ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠄ ᠥᠪᠥᠷ ᠮᠣᠩᠭᠤᠯ 7 ᠰᠠᠭᠤᠳᠠᠯ ᠵᠢᠴᠢ ᠲᠡᠭᠦᠨ ᠠᠴᠠ ᠳᠣᠷᠣᠭᠰᠢᠬᠢ ᠵᠢᠵᠢᠭ ᠰᠠᠭᠤᠳᠠᠯ ᠤᠨ ᠮᠠᠰᠢᠨ ᠳᠡᠭᠡᠳᠦ ᠬᠤᠷᠳᠤ ᠶᠢᠨ ᠵᠠᠰᠠᠮᠠᠯ ᠵᠠᠮ ᠢᠶᠠᠷ ᠠᠶᠠᠯᠠᠬᠤ ᠳᠤ ᠰᠦᠢᠳᠬᠡᠯ ᠬᠤᠷᠢᠶᠠᠬᠤ ᠦᠭᠡᠢ
ᠨᠡᠶᠢᠲᠡᠯᠡᠭᠰᠡᠨ ᠴᠠᠭ᠄
2016/9/27
      ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠤᠷᠤᠨ ᠤ ᠳᠡᠭᠡᠳᠦ ᠬᠤᠷᠳᠤ ᠶᠢᠨ ᠵᠠᠰᠠᠮᠠᠯ ᠵᠠᠮ ᠨᠢ ᠦᠷᠭᠦᠯᠵᠢᠯᠡᠨ 7 ᠰᠠᠭᠤᠳᠠᠯ ᠵᠢᠴᠢ ᠲᠡᠭᠦᠨ ᠠᠴᠠ ᠳᠣᠷᠣᠭᠰᠢᠬᠢ ᠵᠢᠵᠢᠭ ᠰᠠᠭᠤᠳᠠᠯ ᠤᠨ ᠮᠠᠰᠢᠨ ᠎ ᠳᠤ ᠰᠦᠢᠳᠭᠡᠯ ᠬᠤᠷᠢᠶᠠᠬᠤ ᠦᠭᠡᠢ ᠨᠡᠪᠲᠡᠷᠡᠭᠦᠯᠦᠨ᠎ᠡ᠂ ᠴᠠᠭ ᠨᠢ 10 ᠳ᠋ᠤᠭᠠᠷ ᠰᠠᠷ᠎ᠠ ᠶᠢᠨ 1᠎ ᠤ ᠡᠳᠦᠷ ᠤᠨ ᠲᠡᠭ ᠴᠠᠭ ᠠᠴᠠ 10 ᠳ᠋ᠤᠭᠠᠷ ᠰᠠᠷ᠎ᠠ ᠶᠢᠨ 7᠎ ᠤ ᠡᠳᠦᠷ ᠤᠨ 24 ᠴᠠᠭ ᠪᠣᠯᠲᠠᠯ᠎ᠠ ᠬᠡᠷᠡᠭᠵᠢᠭᠦᠯᠦᠨ᠎ᠡ᠂ ᠡᠩ ᠤᠨ ᠵᠠᠰᠠᠮᠠᠯ ᠵᠠᠮ ᠪᠣᠯ ᠲᠡᠷᠭᠡ ᠬᠥᠰᠬᠡ ᠶᠢᠨ ᠰᠦᠢᠳᠬᠡᠯ ᠬᠤᠷᠢᠶᠠᠬᠤ ᠦᠷᠲᠡᠭᠡ ᠪᠠᠷ ᠦᠩᠭᠡᠷᠡᠬᠦ ᠴᠠᠭ ᠢᠶᠠᠷ ᠪᠠᠷᠢᠮᠵᠢᠶ᠎ᠠ ᠪᠣᠯᠭᠠᠵᠤ᠂ ᠳᠡᠭᠡᠳᠦ ᠬᠤᠷᠳᠤ ᠶᠢᠨ ᠵᠠᠰᠠᠮᠠᠯ ᠵᠠᠮ ᠪᠣᠯ ᠲᠡᠷᠭᠡ ᠬᠥᠰᠭᠡ ᠶᠢᠨ ᠳᠡᠭᠡᠳᠦ ᠬᠤᠷᠳᠤ ᠶᠢᠨ ᠵᠠᠰᠠᠮᠠᠯ ᠵᠠᠮ ᠠᠴᠠ ᠰᠠᠯᠵᠤ ᠪᠠᠭᠤᠬᠤ ᠴᠠᠭ ᠢᠶᠠᠷ ᠪᠠᠷᠢᠮᠵᠢᠶ᠎ᠠ ᠪᠣᠯᠭᠠᠨ᠎ᠠ᠃      ᠣᠶᠢᠯᠠᠭᠠᠭᠰᠠᠨ ᠢᠶᠠᠷ᠂ ᠠᠮᠠᠷᠠᠯᠲᠠ ᠠᠴᠠ ᠡᠮᠦᠨ᠎ᠡ ᠥᠪᠥᠷ ᠮᠣᠩᠭᠤᠯ ᠤᠨ ᠰᠦᠢᠳᠬᠡᠯ ᠬᠤᠷᠢᠶᠠᠬᠤ ᠵᠠᠰᠠᠮᠠᠯ ᠵᠠᠮ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠮᠤᠷ ᠲᠦᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠦᠷᠨᠢᠭᠦᠯᠵᠦ᠂ ᠭᠤᠣᠯᠳᠠᠭᠤ ᠬᠠᠷᠢᠶᠠᠲᠤ ᠣᠷᠣᠨ ᠤ ᠳᠣᠲᠣᠷᠠᠬᠢ ᠵᠠᠮ᠂ ᠬᠥᠭᠦᠷᠭᠡ᠂ ᠵᠠᠰᠠᠵᠤ ᠪᠠᠶᠢᠭ᠎ᠠ ᠵᠠᠮ ᠤᠨ ᠬᠡᠰᠡᠭ ᠪᠣᠯᠤᠨ ᠬᠢᠯᠪᠠᠷᠬᠠᠨ ᠠᠳᠡᠯ ᠭᠠᠷᠳᠠᠭ ᠵᠠᠮ ᠤᠨ ᠬᠡᠰᠡᠭ ᠵᠢᠴᠢ ᠵᠢᠭᠤᠯᠴᠢᠯᠠᠯ ᠤᠨ ᠴᠢᠭ᠋ ᠢᠶᠠᠷ ᠥᠩᠭᠡᠷᠡᠬᠦ ᠭᠤᠣᠯᠳᠠᠯᠭᠠᠲᠤ ᠵᠠᠮ ᠤᠨ ᠬᠡᠰᠡᠭ ᠵᠡᠷᠭᠡ ᠳᠠᠬᠢ ᠲᠠᠯᠳᠠ ᠭᠡᠮ ᠢ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠶᠤᠯ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ ᠠᠮᠠᠷᠠᠯᠲᠠ ᠶᠢᠨ ᠬᠤᠭᠤᠴᠠᠭᠠᠨ ᠳᠤ᠂ ᠲᠤᠰ ᠲᠣᠪᠴᠢᠶ᠎ᠠ ᠨᠢ ᠵᠠᠮ ᠬᠠᠷᠢᠯᠴᠠᠭ᠎ᠠ ᠲᠦᠭᠵᠢᠷᠡᠬᠦ ᠪᠠ ᠵᠠᠮ ᠨᠡᠪᠲᠡᠷᠡᠯᠭᠡ ᠶᠢᠨ ᠤᠷᠭᠢᠯ ᠤᠨ ᠴᠠᠭ ᠲᠤ ᠰᠦᠢᠳᠬᠡᠯ ᠬᠤᠷᠢᠶᠠᠬᠤ ᠪᠠ ᠵᠠᠯᠠᠵᠤ ᠵᠢᠯᠣᠭᠤᠳᠬᠤ ᠬᠦᠮᠦᠨ ᠢᠶᠠᠨ ᠨᠡᠮᠡᠵᠦ᠂ ᠰᠦᠢᠳᠬᠡᠯ ᠬᠤᠷᠢᠶᠠᠬᠤ ᠦᠷᠳᠡᠭᠡ ᠶᠢᠨ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠡᠷᠭᠡ ᠬᠥᠰᠭᠡ ᠦᠷᠲᠡᠭᠡ ᠦᠩᠭᠡᠷᠡᠬᠦ ᠳᠤ ᠬᠦᠯᠢᠶᠡᠬᠦ ᠠᠴᠠ ᠪᠣᠯᠵᠤ ᠲᠦᠭᠵᠢᠷᠡᠬᠦ ᠪᠤᠶᠤ ᠵᠠᠭᠤᠷᠠᠯᠳᠤᠭᠠᠨ ᠠᠴᠠ ᠪᠣᠯᠵᠤ ᠠᠶᠤᠯ ᠦᠭᠡᠢ ᠦᠢᠯᠡᠳᠪᠦᠷᠢᠯᠡᠯ ᠤᠨ ᠡ᠊ᠨᠳᠡᠯ ᠡᠭᠦᠰᠬᠦ ᠶᠢ ᠰᠡᠷᠭᠡᠶᠢᠯᠡᠨ᠎ᠡ︔ ᠵᠠᠮ ᠤᠨ ᠶᠠᠪᠤᠳᠠᠯ ᠤᠨ ᠬᠢᠨ ᠲᠣᠭᠤᠷᠢᠨ ᠪᠠᠶᠢᠴᠠᠭᠠᠬᠤ ᠳᠠᠪᠲᠠᠮᠵᠢ ᠪᠠᠨ ᠨᠡᠮᠡᠭᠳᠡᠭᠦᠯᠵᠦ᠂ ᠰᠠᠯᠠᠭ᠎ᠠ ᠮᠥᠴᠢᠷ ᠤᠨ ᠬᠤᠭᠤᠷᠤᠨᠳᠤ ᠬᠠᠮᠲᠤᠷᠠᠨ ᠬᠥᠳᠡᠯᠦᠯᠴᠡᠬᠦ ᠪᠠᠨ ᠴᠢᠩᠭᠠᠳᠬᠠᠨ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ ᠪᠣᠯᠤᠨ ᠴᠠᠭ ᠠᠭᠤᠷ ᠵᠡᠷᠭᠡ ᠰᠠᠯᠠᠭ᠎ᠠ ᠮᠥᠴᠢᠷ ᠯᠦᠭᠡ ᠬᠤᠯᠪᠣᠭᠠᠯᠠᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠵᠠᠮ ᠬᠠᠷᠢᠯᠴᠠᠭ᠎ᠠ ᠶᠢ ᠨᠡᠪᠲᠡᠷᠡᠭᠦᠯᠬᠦ ᠪᠠᠨ ᠴᠢᠩᠭᠠᠳᠬᠠᠵᠤ᠂ ᠭᠡᠨᠡᠳᠲᠡ ᠶᠢᠨ ᠬᠡᠷᠡᠭ ᠡᠭᠦᠰᠦᠭᠰᠡᠨ ᠦᠶ᠎ᠡ ᠳᠤ ᠲᠦᠷᠭᠡᠨ ᠬᠠᠮᠵᠢᠯᠴᠠᠨ ᠰᠢᠢᠳᠪᠦᠷᠢᠯᠡᠵᠦ ᠴᠢᠳᠠᠬᠤ ᠶᠢ ᠪᠠᠲᠤᠯᠠᠨ᠎ᠠ︔ ᠰᠦᠢᠳᠬᠡᠯ ᠬᠤᠷᠢᠶᠠᠬᠤ ᠦᠷᠲᠡᠭᠡ ᠶᠢᠨ LED ᠳᠡᠯᠭᠡᠴᠡ ᠵᠡᠷᠭᠡ ᠵᠠᠭᠤᠴᠢ ᠪᠠᠷ ᠳᠠᠮᠵᠢᠭᠤᠯᠤᠨ ᠨᠡᠶᠢᠭᠡᠮ ᠳᠠᠶᠠᠭᠠᠷ ᠲᠤ ᠴᠠᠭ ᠠᠭᠤᠷ᠂ ᠵᠠᠮ ᠤᠨ ᠪᠠᠶᠢᠳᠠᠯ ᠵᠡᠷᠭᠡ ᠪᠣᠳᠠᠲᠤ ᠮᠡᠳᠡᠭᠡ ᠵᠠᠩᠬᠢ ᠶᠢ ᠨᠡᠶᠢᠲᠡᠯᠡᠵᠦ᠂ ᠤᠯᠠᠨ ᠨᠡᠶᠢᠲᠡ ᠶᠢ ᠬᠥᠲᠥᠯᠥᠨ ᠵᠢᠯᠣᠭᠤᠳᠴᠤ ᠪᠠᠶᠢᠭᠠᠳ ᠠᠮᠤᠷ ᠲᠦᠪᠰᠢᠨ ᠵᠣᠷᠴᠢᠭᠤᠯᠤᠨ᠎ᠠ︔ ᠡᠯ᠎ᠡ ᠰᠦᠢᠳᠬᠡᠯ ᠬᠤᠷᠢᠶᠠᠬᠤ ᠦᠷᠲᠡᠭᠡ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢᠨ ᠲᠠᠩᠬᠢᠮ ᠭᠠᠷᠭᠠᠵᠤ᠂ 24 ᠴᠠᠭ ᠢᠶᠠᠷ ᠦᠨ᠎ᠡ ᠲᠥᠯᠥᠪᠦᠷᠢ ᠦᠭᠡᠢ ᠪᠠᠷ ᠨᠠᠰᠢ ᠴᠠᠰᠢ ᠶᠠᠪᠤᠬᠤ ᠠᠶᠠᠨᠴᠢᠳ ᠲᠤ ᠬᠠᠯᠠᠭᠤᠨ ᠤᠰᠤ᠂ ᠡᠮ ᠪᠣᠯᠤᠨ ᠰᠡᠯᠪᠢᠨ ᠵᠠᠰᠠᠬᠤ ᠪᠠᠭᠠᠵᠢ ᠵᠡᠷᠭᠡ ᠶᠢ ᠬᠠᠩᠭᠠᠨ᠎ᠠ᠃ ᠵᠣᠷᠴᠢᠭᠰᠠᠳ ︽ᠥᠪᠥᠷ ᠮᠣᠩᠭᠤᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠡᠷᠭᠡ ᠵᠣᠭᠰᠤᠬᠤ ᠦᠭᠡᠢ ᠡᠯᠧᠺᠲᠷᠣᠨ ᠢᠶᠠᠷ ᠰᠦᠢᠳᠬᠡᠯ ᠲᠤᠰᠢᠶᠠᠬᠤ︾ ᠪᠠ ︽ᠥᠪᠥᠷ ᠮᠣᠩᠭᠤᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠠᠪᠴᠠᠩ︾᠎ ᠤᠨ ᠸᠢᠴᠠᠲ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠥᠪᠥᠷ ᠮᠣᠩᠭᠤᠯ ᠤᠨ ETC ᠰᠦᠯᠵᠢᠶ᠎ᠡ᠂ ︽12122︾ ᠵᠣᠴᠢᠳ ᠤᠨ ᠦᠢᠯᠡᠴᠢᠯᠡᠭᠡᠨ ᠤ ᠰᠢᠭᠤᠳ ᠤᠲᠠᠰᠤ ᠪᠠᠷ ᠳᠠᠮᠵᠢᠨ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠪᠠᠶᠢᠴᠠᠭᠠᠨ ᠯᠠᠪᠯᠠᠵᠤ᠂ ᠬᠠᠮᠤᠭ ᠤᠨ ᠰᠠᠶᠢᠨ ᠵᠠᠮ ᠢ ᠰᠣᠩᠭᠤᠨ ᠠᠶᠠᠯᠠᠵᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号