ᠪᠦᠬᠦ ᠣᠷᠣᠨ ᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠦᠮᠦᠵᠢᠬᠦᠯᠬᠦ ᠠᠵᠢᠯ ᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/9/28
     2016 ᠤᠨ ᠤ 9 ᠳ᠋ᠤᠭᠡᠷ ᠰᠠᠷ᠎ᠠ ᠶᠢᠨ 26᠎ ᠤ ᠡᠳᠦᠷ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠠᠴᠠ  ᠪᠦᠬᠦ ᠣᠷᠣᠨ ᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠦᠮᠦᠵᠢᠬᠦᠯᠬᠦ ᠠᠵᠢᠯ ᠤᠨ ᠶᠠᠷᠢᠯᠴᠠᠬᠤ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃      ᠡᠨᠡ ᠤᠳᠠᠭᠠᠨ ᠤ ᠬᠤᠷᠠᠯ ᠪᠣᠯ ᠮᠠᠨ ᠤ ᠣᠷᠣᠨ ᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠦᠮᠦᠵᠢᠬᠦᠯᠬᠦ ᠠᠵᠢᠯ ᠢ ᠪᠦᠬᠦ ᠲᠠᠯ᠎ᠠ ᠪᠠᠷ ᠰᠤᠳᠤᠯᠤᠨ ᠪᠠᠶᠢᠷᠢᠯᠠᠭᠤᠯᠬᠤ ᠴᠢᠬᠤᠯᠠ ᠬᠤᠷᠠᠯ ᠪᠤᠯᠤᠨ᠎ᠠ᠂ ᠭᠤᠣᠯ ᠡᠭᠦᠷᠭᠡ ᠨᠢ ᠪᠣᠯ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ 1 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠂ ᠶᠡᠷᠦᠩᠬᠡᠶ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠤᠯᠤᠨ ᠪᠦᠬᠦ ᠤᠯᠤᠰ ᠤᠨ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠳ ᠢ ᠬᠦᠮᠦᠵᠢᠬᠦᠯᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠦᠮᠦᠵᠢᠬᠦᠯᠬᠦ ᠠᠵᠢᠯ ᠤᠨ ᠲᠤᠷᠰᠢᠯᠭ᠎ᠠ ᠪᠤᠯᠤᠨ ᠦᠷ᠎ᠡ ᠪᠦᠲᠦᠮᠵᠢ ᠶᠢ ᠳ᠋ᠦᠡᠭᠨᠡᠵᠤ᠂ ᠰᠢᠨ᠎ᠡ ᠱᠠᠲᠤᠨ ᠤ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠦᠮᠦᠵᠢᠬᠦᠯᠬᠦ ᠪᠠ ᠲᠠᠷᠢᠶᠠᠯᠠᠩ ᠤᠨ ᠷᠠᠳᠢᠤ᠋ ᠲᠧᠯᠸᠢᠰ ᠤᠨ ᠰᠤᠷᠭᠠᠭᠤᠯᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠭᠴᠢᠳ ᠤᠨ ᠡᠩᠨᠡᠭᠡ ᠶᠢ ᠨᠡᠩ ᠰᠠᠶᠢᠨ ᠨᠡᠩ ᠲᠦᠷᠭᠡᠨ ᠬᠥᠮᠦᠵᠢᠭᠦᠯᠬᠦ ᠶᠠᠪᠤᠳᠠᠯ ᠪᠤᠯᠤᠨ᠎ᠠ᠃      ᠬᠤᠷᠠᠯ ᠳᠤ ᠤᠷᠤᠯᠴᠠᠭᠰᠠᠨ ᠲᠠᠪᠤᠨ ᠲᠥᠯᠥᠭᠡᠯᠡᠭᠴᠢ ᠠᠳᠠᠯᠢ ᠪᠤᠰᠤ ᠲᠡᠰ ᠳᠠᠪᠬᠤᠷᠭ᠎ᠠ᠂ ᠠᠳᠠᠯᠢ ᠪᠤᠰᠤ ᠬᠠᠷᠠᠭᠠᠰᠤ ᠠᠴᠠ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠦᠮᠦᠵᠢᠬᠦᠯᠬᠦ ᠲᠤᠷᠰᠢᠯᠭ᠎ᠠ ᠪᠤᠯᠤᠨ ᠠᠷᠭ᠎ᠠ ᠪᠠᠨ ᠲᠠᠨᠢᠯᠴᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠭᠠᠵᠠᠷ ᠤᠨ ᠳᠠᠷᠤᠭ᠎ᠠ ᠵᠠᠩ ᠰᠢᠤ ᠴᠢᠩ ᠠᠴᠠ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠳ ᠢ ᠬᠦᠮᠦᠵᠢᠬᠦᠯᠬᠦ ᠠᠵᠢᠯ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠳᠤ ᠲᠠᠶᠢᠯᠤᠮᠵᠢ ᠬᠢᠵᠦ᠂ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠳᠠᠷᠤᠭ᠎ᠠ ᠵᠢᠶ ᠭᠤᠸᠠᠩ ᠳ᠋ᠧ ᠠᠴᠠ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠦᠮᠦᠵᠢᠬᠦᠯᠬᠦ ᠠᠵᠢᠯ ᠤᠨ ᠰᠢᠰᠲ᠋ᠧᠮᠵᠢ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢᠨ ᠲᠤᠬᠠᠢ ᠲᠤᠰᠬᠠᠶ ᠰᠡᠳᠦᠪᠲᠦ ᠶᠠᠷᠢᠶ᠎ᠠ ᠲᠠᠯᠪᠢᠪᠠ᠃      ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠤᠤ ᠶᠦᠡᠭ ᠬᠤᠸᠠ ᠶᠠᠷᠢᠶᠠᠨ ᠳᠠᠭᠠᠨ ᠮᠠᠨ ᠤ ᠣᠷᠣᠨ ᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠦᠮᠦᠵᠢᠬᠦᠯᠬᠦ ᠠᠵᠢᠯ ᠤᠨ ᠲᠠᠯ᠎ᠠ ᠪᠠᠷ  ᠬᠢᠭᠰᠡᠨ ᠠᠰᠢᠭᠲᠠᠶ ᠬᠠᠶᠢᠨ ᠰᠥᠪᠡᠭᠴᠢᠯᠡᠯᠲᠡ ᠶᠢ ᠨᠤᠲᠠᠯᠠᠵᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠦᠮᠦᠵᠢᠬᠦᠯᠬᠦ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠬᠦᠯᠬᠦ ᠶᠢ ᠴᠢᠬᠤᠯᠠᠴᠢᠯᠠᠭᠰᠠᠨ ᠤ ᠬᠠᠮᠲᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠦᠮᠦᠵᠢᠬᠦᠯᠬᠦ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠳᠤᠯᠤᠭᠠᠨ ᠵᠤᠷᠪᠤᠰ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃      ᠨᠢᠭᠡ ᠳᠤ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ᠃ ᠬᠤᠶᠠᠷ ᠲᠤ ᠦᠯᠢᠭᠡᠷ ᠵᠢᠱᠢᠶ᠎ᠡ ᠶᠢᠨ ᠪᠣᠯᠪᠠᠰᠤᠷᠠᠭᠤᠯᠤᠯ ᠢ ᠰᠠᠶᠢᠲᠤᠷ ᠠᠳᠬᠤᠬᠤ ᠬᠡᠷᠡᠭᠲᠡᠶ᠃ ᠭᠤᠷᠪᠠ ᠳᠤ ᠮᠦᠷᠳᠡᠨ ᠦᠢᠯᠡᠴᠢᠯᠡᠬᠦ ᠶᠢ ᠴᠢᠩᠭᠠᠳᠬᠠᠬᠤ ᠬᠡᠷᠡᠭᠲᠡᠶ᠃ ᠲᠦᠷᠪᠡ ᠳᠤ ᠬᠦᠮᠦᠵᠢᠬᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠲᠠᠪᠤ ᠳᠤ ᠪᠡᠯᠡ ᠮᠥᠩᠭᠦ ᠶᠢᠨ ᠬᠡᠷᠡᠭᠯᠡᠭᠡ ᠶᠢ ᠵᠢᠷᠤᠮᠵᠢᠭᠤᠯᠬᠤ ᠬᠡᠷᠡᠭᠲᠡᠶ᠃ ᠵᠢᠷᠭᠤᠭ᠎ᠠ ᠳᠤ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠢ ᠴᠢᠩᠭᠠᠳᠬᠠᠬᠤ ᠬᠡᠷᠡᠭᠲᠡᠶ᠃ ᠳᠤᠯᠤᠭ᠎ᠠ ᠳᠤ ᠤᠬᠠᠭᠤᠯᠤᠨ ᠬᠥᠲᠥᠯᠥᠨ ᠵᠢᠯᠣᠭᠤᠳᠬᠤ ᠲᠣᠭᠲᠠᠴᠠ ᠶᠢ ᠪᠠᠶᠢᠭᠤᠯᠬᠤ ᠬᠡᠷᠡᠭᠲᠡᠶ ᠬᠡᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号