ ᠲᠦᠮᠡᠨ ᠢᠯᠡᠳᠬᠡᠭᠰᠡᠨ ᠨᠢ᠂ ᠰᠦᠢᠶᠤᠸᠠᠨ ᠮᠤᠵᠢ ᠶᠢᠨ | ᠶᠠᠫᠣᠨ ᠢ ᠡᠰᠡᠷᠭᠦᠴᠡᠬᠦ ᠲᠠᠶᠢᠨ ᠪᠣᠯ ᠤᠯᠤᠰ ᠢᠶᠠᠨ ᠬᠠᠶᠢᠷᠠᠯᠠᠬᠤ ᠦᠵᠡᠯ ᠤᠨ ᠬᠡᠪ ᠳᠠᠭᠤᠷᠢᠶᠠᠯ ᠮᠥᠨ᠂ ᠨᠢᠭᠡᠳᠦᠮᠡᠯ | ᠹᠷᠣᠨᠲ ᠤᠨ ᠦᠢᠯᠡᠳᠦᠯᠭᠡ ᠮᠥᠨ᠂ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤᠨ ᠠᠭᠤᠤ ᠭᠠᠪᠢᠶ᠎ᠠ ᠠᠤᠭ᠎ᠠ | ᠵᠢᠳᠬᠦᠯ ᠢ ᠪᠠᠲᠤ ᠴᠡᠭᠡᠵᠢᠯᠡᠵᠦ᠂ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤᠨ ᠠᠭᠤᠤ ᠶᠡᠭᠡ ᠵᠣᠷᠢᠭ | ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠬᠦᠨᠳᠦᠳᠬᠡᠨ ᠪᠢᠰᠢᠷᠡᠬᠦ ᠰᠡᠳᠬᠢᠯᠭᠡ ᠪᠠᠨ ᠠᠳᠠᠯ ᠦᠢᠯᠡᠰ | ᠴᠤᠭᠴᠠᠯᠠᠬᠤ ᠶᠢᠨ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠣᠯᠭᠠᠵᠤ᠂ ᠡᠬᠡ ᠤᠯᠤᠰ ᠤᠨ ᠤᠮᠠᠷᠠᠲᠤ ᠶᠢᠨ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠳᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠦᠨ᠎ᠡ ᠭᠡᠵᠡᠭᠡᠵᠡᠢ᠃ | 1936 ᠣᠨ ᠳᠤ ᠡᠭᠦᠰᠦᠭᠰᠡᠨ ᠰᠦᠢᠶᠤᠸᠠᠨ ᠮᠤᠵᠢ ᠶᠢᠨ ᠶᠠᠫᠣᠨ ᠢ ᠡᠰᠡᠷᠭᠦᠴᠡᠬᠦ ᠲᠠᠶᠢᠨ ᠨᠢ ᠬᠠᠭᠠᠨ ᠤ | ᠴᠡᠷᠢᠭ ᠢᠯᠠᠭᠳᠠᠰᠢ ᠦᠭᠡᠢ ᠭᠡᠰᠡᠨ ᠶᠠᠷᠢᠶ᠎ᠠ ᠶᠢ ᠨᠢᠴᠤᠭᠠᠵᠤ᠂ ᠶᠠᠫᠣᠨ ᠡᠵᠡᠷᠬᠡᠭ ᠲᠦᠷᠢᠮᠡᠬᠡᠶᠢᠲᠡᠨ ᠤ ᠰᠦᠢᠶᠤᠸᠠᠨ | ᠮᠤᠵᠢ ᠶᠢ ᠡᠵᠡᠯᠡᠨ ᠴᠢᠨᠠᠭᠰᠢᠳᠠ ᠪᠠᠷᠠᠭᠤᠨ ᠬᠤᠶᠢᠲᠤ ᠣᠷᠣᠨ ᠢ ᠲᠦᠷᠢᠮᠡᠬᠡᠶᠢᠯᠡᠬᠦ ᠭᠡᠰᠡᠨ ᠭᠤᠷᠢᠳᠠᠯᠭ᠎ᠠ ᠶᠢ ᠨᠢ ᠪᠣᠳᠠ | ᠨᠢᠷᠭᠡᠵᠦ᠂ ᠶᠠᠫᠣᠨ ᠴᠡᠷᠢᠭ ᠪᠠ ᠬᠠᠭᠤᠷᠮᠠᠭ ᠴᠡᠷᠢᠭ ᠤᠨ ᠣᠮᠤᠭ ᠰᠦᠷ ᠢ ᠨᠢᠴᠠ ᠳᠠᠷᠤᠵᠤ᠂ ᠤᠯᠤᠰ ᠢᠶᠠᠨ | ᠬᠠᠶᠢᠷᠠᠯᠠᠬᠤ ᠳᠠᠷᠤᠭ᠎ᠠ ᠪᠠᠶᠢᠯᠳᠤᠭᠴᠢᠳ ᠤᠨ ᠭᠠᠳᠠᠭᠠᠳᠤ ᠶᠢᠨ ᠳᠠᠷᠤᠯᠠᠯ ᠢ ᠡᠰᠡᠷᠭᠦᠴᠡᠬᠦ ᠲᠡᠮᠡᠴᠡᠯ ᠤᠨ ᠵᠣᠷᠢᠭ ᠢ ᠨᠢ | ᠬᠥᠭᠵᠢᠭᠡᠵᠦ᠂ ᠪᠦᠬᠦ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠬᠠᠯᠠᠭᠤᠨ ᠵᠣᠷᠢᠭ ᠪᠠ ᠤᠯᠤᠰ | ᠣᠷᠣᠨ ᠢᠶᠠᠨ ᠮᠥᠬᠦᠯ ᠠᠴᠠ ᠠᠪᠦᠷᠡᠬᠤ ᠢᠲᠡᠭᠡᠯ ᠵᠣᠷᠢᠭ ᠢ ᠨᠢ ᠲᠦᠢᠯ ᠤᠨ ᠶᠡᠭᠡ ᠵᠣᠷᠢᠭᠵᠢᠭᠤᠯᠤᠭᠰᠠᠨ ᠶᠤᠮ᠃ | |