ᠥᠪᠥᠷ ᠮᠣᠩᠭᠤᠯ᠄ 2017 ᠣᠨ ᠤ ᠠᠰᠫᠢᠷᠠᠨᠲ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ ᠴᠠᠭ ᠢ ᠲᠤᠭᠲᠠᠭᠠᠵᠠᠢ
ᠨᠡᠶᠢᠲᠡᠯᠡᠭᠰᠡᠨ ᠴᠠᠭ᠄
2016/9/27
     2017 ᠣᠨ ᠤ ᠪᠦᠬᠦ ᠤᠯᠤᠰ ᠤᠨ ᠠᠰᠫᠢᠷᠠᠨᠲ ᠤᠨ ᠰᠤᠷᠤᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠴᠠᠭ ᠢ ᠨᠢᠭᠡᠨᠲᠡ ᠲᠣᠭᠲᠠᠪᠠ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ ᠨᠢ 10 ᠳ᠋ᠤᠭᠠᠷ ᠰᠠᠷ᠎ᠠ ᠶᠢᠨ 10 ~31᠎ ᠤ ᠡᠳᠦᠷ ᠪᠤᠯᠲᠠᠯ᠎ᠠ ᠡᠳᠦᠷ ᠪᠦᠷᠢ ᠶᠢᠨ 9 ~ 22 ᠴᠠᠭ᠃ ᠮᠠᠨ ᠤ ᠤᠷᠤᠨ ᠤ ᠡᠯ᠎ᠡ ᠨᠡᠷ᠎ᠡ ᠮᠡᠳᠡᠭᠦᠯᠬᠦ ᠴᠢᠭ᠋ ᠤᠨ ᠲᠤᠬᠠᠶ ᠶᠢᠨ ᠲᠠᠯᠠᠪᠠᠢ ᠶᠢᠨ ᠴᠠᠭ  11 ᠳ᠋ᠤᠭᠠᠷ ᠰᠠᠷ᠎ᠠ ᠶᠢᠨ 6 ~ 12᠎ ᠤ ᠡᠳᠦᠷ ᠪᠤᠯᠲᠠᠯ᠎ᠠ ᠡᠳᠦᠷ ᠪᠦᠷᠢ ᠶᠢᠨ 8 ᠴᠠᠭ 30 ~17 ᠴᠠᠭ ᠢᠶᠠᠷ ᠲᠤᠭᠲᠠᠵᠤ᠂ ᠮᠠᠨ ᠤ ᠤᠷᠤᠨ ᠤ ᠤᠷᠢᠳᠴᠢᠯᠠᠨ ᠨᠡᠷ᠎ᠡ ᠮᠡᠳᠡᠭᠦᠯᠬᠦ ᠴᠠᠭ ᠢ 9 ᠳ᠋ᠤᠭᠠᠷ ᠰᠠᠷ᠎ᠠ ᠶᠢᠨ 24 ~ 27᠎ ᠤ ᠡᠳᠦᠷ ᠪᠤᠯᠲᠠᠯ᠎ᠠ ᠡᠳᠦᠷ ᠪᠦᠷᠢ ᠶᠢᠨ 9 ~ 22 ᠴᠠᠭ ᠢᠶᠠᠷ ᠲᠤᠭᠲᠠᠪᠠ᠃      ︽ᠨᠡᠷ᠎ᠡ ᠮᠡᠳᠡᠭᠦᠯᠦᠭᠴᠢ︾      ᠲᠤᠰ ᠬᠤᠭᠤᠴᠠᠭᠠᠨ ᠤ ᠵᠢᠩᠬᠢᠨᠢ ᠠᠩᠭᠢ ᠠᠴᠠ ᠲᠡᠭᠦᠰᠦᠭᠰᠡᠨ ᠰᠤᠷᠤᠭᠴᠢᠳ ᠨᠡᠷ᠎ᠡ ᠮᠡᠳᠡᠭᠦᠯᠵᠦ ᠪᠤᠯᠤᠨ᠎ᠠ      ᠰᠤᠷᠭᠠᠨ ᠬᠥᠮᠦᠵᠢᠯ ᠤᠨ ᠶᠠᠮᠤᠨ ᠤ ᠪᠦᠬᠦ ᠤᠯᠤᠰ ᠤᠨ ᠠᠰᠫᠢᠷᠠᠨᠲ ᠡᠯᠰᠡᠬᠦ ᠠᠵᠢᠯ ᠤᠨ ᠠᠬᠢᠴᠠ ᠶᠢᠨ ᠲᠤᠬᠢᠷᠠᠭᠤᠯᠤᠯᠲᠠ ᠶᠢ ᠦᠨᠳᠦᠰᠦᠯᠡᠨ᠂ ᠲᠤᠰ ᠬᠤᠭᠤᠴᠠᠭᠠᠨ ᠤ ᠵᠢᠩᠬᠢᠨᠢ ᠠᠩᠬᠢ ᠠᠴᠠ ᠲᠡᠭᠦᠰᠦᠭᠰᠡᠨ ᠰᠤᠷᠦᠬᠴᠢ ᠤᠷᠢᠳᠴᠢᠯᠠᠨ ᠨᠡᠷ᠎ᠡ ᠮᠡᠳᠡᠭᠦᠯᠵᠦ ᠪᠣᠯᠤᠨ᠎ᠠ᠃ ᠡᠨᠡ 4 ᠡᠳᠦᠷ᠂ ᠮᠠᠨ ᠤ ᠤᠷᠤᠨ ᠵᠥᠪᠬᠡᠨ ᠳᠣᠣᠷᠠᠬᠢ ᠮᠡᠲᠦ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠠᠴᠠ ᠲᠤᠰ ᠬᠤᠭᠤᠴᠠᠭᠠᠨ ᠳᠤ ᠲᠡᠭᠦᠰᠦᠭᠰᠡᠨ ᠰᠤᠷᠤᠭᠴᠢ ᠲᠣᠭᠲᠠᠭᠠᠭᠰᠠᠨ ᠨᠡᠷ᠎ᠡ ᠮᠡᠳᠡᠭᠦᠯᠬᠦ ᠴᠢᠭ᠋ ᠲᠤ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠵᠦ᠂ ᠣᠷᠣᠨ ᠤ ᠳᠣᠲᠣᠷᠠᠬᠢ ᠪᠤᠰᠤᠳ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠠᠴᠠ ᠲᠡᠭᠦᠰᠦᠭᠰᠡᠨ ᠰᠤᠷᠤᠭᠴᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠳᠤ ᠰᠢᠭᠤᠳ ᠤᠷᠤᠯᠴᠠᠬᠤ ᠪᠠᠷ ᠲᠤᠬᠢᠷᠠᠭᠤᠯᠪᠠ᠂ ᠴᠠᠭ ᠨᠢ 10 ᠳ᠋ᠤᠭᠠᠷ ᠰᠠᠷ᠎ᠠ ᠶᠢᠨ 10 ~ 31᠎ ᠤ ᠡᠳᠦᠷ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠵᠢᠩᠬᠢᠨᠢ ᠠᠩᠭᠢ ᠠᠴᠠ ᠲᠤᠰ ᠬᠤᠭᠤᠴᠠᠭᠠᠨ ᠳᠤ ᠲᠡᠭᠦᠰᠦᠭᠰᠡᠨ ᠮᠠᠨ ᠤ ᠤᠷᠤᠨ ᠤ ᠰᠤᠷᠤᠭᠴᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠳᠡᠭᠡᠨ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠪᠠᠶᠢᠭ᠎ᠠ ᠮᠤᠵᠢ ︵ᠣᠷᠣᠨ᠂ ᠬᠤᠲᠠ︶᠎ ᠶᠢ ᠨᠡᠷ᠎ᠡ ᠮᠡᠳᠡᠭᠦᠯᠬᠦ ᠴᠢᠭ᠋ ᠢᠶᠠᠷ ᠰᠤᠩᠭᠤᠨ᠎ᠠ᠂ ᠮᠠᠨ ᠤ ᠤᠷᠤᠨ ᠤ ᠡᠯ᠎ᠡ ᠨᠡᠷ᠎ᠡ ᠮᠡᠳᠡᠭᠦᠯᠬᠦ ᠴᠢᠭ᠋ ᠨᠢ ᠵᠠᠷᠴᠢᠮ ᠳᠡᠭᠡᠷ᠎ᠡ ᠪᠠᠨ ᠣᠷᠣᠨ ᠤ ᠭᠠᠳᠠᠨᠠᠬᠢ ᠰᠤᠷᠭᠠᠭᠤᠯᠢ ᠳᠤ ᠰᠤᠷᠤᠯᠴᠠᠵᠤ ᠪᠠᠶᠢᠭ᠎ᠠ ᠲᠤᠰ ᠬᠤᠭᠤᠴᠠᠭᠠᠨ ᠎ ᠳᠤ ᠲᠡᠭᠦᠰᠦᠭᠰᠡᠨ ᠰᠤᠷᠤᠭᠴᠢ ᠶᠢᠨ ᠨᠡᠷ᠎ᠡ ᠮᠡᠳᠡᠭᠦᠯᠬᠦ ᠪᠠ ᠲᠤᠬᠠᠶ ᠶᠢᠨ ᠲᠠᠯᠠᠪᠠᠶ ᠳᠤ ᠦᠨᠡᠮᠰᠢᠭᠦᠯᠬᠦ ᠶᠢ ᠬᠦᠯᠢᠶᠡᠨ ᠠᠪᠬᠤ ᠦᠭᠡᠢ᠃      ᠬᠥᠬᠡᠬᠤᠲᠠ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠠᠴᠠ ᠲᠤᠰ ᠬᠤᠭᠤᠴᠠᠭᠠᠨ ᠳᠤ ᠲᠡᠭᠦᠰᠦᠭᠰᠡᠨ ᠰᠤᠷᠤᠭᠴᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠳᠡᠭᠡᠨ ᠶᠡᠭᠡ ᠰᠤᠷᠭᠠᠭᠤᠯᠢ ᠳᠤ ᠣᠷᠣᠬᠤ ᠠᠴᠠ ᠡᠮᠦᠨᠡᠬᠢ ᠲᠤᠰ ᠬᠥᠮᠦᠨ ᠤ ᠤᠤᠯ ᠤᠨ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠠᠶᠢᠮᠠᠭ ᠬᠤᠲᠠ ᠪᠠᠨ ᠰᠤᠩᠭᠤᠨ ᠨᠡᠷ᠎ᠡ ᠮᠡᠳᠡᠭᠦᠯᠬᠦ ᠴᠢᠭ᠋ ᠪᠤᠯᠭᠠᠵᠤ᠂ ᠤᠤᠯ ᠤᠨ ᠡᠷᠥᠭᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠠᠶᠢᠮᠠᠭ ᠬᠤᠲᠠ ᠳᠠᠭᠠᠨ ᠬᠠᠷᠢᠵᠤ ᠠᠰᠫᠢᠷᠠᠨᠲ ᠡᠯᠰᠡᠬᠦ ᠰᠢᠯᠭᠠᠯᠲᠠ ᠶᠢᠨ ᠠᠩᠬ᠎ᠠ ᠰᠢᠯᠭᠠᠯᠲᠠ ᠳᠤ ᠣᠷᠣᠯᠴᠠᠬᠤ ᠶᠢ ᠨᠢ ᠵᠤᠷᠢᠭᠵᠢᠭᠤᠯᠤᠨ᠎ᠠ᠃            ︽ᠰᠠᠨᠠᠭᠤᠯᠤᠮᠵᠢ︾      ᠨᠡᠷ᠎ᠡ ᠮᠡᠳᠡᠭᠦᠯᠬᠦ ᠬᠥᠮᠦᠨ ᠤ ᠲᠤᠭ᠎ᠠ ᠳᠤ ᠳᠡᠭᠡᠳᠦ ᠬᠢᠵᠠᠭᠠᠷ ᠲᠣᠭᠲᠠᠭᠠᠨ᠎ᠠ      ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠵᠢᠩᠬᠢᠨᠢ ᠠᠩᠬᠢ ᠠᠴᠠ ᠲᠤᠰ ᠬᠤᠭᠤᠴᠠᠭᠠᠨ ᠳᠤ ᠲᠡᠭᠦᠰᠦᠭᠰᠡᠳ ᠲᠤᠰ ᠰᠤᠷᠭᠠᠭᠤᠯᠢ ᠶᠢᠨ ᠨᠡᠷ᠎ᠡ ᠮᠡᠳᠡᠭᠦᠯᠬᠦ ᠴᠢᠭ᠋ ᠢ ᠰᠣᠩᠭᠤᠨ ᠨᠡᠷ᠎ᠡ ᠮᠡᠳᠡᠭᠦᠯᠦᠨ᠎ᠡ︔ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠪᠠᠭᠰᠢ ᠶᠢᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠠᠴᠠ ᠲᠤᠰ ᠬᠤᠭᠤᠴᠠᠭᠠᠨ ᠳᠤ ᠲᠡᠭᠦᠰᠦᠭᠰᠡᠳ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠥᠪ ᠢ ᠰᠣᠩᠭᠤᠨ ᠨᠡᠷ᠎ᠡ ᠮᠡᠳᠡᠭᠦᠯᠦᠨ᠎ᠡ︔ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠠᠴᠠ ᠲᠡᠭᠦᠰᠦᠭᠰᠡᠳ ᠤᠯᠠᠭᠠᠨᠬᠠᠳᠠ ᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ ᠮᠡᠳᠡᠭᠦᠯᠦᠨ᠎ᠡ︔ ᠬᠥᠯᠥᠨ ᠪᠤᠶᠢᠷ ᠳᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠠᠴᠠ ᠲᠤᠰ ᠬᠤᠭᠤᠴᠠᠭᠠᠨ ᠳᠤ ᠲᠡᠭᠦᠰᠦᠭᠰᠡᠳ ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠢ ᠰᠣᠩᠭᠤᠨ ᠨᠡᠷ᠎ᠡ ᠮᠡᠳᠡᠭᠦᠯᠦᠨ᠎ᠡ︔ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠵᠢᠩᠬᠢᠨᠢ ᠠᠩᠬᠢ ᠠᠴᠠ ᠲᠤᠰ ᠬᠤᠭᠤᠴᠠᠭᠠᠨ ᠳᠤ ᠲᠡᠭᠦᠰᠦᠭᠰᠡᠳ ᠲᠦᠩᠯᠢᠶᠣᠤ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠬᠠᠮᠢᠶᠠᠷᠤᠯᠲᠠ ᠶᠢᠨ ᠲᠥᠪ ᠢ ᠰᠣᠩᠭᠤᠨ ᠨᠡᠷ᠎ᠡ ᠮᠡᠳᠡᠭᠦᠯᠦᠨ᠎ᠡ︔ ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠠᠴᠠ ᠲᠤᠰ ᠬᠤᠭᠤᠴᠠᠭᠠᠨ ᠳᠤ ᠲᠡᠭᠦᠰᠦᠭᠰᠡᠳ ᠤᠯᠠᠭᠠᠨᠴᠠᠪ ᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠢ ᠰᠣᠩᠭᠤᠨ ᠨᠡᠷ᠎ᠡ ᠮᠡᠳᠡᠭᠦᠯᠦᠨ᠎ᠡ︔ ᠪᠣᠷᠣᠲᠣᠬᠤᠶ ᠳᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠠᠴᠠ ᠲᠤᠰ ᠬᠤᠭᠤᠴᠠᠭᠠᠨ ᠳᠤ ᠲᠡᠭᠦᠰᠦᠭᠰᠡᠳ ᠪᠠᠶᠠᠨᠨᠠᠭᠤᠷ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠢ ᠰᠣᠩᠭᠤᠨ ᠨᠡᠷ᠎ᠡ ᠮᠡᠳᠡᠭᠦᠯᠦᠨ᠎ᠡ᠃ 2017 ᠣᠨ ᠤ ᠠᠰᠫᠢᠷᠠᠨᠲ ᠡᠯᠰᠡᠬᠦ ᠰᠢᠯᠭᠠᠯᠲᠠ ᠳᠤ᠂ ᠨᠡᠷ᠎ᠡ ᠮᠡᠳᠡᠭᠦᠯᠬᠦ 13 ᠴᠢᠭ᠋ ᠨᠢ ᠲᠤᠰ ᠲᠤᠰ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠠᠢ ᠶᠢᠨ ᠬᠡᠪᠴᠢᠶ᠎ᠡ ᠪᠠᠨ ᠦᠨᠳᠦᠰᠦᠯᠡᠨ ᠨᠡᠷ᠎ᠡ ᠮᠡᠳᠡᠭᠦᠯᠦᠨ ᠰᠢᠯᠭᠠᠭᠤᠯᠬᠤ ᠬᠥᠮᠦᠨ ᠤ ᠲᠤᠭ᠎ᠠ ᠶᠢᠨ ᠳᠡᠭᠡᠳᠦ ᠬᠢᠵᠠᠭᠠᠷ ᠵᠢᠴᠢ ᠬᠠᠭᠠᠰ ᠡᠳᠦᠷ ᠪᠦᠷᠢ ᠲᠤᠬᠠᠶ ᠶᠢᠨ ᠲᠠᠯᠠᠪᠠᠶ ᠳᠤ ᠨᠤᠲᠠᠯᠠᠬᠤ ᠬᠦᠮᠦᠨ ᠤ ᠲᠤᠭ᠎ᠠ ᠶᠢᠨ ᠳᠡᠭᠡᠳᠦ ᠬᠢᠵᠠᠭᠠᠷ ᠢ ᠲᠣᠭᠲᠠᠭᠠᠵᠤ᠂ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠴᠠᠭ ᠤᠨ ᠳᠡᠰ ᠳᠠᠷᠠᠭᠠᠯᠠᠯ ᠢᠶᠠᠷ ᠲᠣᠬᠢᠷᠠᠭᠤᠯᠤᠨ᠎ᠠ᠂ ᠨᠡᠷ᠎ᠡ ᠮᠡᠳᠡᠭᠦᠯᠬᠦ ᠬᠦᠮᠦᠨ ᠤ ᠲᠤᠭ᠎ᠠ ᠨᠢ ᠳᠦᠭᠦᠷᠦᠭᠰᠡᠨ ᠤ ᠳᠠᠷᠠᠭ᠎ᠠ ᠰᠡᠭᠦᠯᠴᠢ ᠶᠢᠨ ᠨᠡᠷ᠎ᠡ ᠮᠡᠳᠡᠭᠦᠯᠬᠦ ᠰᠢᠯᠭᠠᠭᠤᠯᠤᠭᠴᠢ ᠲᠤᠰ ᠰᠢᠯᠭᠠᠯᠲᠠ ᠶᠢᠨ ᠴᠢᠭ᠋ ᠢ ᠰᠤᠩᠭᠤᠬᠤ ᠶᠢ ᠵᠤᠭᠰᠤᠭᠠᠨ᠎ᠠ᠂ ᠰᠡᠭᠦᠯᠴᠢ ᠶᠢᠨ ᠨᠡᠷ᠎ᠡ ᠮᠡᠳᠡᠭᠦᠯᠬᠦ ᠰᠢᠯᠭᠠᠭᠤᠯᠤᠭᠴᠢ ᠨᠢ ᠵᠦᠪᠬᠡᠨ ᠬᠦᠮᠦᠨ ᠤ ᠲᠤᠭ᠎ᠠ ᠨᠢ ᠭᠦᠢᠴᠡᠭᠡᠳᠦᠢ ᠪᠤᠰᠤᠳ ᠰᠢᠯᠭᠠᠯᠲᠠ ᠶᠢᠨ ᠴᠢᠭ᠋ ᠢ ᠰᠤᠩᠭᠤᠨ᠎ᠠ᠂ ᠰᠢᠯᠭᠠᠭᠤᠯᠤᠭᠴᠢᠳ ᠡᠷᠲᠡᠬᠡᠨ ᠨᠡᠷ᠎ᠡ ᠮᠡᠳᠡᠭᠦᠯᠦᠭᠡᠷᠡᠢ ᠭᠡᠮᠡᠨ ᠰᠠᠨᠠᠭᠤᠯᠤᠶ᠎ᠠ᠃      ︽ᠦᠨᠡᠮᠰᠢᠬᠦ︾      ᠨᠡᠷ᠎ᠡ ᠮᠡᠳᠡᠭᠦᠯᠬᠦ ᠴᠢᠭ᠋ ᠤᠨ ᠵᠢᠭᠠᠨ ᠲᠣᠭᠲᠠᠭᠠᠭᠰᠠᠨ ᠭᠠᠵᠠᠷ ᠦᠨᠡᠮᠰᠢᠨ᠎ᠡ      ᠰᠢᠯᠭᠠᠭᠤᠯᠤᠭᠰᠠᠳ ᠵᠠᠷᠴᠢᠮ ᠳᠡᠭᠡᠷ᠎ᠡ ᠪᠠᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠳᠤ ᠰᠣᠩᠭᠤᠭᠰᠠᠨ ᠰᠢᠯᠭᠠᠭᠤᠯᠬᠤ ᠴᠢᠭ᠋ ᠤᠨ ᠲᠤᠬᠠᠶ ᠶᠢᠨ ᠲᠠᠯᠠᠪᠠᠶ ᠳᠤ ᠦᠨᠡᠮᠰᠢᠭᠦᠯᠦᠨ᠎ᠡ᠂ ᠣᠨᠳᠣᠣ ᠭᠠᠵᠠᠷ ᠦᠨᠡᠮᠰᠢᠭᠦᠯᠵᠦ ᠪᠣᠯᠬᠤ ᠦᠭᠡᠢ᠃ ᠭᠡᠪᠡᠴᠦ᠂ ᠬᠥᠬᠡᠬᠤᠲᠠ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠠᠴᠠ ᠲᠤᠰ ᠬᠤᠭᠤᠴᠠᠭᠠᠨ ᠳᠤ ᠲᠡᠭᠦᠰᠦᠭᠰᠡᠳ ᠰᠤᠷᠭᠠᠭᠤᠯᠢ ᠳᠤ ᠣᠷᠣᠬᠤ ᠠᠴᠠ ᠡᠮᠦᠨᠡᠬᠢ ᠡᠷᠥᠭᠡ ᠠᠮᠠ ᠶᠢᠨ ᠪᠠᠶᠢᠭ᠎ᠠ ᠭᠠᠵᠠᠷ ᠎ ᠤᠨ ᠠᠶᠢᠮᠠᠭ ᠬᠤᠳᠠ ᠪᠠᠷ ᠢᠶᠠᠨ ᠰᠢᠯᠭᠠᠭᠤᠯᠬᠤ ᠴᠢᠭ᠋ ᠢᠶᠠᠷ ᠰᠣᠩᠭᠤᠭᠰᠠᠨ ᠪᠠᠶᠢᠪᠠᠯ᠂ ᠲᠤᠬᠠᠶ ᠶᠢᠨ ᠲᠠᠯᠠᠪᠠᠶ ᠳᠤ ᠦᠨᠡᠮᠰᠢᠭᠦᠯᠬᠦ ᠭᠠᠵᠠᠷ ᠨᠢ ᠰᠣᠩᠭᠤᠭᠰᠠᠨ ᠰᠢᠯᠭᠠᠭᠤᠯᠬᠤ ᠴᠢᠭ᠋ ᠲᠠᠢ ᠠᠳᠠᠯᠢ ᠦᠭᠡᠢ ᠪᠠᠶᠢᠵᠤ ᠪᠣᠯᠣᠨ᠎ᠠ᠃ ᠪᠣᠳᠠᠲᠠᠶ ᠪᠠᠷ ᠬᠡᠯᠡᠪᠡᠯ ᠳᠣᠣᠷᠠᠬᠢ ᠮᠡᠲᠦ᠄ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠳᠠᠯ ᠦᠢᠯᠡᠰ ᠴᠣᠭᠴᠠᠯᠠᠬᠤ ᠳᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠠᠴᠠ ᠲᠤᠰ ᠬᠤᠭᠤᠴᠠᠭᠠᠨ ᠳᠤ ᠲᠡᠭᠦᠰᠬᠦ ᠰᠤᠷᠤᠭᠴᠢᠳ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠲᠤᠬᠠᠶ ᠶᠢᠨ ᠲᠠᠯᠠᠪᠠᠶ ᠶᠢᠨ ᠦᠨᠡᠮᠰᠢᠭᠦᠯᠦᠯᠲᠠ ᠬᠢᠯᠭᠡᠵᠦ ᠪᠣᠯᠣᠨ᠎ᠠ︔ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ︵ᠰᠢᠨ᠎ᠡ ᠲᠣᠭᠤᠷᠢᠭ︶᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠤᠩ ᠳ᠋ᠧ ᠳᠡᠭᠡᠳᠦ ᠰᠤᠷᠭᠠᠭᠤᠯᠢ᠂ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠠᠴᠠ ᠲᠤᠰ ᠬᠤᠭᠤᠴᠠᠭᠠᠨ ᠳᠤ ᠲᠡᠭᠦᠰᠬᠦ ᠰᠣᠷᠣᠭᠴᠢᠳ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠲᠤᠬᠠᠶ ᠶᠢᠨ ᠲᠠᠯᠠᠪᠠᠶ ᠶᠢᠨ ᠦᠨᠡᠮᠰᠢᠭᠦᠯᠦᠯᠲᠠ ᠬᠢᠯᠭᠡᠵᠦ ᠪᠣᠯᠣᠨ᠎ᠠ︔ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠵᠢᠩᠬᠢᠨᠢ ᠠᠩᠬᠢ ᠠᠴᠠ ᠲᠤᠰ ᠬᠤᠭᠤᠴᠠᠭᠠᠨ ᠳᠤ ᠲᠡᠭᠦᠰᠬᠦ ᠰᠣᠷᠣᠭᠴᠢᠳ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠳᠤ ᠲᠤᠬᠠᠶ ᠶᠢᠨ ᠲᠠᠯᠠᠪᠠᠶ ᠶᠢᠨ ᠦᠨᠡᠮᠰᠢᠭᠦᠯᠦᠯᠲᠠ ᠬᠢᠯᠭᠡᠵᠦ ᠪᠣᠯᠣᠨ᠎ᠠ︔ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ︵ᠵᠢᠨᠴᠤᠸᠠᠨ ᠲᠣᠭᠤᠷᠢᠭ︶᠎ ᠶᠢᠨ ᠵᠢᠩᠬᠢᠨᠢ ᠠᠩᠬᠢ ᠠᠴᠠ ᠲᠤᠰ ᠬᠤᠭᠤᠴᠠᠭᠠᠨ ᠳᠤ ᠲᠡᠭᠦᠰᠬᠦ ᠰᠣᠷᠣᠭᠴᠢᠳ ᠥᠪᠡᠷ ᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠳᠡᠭᠡᠨ ᠰᠣᠩᠭᠤᠭᠰᠠᠨ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠪᠤᠶᠤ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠲᠤᠬᠠᠶ ᠶᠢᠨ ᠲᠠᠯᠠᠪᠠᠶ ᠶᠢᠨ ᠦᠨᠡᠮᠰᠢᠭᠦᠯᠦᠯᠲᠠ ᠬᠢᠯᠭᠡᠵᠦ ᠪᠣᠯᠣᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号