ᠯᠢ ᠵᠢᠢ ᠾᠧᠩ ᠪᠦ᠋ ᠰᠢᠶᠤᠤ ᠯᠢᠨ ᠡᠯᠡᠰᠦ ᠶᠢ ᠵᠠᠰᠠᠭᠰᠠᠨ ᠪᠠᠭᠠᠳᠤᠷ ᠰᠦᠭᠡ ᠶᠢ ᠪᠤᠯᠭᠤᠭᠠᠨ ᠦᠵᠡᠵᠠᠢ
ᠨᠡᠶᠢᠲᠡᠯᠡᠭᠰᠡᠨ ᠴᠠᠭ᠄
2016/9/28
     9 ᠳ᠋ᠤᠭᠡᠷ ᠰᠠᠷ᠎ᠠ ᠶᠢᠨ 27᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ᠂ ᠦᠪᠡᠷᠲᠡᠭᠡᠨ ᠵᠠᠰᠠᠬᠤ ᠤᠷᠤᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠠᠯᠠᠱᠠ ᠠᠶᠢᠮᠠᠬ ᠤᠨ ᠡᠵᠡᠨ᠎ᠠ ᠬᠤᠰᠢᠭᠤᠨ ᠳᠤ ᠪᠠᠶᠢᠴᠠᠭᠠᠨ ᠰᠤᠳᠤᠯᠬᠤ ᠬᠤᠭᠤᠴᠠᠭᠠᠨ ᠳᠠᠭᠠᠨ ᠡᠯᠡᠰᠦ ᠶᠢ ᠵᠠᠰᠠᠭᠰᠠᠨ ᠵᠢᠱᠢᠶᠡᠴᠢ ᠪᠠᠭᠠᠲᠤᠷ ᠰᠦᠬᠡ ᠶᠢ ᠲᠤᠳᠤᠨᠤ ᠪᠠᠷ ᠪᠤᠯᠭᠤᠭᠠᠨ ᠦᠵᠡᠪᠡ᠃      9 ᠳ᠋ᠤᠭᠡᠷ ᠰᠠᠷ᠎ᠠ ᠶᠢᠨ 27᠎ ᠤ ᠡᠳᠦᠷ᠂ ᠠᠯᠠᠱᠠ ᠠᠶᠢᠮᠠᠬ ᠤᠨ ᠡᠵᠡᠨ᠎ᠠ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠵᠦ ᠪᠠᠶᠢᠭᠰᠠᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ᠂ ᠦᠪᠡᠷᠲᠡᠭᠡᠨ ᠵᠠᠰᠠᠬᠤ ᠤᠷᠤᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠡᠯᠡᠰᠦ ᠶᠢ ᠵᠠᠰᠠᠭᠰᠠᠨ ᠪᠠᠭᠠᠳᠤᠷ ᠰᠦᠭᠡ ᠶᠢ ᠳᠤᠳᠤᠨᠤ ᠪᠠᠷ ᠪᠤᠯᠭᠤᠭᠠᠨ ᠦᠵᠡᠵᠦ᠂ ᠪᠦᠬᠦ ᠤᠷᠤᠨ ᠤ ᠨᠠᠮ ᠤᠨ ᠭᠡᠰᠢᠬᠦᠨ ᠺᠠᠳ᠋ᠷ ᠢ ᠰᠦᠭᠡ ᠨᠦᠬᠦᠷ ᠠᠴᠠ ᠲᠠᠭᠠᠨ ᠰᠤᠷᠤᠯᠴᠠᠵᠦ᠂ ᠪᠤᠬᠢᠷᠳᠤᠯ ᠦᠭᠡᠢ ᠬᠦᠭᠵᠢᠯᠳᠠ ᠶᠢᠨ ᠣᠨᠣᠯᠵᠢᠬᠤᠨ ᠢ ᠦᠢᠯᠡᠳᠦᠯᠭᠡᠵᠢᠬᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠤᠭᠴᠠᠯᠠᠰᠤᠭᠠᠢ ᠭᠡᠵᠦ ᠤᠷᠢᠶᠡᠯᠡᠪᠡ᠃      ᠯᠢ ᠵᠢᠢ ᠾᠧᠩ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠮᠦᠨ᠎ᠠ ᠠᠴᠠ ᠰᠦᠭᠡ ᠶᠢ ᠲᠤᠬᠤᠨᠢᠭᠤᠯᠬᠤ ᠶᠢᠨ ᠬᠠᠮᠳᠦ ᠡᠷᠬᠢᠮ ᠳᠡᠭᠡᠳᠦ ᠬᠦᠨᠳᠦᠳᠭᠡᠯ ᠲᠡᠪᠰᠢᠬᠦᠯᠵᠦ ᠪᠠᠶᠢᠬᠤ ᠪᠠᠨ ᠢᠯᠡᠳᠭᠡᠪᠡ᠃ ᠲᠡᠷᠡ ᠰᠦᠭᠡ ᠳᠤ᠂ ᠪᠢ ᠲᠠᠨ ᠤ ᠮᠤᠳᠤ ᠵᠠᠶᠢᠯᠠᠨ ᠡᠯᠡᠰᠦ ᠶᠢ ᠵᠠᠰᠠᠭᠰᠠᠨ ᠲᠡᠷᠢᠬᠦᠨ ᠤ ᠦᠢᠯᠡ ᠠᠵᠢᠯᠯᠠᠭ᠎ᠠ ᠶᠢ ᠠᠯᠢ ᠡᠷᠳᠡ ᠰᠤᠨᠤᠰᠴᠠᠢ᠂ ᠨᠢᠭᠡᠨ ᠲᠢᠩᠬᠢᠮ ᠤᠨ ᠲᠡᠰ ᠤᠨ ᠺᠠᠳ᠋ᠷ ᠪᠤᠯᠤᠭᠰᠠᠨ ᠤ ᠬᠤᠪᠢ ᠳᠤ᠂ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠠᠮᠤᠷ ᠲᠠᠶᠢᠪᠤᠩ ᠬᠤᠳᠠ ᠶᠢᠨ ᠠᠮᠢᠳᠤᠷᠠᠯ ᠢ ᠲᠠᠶᠠᠭᠳᠠᠵᠦ᠂ ᠦᠨᠳᠦᠰᠦᠨ ᠱᠠᠳᠤᠨ ᠤ ᠤᠯᠠᠨ ᠲᠦᠮᠡᠨ ᠲᠠᠢ ᠬᠠᠮᠳᠤ ᠠᠵᠢᠯᠯᠠᠵᠦ᠂ ᠠᠷᠪᠡᠨ ᠭᠡᠳᠦᠨ ᠵᠢᠯ ᠤᠨ ᠲᠤᠷᠰᠢ ᠮᠤᠳᠤ ᠵᠠᠶᠢᠯᠠᠵᠦ ᠡᠯᠡᠰᠦ ᠶᠢ ᠵᠠᠰᠠᠨ᠂ ᠡᠯᠡᠰᠦᠨ ᠴᠦᠯ ᠳᠤᠮᠳᠠ ᠨᠤᠭᠤᠭᠠᠨ ᠪᠦᠷᠢᠳᠦ ᠶᠢ ᠪᠠᠶᠢᠭᠤᠯᠵᠠᠢ᠂ ᠪᠢ ᠡᠬᠦᠨ ᠳᠤ ᠮᠠᠰᠢᠳᠠ ᠲᠤᠭᠳᠤᠯᠵᠦ᠂ ᠬᠦᠨᠳᠦᠳᠭᠡᠯ ᠲᠡᠪᠰᠢᠬᠦᠯᠵᠦ ᠪᠠᠶᠢᠨ᠎ᠠ᠃ ᠲᠠᠨ ᠤ ᠡᠷᠡᠰ ᠪᠠᠳᠤ ᠬᠠᠳᠠᠨ ᠵᠤᠷᠢᠭ᠂ ᠭᠤᠶᠠᠴᠢ ᠦᠭᠡᠢ ᠵᠢᠳᠬᠦᠬᠦ ᠬᠡᠪ ᠪᠤᠯᠪᠠᠰᠤᠷᠠᠯ ᠨᠢ ᠲᠠᠯ᠎ᠠ ᠨᠤᠳᠤᠭ ᠤᠨ ᠠᠭᠤᠳᠠᠮ ᠴᠡᠬᠡᠵᠢ᠂ ᠲᠤᠤᠷᠠᠢ ᠶᠢᠨ ᠵᠤᠷᠢᠭ ᠰᠠᠨᠠᠭ᠎ᠠ ᠶᠢ ᠬᠠᠷᠠᠭᠤᠯᠵᠠᠢ᠃ ᠲᠠ ᠪᠤᠯ ᠠᠯᠠᠱᠠ ᠶᠢᠨ ᠡᠯᠡᠰᠦ ᠶᠢ ᠵᠠᠰᠠᠭᠰᠠᠨ ᠲᠠᠭᠤᠷᠢᠶᠠᠯ ᠪᠤᠯᠬᠤ ᠪᠠᠷ ᠦᠯᠦ ᠪᠠᠷᠠᠮ ᠪᠠᠰᠠ ᠥᠪᠦᠷ ᠮᠤᠩᠭᠤᠯ ᠤᠨ ᠡᠯᠡᠰᠦ ᠶᠢ ᠵᠠᠰᠠᠭᠰᠠᠨ ᠳᠠᠭᠤᠷᠢᠶᠠᠯ᠂ ᠨᠡᠩ ᠴᠦ ᠪᠦᠬᠦ ᠤᠯᠤᠰ ᠤᠨ ᠡᠯᠡᠰᠦ ᠶᠢ ᠵᠠᠰᠠᠭᠰᠠᠨ ᠳᠠᠭᠤᠷᠢᠶᠠᠯ ᠮᠦᠨ ᠭᠡᠵᠦ ᠭᠡᠯᠡᠪᠡ᠃      ︽ᠤᠳᠤ ᠲᠠᠨ ᠤ ᠪᠡᠶ᠎ᠠ ᠮᠠᠬᠠᠪᠤᠳ ᠰᠠᠶᠢᠨ ᠦᠦ︖︾᠂ ︽ᠶᠠᠮᠠᠷ ᠬᠦᠴᠢᠷ ᠪᠠᠶᠢᠨ᠎ᠠ︖︾᠂ ︽ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠶᠢᠨ ᠪᠦᠳᠤᠬᠡᠨ ᠪᠠᠶᠢᠭᠤᠯᠤᠯᠳᠠ ᠳᠤ ᠶᠠᠮᠠᠷ ᠰᠠᠶᠢᠨ ᠰᠠᠨᠠᠭᠤᠯᠭ᠎ᠠ ᠪᠠᠶᠢᠬᠤ ᠪᠤᠢ︖︾ ᠭᠡᠬᠦ ᠵᠡᠷᠭᠡ ᠪᠠᠷ ᠯᠢ ᠵᠢᠢ ᠡᡁᠧᠩ ᠰᠦᠬᠡ ᠠᠴᠠ ᠬᠠᠯᠠᠮᠵᠢᠯᠠᠨ ᠠᠰᠠᠭᠤᠵᠤ᠂ ᠭᠡᠷ ᠤᠨ ᠵᠤᠭᠤᠬ ᠲᠡᠯᠭᠡᠪᠡ᠃ ᠰᠦᠬᠡ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠶᠠᠷᠤ ᠠᠴᠠ ᠮᠤᠳᠤ ᠵᠠᠶᠢᠯᠠᠵᠦ ᠤᠢᠢᠵᠢᠭᠤᠯᠬᠤ᠂ ᠠᠮᠢ ᠠᠬᠤᠢ ᠶᠢᠨ ᠵᠠᠰᠠᠯᠳᠠ ᠬᠢᠬᠦ ᠶᠢ ᠮᠠᠰᠢ ᠴᠢᠬᠤᠯᠠᠴᠢᠯᠠᠵᠤ᠂ ᠤᠯᠠᠨ ᠵᠢᠯ ᠤᠨ ᠴᠢᠷᠮᠠᠶᠢᠯᠭ᠎ᠠ ᠪᠠᠷ ᠲᠠᠮᠵᠢᠭᠤᠯᠵᠤ᠂ ᠠᠯᠠᠱᠠ ᠤᠷᠤᠨ ᠤ ᠠᠮᠢ ᠠᠬᠤᠢ ᠶᠡᠭᠡ ᠰᠠᠶᠢᠵᠢᠷᠠᠯᠳᠠ ᠲᠠᠢ ᠪᠤᠯᠵᠤ᠂ ᠡᠵᠡᠨ᠎ᠠ ᠬᠤᠰᠢᠭᠤᠨ ᠤ ᠲᠤᠤᠷᠠᠢ ᠶᠢᠨ ᠤᠢ 30 ᠲᠦᠮᠡᠨ ᠮᠤ᠋ ᠠᠴᠠ 44 ᠲᠦᠮᠡᠨ ᠮᠦ ᠪᠤᠯᠵᠤ ᠨᠡᠮᠡᠭᠳᠠᠪᠠ ᠬᠡᠵᠤ ᠬᠡᠯᠠᠵᠠᠢ᠃      ᠯᠢ ᠵᠢᠢ ᠡᡁᠧᠩ᠂ ᠠᠭᠤᠤ ᠶᠡᠭᠡ ᠦᠢᠯᠡ ᠶᠠᠷᠤᠮᠳᠡᠭ ᠵᠦᠢᠯ ᠠᠴᠠ ᠪᠤᠢ ᠪᠤᠯᠳᠠᠬ᠂ ᠰᠦᠬᠡ ᠨᠦᠬᠦᠷ ᠠᠷᠪᠠᠨ ᠬᠡᠳᠤᠨ ᠵᠢᠯ ᠢ ᠨᠢᠬᠡ ᠯᠡ ᠡᠳᠤᠷ ᠮᠡᠳᠤ ᠪᠠᠷ ᠡᠯᠡᠰᠤᠨ ᠴᠦᠯ ᠳᠤ ᠮᠤᠳᠤ ᠲᠠᠷᠢᠵᠤ ᠡᠯᠡᠰᠤ ᠶᠢ ᠵᠠᠰᠠᠵᠤ᠂ ᠡᠯᠡᠰᠤᠨ ᠴᠦᠯ ᠢ ᠨᠤᠭᠤᠭᠠᠨ ᠪᠦᠷᠢᠳᠤ ᠪᠤᠯᠭᠠᠪᠠ᠃ ᠨᠤᠭᠤᠭᠠᠨ ᠪᠤᠯ ᠠᠮᠢ ᠨᠠᠰᠤ᠂ ᠨᠤᠭᠤᠭᠠᠨ ᠪᠤᠯ ᠤᠷᠴᠢᠨ ᠲᠤᠭᠤᠷᠢᠨ ᠤ ᠬᠠᠮᠠᠭᠠᠯᠠᠯᠳᠠ᠂ ᠨᠤᠭᠤᠭᠠᠨ ᠪᠤᠯ ᠦᠷᠬᠦᠯᠵᠢᠯᠡᠬᠦ ᠬᠦᠭᠵᠢᠯᠳᠠ᠂ ᠨᠤᠭᠤᠭᠠᠨ ᠪᠤᠯ ᠪᠠᠯᠠᠷᠠᠰᠢ ᠦᠬᠡᠢ ᠠᠮᠢᠯᠠᠯ ᠪᠤᠯᠤᠨ᠎ᠠ᠃ ᠪᠦᠬᠦ ᠤᠷᠤᠨ ᠤ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠪᠤᠯᠤᠨ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠰᠦᠬᠡ ᠨᠦᠬᠦᠷ ᠠᠴᠠ ᠰᠤᠷᠤᠯᠴᠠᠵᠤ᠂ ︽ᠲᠠᠪᠤᠨ ᠶᠡᠭᠡ ᠬᠦᠭᠵᠢᠯᠳᠠ ᠶᠢᠨ ᠣᠨᠣᠯᠵᠢᠬᠤᠨ︾᠎ ᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠤᠷ ᠮᠤᠩᠭᠤᠯ ᠤᠨ ᠠᠮᠢ ᠠᠬᠤᠢ ᠶᠢᠨ ᠪᠦᠳᠤᠬᠡᠨ ᠪᠠᠶᠢᠭᠤᠯᠤᠯᠳᠠ ᠳᠤ ᠪᠤᠳᠠᠳᠠᠢ ᠠᠵᠢᠯ ᠤᠨ ᠠᠮᠵᠢᠯᠳᠠ ᠦᠯᠡᠳᠡᠬᠡᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠡᠬᠡ ᠭᠠᠵᠠᠷ ᠲᠠᠭᠠᠨ ᠪᠢᠴᠢᠭᠯᠡᠵᠦ᠂ ᠦᠨᠳᠤᠰᠤᠳᠠᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠪᠢᠴᠢᠭᠯᠡᠬᠦ ᠭᠡᠷᠡᠭᠳᠠᠢ ᠬᠡᠵᠤ ᠬᠡᠯᠡᠪᠡ᠃ ᠰᠦᠬᠡ᠂ ᠯᠢ ᠵᠢᠢ ᠡᡁᠧᠩ ᠱᠦᠵᠢ ᠶᠢᠨ ᠬᠦᠰᠡᠯ ᠨᠠᠶᠢᠳᠠᠯᠭ᠎ᠠ ᠶᠢ ᠪᠠᠳᠤ ᠴᠡᠬᠡᠵᠢᠯᠠᠵᠤ᠂ ᠠᠬᠠᠰᠢᠷᠠᠵᠤ ᠪᠠᠶᠢᠪᠠᠴᠤ ᠠᠯᠤᠰ ᠤᠨ ᠬᠦᠰᠡᠯᠠᠩ ᠲᠠᠢ᠂ ᠴᠢᠷᠮᠠᠶᠢᠬᠰᠠᠨ ᠲᠡᠭᠡᠷ᠎ᠠ ᠪᠠᠨ ᠴᠢᠷᠮᠠᠶᠢᠵᠤ᠂ ᠪᠠᠭ᠎ᠠ ᠶᠠᠪᠤᠳᠠᠯ ᠠᠴᠠ ᠡᠬᠢᠯᠠᠨ ᠬᠢᠵᠤ᠂ ︽ᠲᠡᠨᠡᠭ ᠡᠪᠤᠬᠡᠨ ᠡᠯᠡᠰᠤ ᠶᠢ ᠵᠠᠰᠠᠬᠰᠠᠨ︾ ᠰᠢᠨ᠎ᠠ ᠬᠠᠭᠤᠳᠠᠰᠤ ᠶᠢ ᠦᠷᠬᠦᠯᠵᠢᠯᠠᠨ ᠪᠢᠴᠢᠭᠯᠡᠨ᠎ᠡ ᠬᠡᠵᠤ ᠢᠯᠡᠳᠬᠡᠪᠡ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ ᠵᠠᠩ ᠶᠤᠸᠠᠨ ᠵᠦᠩ ᠪᠤᠯᠤᠨ ᠠᠯᠠᠱᠠ ᠠᠶᠢᠮᠠᠬ ᠤᠨ ᠭᠤᠤᠯ ᠬᠠᠷᠢᠭᠤᠴᠠᠯᠭᠠᠳᠠᠨ ᠨᠦᠬᠦᠳ ᠪᠠᠷ᠎ᠠ ᠪᠤᠯᠵᠤ ᠪᠤᠯᠭᠤᠭᠠᠨ ᠦᠵᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号