ᠡᠷᠢᠶᠡᠨ ᠬᠤᠳᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠶᠤᠯ ᠥᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2016/9/27
 ᠬᠤᠲᠠ ᠶᠢᠨ ᠠᠶᠤᠯ ᠥᠭᠡᠢ ᠦᠢᠯᠡᠳᠪᠦᠷᠢᠯᠡᠯ ᠤᠨ ᠵᠥᠪᠯᠡᠯ ᠤᠨ ︽ᠪᠦᠬᠦ ᠬᠤᠲᠠ ᠶᠢᠨ ᠠᠶᠤᠯ ᠥᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠬᠦ ᠲᠤᠬᠠᠶ ᠪᠠᠴᠢᠮ ᠮᠡᠳᠡᠭᠳᠡᠯ︾᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠳᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠶᠡᠨᠲᠦ ᠤᠯᠠᠷᠢᠯ ᠤᠨ ᠪᠣᠳᠠᠲᠠᠶ ᠪᠠᠶᠢᠳᠠᠯ ᠲᠠᠢ ᠤᠶᠠᠯᠳᠤᠭᠤᠯᠵᠤ᠂ ᠡᠷᠢᠶᠡᠨ ᠬᠤᠳᠠ  ᠶᠢᠨ ᠵᠢᠭᠤᠯᠴᠢᠯᠠᠯ ᠤᠨ ᠠᠵᠢᠯ ᠲᠥᠷᠥᠯ ᠤᠨ ᠠᠶᠤᠯ ᠥᠭᠡᠢ ᠦᠢᠯᠡᠳᠪᠦᠷᠢᠯᠡᠯ ᠢ ᠳᠡᠭᠡᠭᠰᠢᠯᠡᠭᠦᠯᠵᠦ᠂ ᠬᠤᠳᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠬᠤ ᠶᠢᠨ ᠲᠥᠯᠥᠭᠡ᠂ ᠣᠶᠢᠷ᠎ᠠ ᠳᠤ᠂ ᠡᠷᠢᠶᠡᠨ ᠬᠤᠳᠠ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠵᠢᠭᠤᠯᠴᠢᠯᠠᠯ ᠤᠨ ᠲᠣᠪᠴᠢᠶ᠎ᠠ ᠵᠡᠷᠭᠡ 10 ᠰᠠᠯᠠᠭ᠎ᠠ ᠮᠥᠴᠢᠷ ᠲᠠᠢ ᠬᠠᠮᠲᠤᠷᠠᠨ ᠬᠤᠲᠠ ᠶᠢᠨ 7 ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ᠂ 2 ᠦᠵᠡᠮᠵᠢᠲᠦ ᠣᠷᠣᠨ᠂ ᠤᠳᠤᠨ ᠳᠡᠰ ᠤᠨ 1 ᠪᠠᠭᠤᠳᠠᠯ᠂ 1 ᠠᠶᠠᠨᠴᠢᠳ ᠲᠡᠭᠡᠭᠡᠪᠦᠷᠢ ᠶᠢᠨ ᠺᠣᠮᠫᠠᠨᠢ ᠳᠤ ᠪᠦᠬᠦ ᠲᠠᠯ᠎ᠠ ᠪᠠᠷ ᠠᠶᠤᠯ ᠦᠭᠡᠢ ᠶᠢᠨ ᠪᠠᠶᠢᠴᠠᠭᠠᠯᠲᠠ ᠬᠢᠪᠡ᠃  ᠭᠤᠣᠯᠳᠠᠭᠤ ᠵᠢᠭᠤᠯᠴᠢᠯᠠᠯ ᠤᠨ ᠠᠵᠤ ᠠᠬᠤᠶᠢᠯᠠᠯ ᠤᠨ ᠭᠦᠸᠧᠯᠦ ᠶᠢᠨ ᠠᠮᠤᠷ ᠲᠥᠪᠰᠢᠨ᠂ ᠭᠠᠯ ᠢ ᠤᠨᠲᠠᠷᠠᠭᠠᠬᠤ ᠪᠡᠯᠡᠳᠬᠡᠮᠵᠢ᠂ ᠲᠣᠭᠤᠭᠠᠨ ᠭᠡᠷ ᠤᠨ ᠤᠲᠤᠭ᠎ᠠ ᠭᠠᠳᠠᠭᠰᠢᠯᠠᠭᠤᠯᠵᠤ ᠪᠠᠶᠢᠭ᠎ᠠ ᠪᠠᠶᠢᠳᠠᠯ᠂ ᠢᠳᠡᠭᠡᠨ ᠡᠵᠡᠩᠨᠡᠬᠦ ᠵᠥᠪᠰᠢᠶᠡᠷᠡᠯ᠂ ᠡᠷᠡᠭᠦᠯ ᠬᠠᠮᠠᠭᠠᠯᠠᠯ ᠤᠨ ᠪᠠᠶᠢᠳᠠᠯ᠂ ᠲᠡᠷᠭᠡ ᠬᠥᠰᠬᠡ ᠶᠢᠨ ᠬᠢᠷᠢ ᠴᠢᠳᠠᠮᠵᠢ᠂ ᠪᠠᠶᠢᠴᠠᠭᠠᠨ  ᠬᠡᠮᠵᠢᠯᠲᠡ᠂ ᠵᠢᠯᠣᠭᠤᠴᠢ ᠶᠢᠨ ᠬᠢᠷᠢ ᠭᠡᠮ᠂ ᠡᠵᠡᠩᠨᠡᠯᠲᠡ ᠶᠢᠨ ᠦᠨᠡᠮᠯᠡᠯ ᠵᠡᠷᠭᠡ ᠡᠯ᠎ᠡ ᠵᠦᠢᠯ ᠤᠨ  ᠬᠠᠮᠢᠶ᠎ᠠ ᠪᠦᠬᠦᠢ ᠠᠭᠤᠯᠭ᠎ᠠ ᠶᠢ ᠪᠠᠶᠢᠴᠠᠭᠠᠵᠠᠢ᠃ ᠡᠯ᠎ᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠠᠰᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠳᠤ ᠬᠡᠯᠡᠵᠦ ᠰᠡᠷᠡᠮᠵᠢᠯᠡᠭᠦᠯᠦᠭᠰᠡᠨ ᠪᠤᠶᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠭᠰᠠᠨ ᠤ ᠬᠠᠮᠲᠤ ᠠᠵᠤ ᠠᠬᠤᠶᠢᠯᠠᠯ ᠎ ᠳᠤ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ ᠡᠯ᠎ᠡ ᠰᠠᠯᠠᠭ᠎ᠠ ᠮᠥᠴᠢᠷ ᠤᠳ  ᠡᠯ᠎ᠡ ᠠᠵᠤ ᠠᠬᠤᠶᠢᠯᠠᠯ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠢ ᠮᠦᠷᠳᠡᠨ᠎ᠡ᠃ ᠲᠤᠰ ᠤᠳᠠᠭᠠᠨ ᠤ ᠬᠠᠮᠳᠤᠷᠠᠭᠰᠠᠨ ᠪᠠᠶᠢᠴᠠᠭᠠᠯᠲᠠ ᠪᠠᠷ ᠳᠠᠮᠵᠢᠭᠤᠯᠤᠨ᠂ ᠵᠢᠭᠤᠯᠴᠢᠯᠠᠯ ᠤᠨ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠲᠠᠯᠳᠠ ᠭᠡᠮ ᠢ ᠠᠷᠢᠯᠭᠠᠵᠤ᠂ ᠡᠯ᠎ᠡ ᠠᠵᠤ ᠠᠬᠤᠶᠢᠯᠠᠯ ᠳᠤ ᠠᠮᠤᠷ ᠲᠦᠪᠰᠢᠨ ᠢᠶᠠᠷ ᠬᠥᠭᠵᠢᠭᠦᠯᠬᠦ ᠣᠨᠣᠯᠵᠢᠬᠤᠨ ᠢ ᠪᠤᠢ ᠪᠣᠯᠭᠠᠵᠤ᠂ ᠠᠮᠤᠷ ᠲᠦᠪᠰᠢᠨ ᠤ ᠬᠦᠨᠳᠦ ᠶᠡᠭᠡ ᠡ᠊ᠨᠳᠡᠯ ᠭᠠᠷᠬᠤ ᠶᠢ ᠰᠡᠷᠭᠡᠶᠢᠯᠡᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号