| | 9 ᠳ᠋ᠦ᠋ᠭᠡᠷ ᠰᠠᠷ᠎ᠠ ᠶᠢᠨ 26 ᠤ ᠡᠳᠦᠷ᠂ ᠪᠦᠬᠦ ᠣᠷᠣᠨ ᠤ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ | ᠲᠡᠮᠳᠡᠭᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ | ᠰᠢᠷᠣᠢ ᠡᠬᠡ ᠪᠠᠶᠠᠯᠢᠭ ᠤᠨ ᠲᠢᠩᠬᠢᠮ ᠳᠤ ᠬᠤᠷᠠᠯᠳᠤᠪᠠ᠃ ᠬᠤᠷᠠᠯ ᠨᠢ ᠡᠯ᠎ᠡ ᠠᠶᠢᠮᠠᠭ ᠬᠤᠲᠠ ᠶᠢᠨ ᠪᠦᠬᠦ ᠣᠷᠣᠨ ᠤ | ᠥᠯᠥ ᠬᠥᠳᠡᠯᠬᠦ ᠬᠥᠷᠥᠩᠭᠡ ᠶᠢᠨ ᠠᠵᠢᠯ ᠤᠨ ᠠᠵᠢᠯᠯᠠᠭᠠᠨ ᠤ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ | ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃ ᠬᠥᠬᠡᠬᠤᠲᠠ ᠳᠤ ᠪᠠᠶᠢᠭ᠎ᠠ ᠲᠢᠩᠬᠢᠮ ᠤᠨ | ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠤᠨ ᠳᠠᠷᠤᠭ᠎ᠠ ᠵᠠᠩ ᠯᠢ ᠫᠢᠩ ᠵᠢᠭᠠᠭᠰᠠᠨ ᠨᠢ᠄ | ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠶ᠃ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ | ᠲᠡᠮᠳᠡᠭᠯᠡᠬᠦ ᠪᠣᠯ ᠨᠢᠭᠡᠨ ᠴᠢᠬᠤᠯᠠ ᠳᠦᠷᠢᠮ ᠤᠨ ᠴᠢᠨᠠᠷᠲᠠᠶ ᠲᠣᠬᠢᠷᠠᠭᠤᠯᠤᠯᠲᠠ᠂ ᠳᠦᠷᠢᠮ ᠤᠨ ᠴᠢᠨᠠᠷᠲᠠᠶ | ᠥᠭᠡᠷᠡᠴᠢᠯᠡᠯᠲᠡ ᠮᠥᠨ᠂ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ᠦᠨᠳᠦᠰᠦᠨ ᠵᠠᠩᠭᠢᠯᠠᠭ᠎ᠠ ᠮᠥᠨ᠃ ᠬᠤᠶᠠᠷ ᠲᠤ ᠲᠦᠷᠦ ᠶᠢᠨ ᠶᠠᠪᠤᠳᠠᠯ ᠤᠨ ᠬᠤᠷᠢᠶᠠᠨ ᠤ ︽ | ᠲᠦᠷᠢᠮ︾ ᠢ ᠡᠷᠡᠰ ᠲᠤᠤᠱᠯᠠᠭᠤᠯᠬᠤ ᠬᠡᠷᠡᠭᠲᠡᠶ᠃ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠶ ᠲᠡᠮᠳᠡᠭᠯᠡᠬᠦ | ᠳᠦᠷᠢᠮ ᠢ ᠬᠡᠷᠡᠭᠵᠢᠭᠦᠯᠬᠦ ᠶᠢᠨ ᠲᠥᠯᠥᠭᠡ᠂ ᠲᠦᠷᠦ ᠶᠢᠨ ᠶᠠᠪᠤᠳᠠᠯ ᠤᠨ ᠬᠤᠷᠢᠶ᠎ᠠ 2014 ᠣᠨ ᠤ 11 ᠳ᠋ᠦ᠋ᠭᠡᠷ | ᠰᠠᠷ᠎ᠠ ᠶᠢᠨ 24 ᠤ ᠡᠳᠦᠷ ︽ᠥᠯᠥ ᠬᠥᠳᠡᠯᠬᠦ ᠬᠥᠷᠥᠩᠭᠡ ᠶᠢ ᠲᠡᠮᠳᠡᠭᠯᠡᠬᠦ ᠲᠦᠷ ᠬᠡᠷᠡᠭᠵᠢᠭᠦᠯᠬᠦ ᠳᠦᠷᠢᠮ︾ ᠢ | ᠲᠣᠭᠲᠠᠭᠠᠨ ᠨᠡᠶᠢᠲᠡᠯᠡᠪᠡ᠂ ᠲᠤᠬᠠᠶᠢᠯᠠᠪᠠᠯ ᠲᠦᠷᠦ ᠶᠢᠨ ᠶᠠᠪᠤᠳᠠᠯ ᠤᠨ ᠬᠤᠷᠢᠶᠠᠨ ᠤ 656 ᠳ᠋ᠤᠭᠠᠷ ᠲᠣᠭᠠᠲᠤ ᠵᠠᠷᠯᠢᠭ | ᠪᠣᠯᠣᠨ᠎ᠠ᠃ ᠭᠤᠷᠪᠠ ᠳᠤ᠂ ᠪᠦᠬᠦ ᠵᠢᠯ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠲᠢᠩᠬᠢᠮ ᠤᠨ ᠳᠠᠷᠤᠭ᠎ᠠ ᠵᠠᠩ ᠯᠢ ᠫᠢᠩ ᠴᠢᠬᠤᠯᠠᠴᠢᠯᠠᠭᠰᠠᠨ ᠨᠢ᠂ ᠨᠢᠭᠡ ᠳᠤ ᠮᠡᠳᠡᠭᠡ ᠵᠠᠩᠭᠢ ᠪᠠᠨ ᠬᠠᠷᠢᠯᠴᠠᠨ | ᠨᠡᠪᠲᠡᠷᠡᠭᠦᠯᠵᠦ ᠬᠠᠮᠲᠤ ᠪᠠᠷ ᠬᠦᠷᠲᠡᠬᠦ ᠶᠢ ᠡᠷᠬᠡᠪᠰᠢ ᠪᠡᠶᠡᠯᠡᠭᠦᠯᠬᠦ ᠬᠡᠷᠡᠭᠲᠡᠶ᠃ ᠬᠠᠷᠢᠯᠴᠠᠨ ᠨᠡᠪᠲᠡᠷᠡᠭᠦᠯᠵᠦ ᠬᠠᠮᠲᠤᠪᠠᠷ | ᠬᠦᠷᠲᠡᠬᠦ ᠪᠣᠯ ᠭᠠᠭᠴᠠ ᠴᠢᠭᠯᠡᠯᠲᠦ ᠪᠢᠰᠢ᠂ ᠴᠢᠨᠦ ᠮᠢᠨᠤ ᠢᠯᠠᠵᠤ ᠢᠯᠠᠭᠳᠠᠬᠤ ᠶᠢᠨ ︽ᠲᠡᠭ ᠨᠡᠶᠢᠯᠡᠪᠦᠷᠢ ᠶᠢᠨ | ᠦᠵᠡᠯᠴᠡᠭᠡᠨ︾ ᠴᠦ ᠪᠢᠰᠢ ᠬᠠᠷᠢᠨ ᠤᠯᠠᠨ ᠴᠢᠭᠯᠡᠯᠳᠦ᠂ ᠣᠯᠠᠭᠤᠯᠠ ᠪᠠᠨ ᠢᠯᠠᠬᠤ ᠶᠠᠪᠤᠳᠠᠯ ᠮᠥᠨ᠃ ᠥᠪᠡᠷ ᠢ ᠪᠠᠨ | ᠪᠢᠲᠡᠭᠦᠮᠵᠢᠯᠡᠵᠦ᠂ ᠥᠪᠡᠷ ᠢ ᠪᠠᠨ ᠬᠤᠷᠢᠵᠤ ᠪᠣᠯᠬᠤ ᠦᠭᠡᠢ᠂ ᠰᠠᠨᠠᠭᠠᠴᠢᠯᠠᠭ᠎ᠠ ᠠᠴᠠ ᠪᠠᠨ ᠵᠣᠯᠭᠠᠯᠳᠤᠭᠤᠯᠵᠤ᠂ | ᠬᠠᠷᠢᠯᠴᠠᠨ ᠣᠶᠢᠯᠠᠭᠠᠯᠴᠠᠨ᠂ ᠪᠤᠰᠤᠳ ᠤᠨ ᠡᠮᠦᠨ᠎ᠡ ᠠᠴᠠ ᠪᠣᠳᠣᠯᠬᠢᠯᠠᠵᠤ᠂ ᠬᠤᠪᠢ ᠨᠡᠮᠡᠷᠢ ᠪᠠᠨ ᠦᠵᠡᠭᠦᠯᠬᠦ | ᠬᠡᠷᠡᠭᠲᠡᠢ᠃ ᠬᠤᠶᠠᠷ ᠲᠤ ᠬᠠᠷᠢᠭᠤᠴᠠᠯᠭ᠎ᠠ ᠶᠢ ᠡᠷᠬᠡᠪᠰᠢ ᠬᠥᠮᠥᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ | ᠭᠡᠪᠡ᠃ | ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠤᠨ ᠳᠡᠳ᠋ ᠳᠠᠷᠤᠭ᠎ᠠ ᠵᠣᠣ ᠳ᠋ᠠ ᠶᠦᠩ ᠥᠯᠥ | ᠬᠥᠳᠡᠯᠬᠦ ᠬᠦᠷᠦᠩᠭᠡ ᠶᠢᠨ ᠨᠢᠭᠡᠳᠦᠯᠲᠡᠢ ᠲᠡᠮᠳᠡᠭᠯᠡᠬᠦ ᠠᠵᠢᠯ ᠤᠨ ᠠᠬᠢᠴᠠ ᠶᠢ ᠮᠡᠳᠡᠭᠦᠯᠦᠭᠰᠡᠨ ᠪᠦᠭᠡᠳ | ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠄ 8 ᠳ᠋ᠤᠭᠠᠷ ᠰᠠᠷ᠎ᠠ ᠳᠤ ᠪᠣᠯᠣᠭᠰᠠᠨ | ᠪᠥᠬᠦ ᠣᠷᠣᠨ ᠤ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠶ ᠲᠡᠮᠳᠡᠭᠯᠡᠬᠦ ᠬᠤᠷᠠᠯ ᠠᠴᠠ ᠨᠠᠰᠢ᠂ ᠡᠯ᠎ᠡ ᠠᠶᠢᠮᠠᠭ | ᠬᠤᠲᠠ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠶ ᠲᠡᠮᠳᠡᠭᠯᠡᠬᠦ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠬᠤ ᠲᠤᠭᠤᠷᠢᠨ ᠳᠤ᠂ ᠯᠠᠪᠳᠠᠭᠤᠨ ᠪᠠᠲᠤᠲᠠᠶ ᠠᠵᠢᠯᠯᠠᠵᠤ᠂ ᠲᠦᠯᠬᠢᠨ ᠠᠬᠢᠭᠤᠯᠬᠤ ᠡᠷᠴᠢᠮ ᠢᠯᠡᠳᠲᠡ | ᠴᠢᠩᠭᠠᠷᠠᠵᠤ᠂ ᠲᠣᠪᠣᠶᠢᠮ᠎ᠠ ᠦᠷ᠎ᠡ ᠪᠦᠲᠦᠮᠵᠢ ᠤᠯᠪᠠ᠃ ᠣᠳᠣᠬᠠᠨ ᠤ ᠪᠦᠬᠦ ᠣᠷᠣᠨ ᠤ ᠥᠯᠥ ᠬᠥᠳᠡᠯᠬᠦ | ᠬᠥᠷᠥᠩᠭᠡ ᠶᠢ ᠨᠢᠭᠡᠳᠦᠯᠲᠡᠢ ᠲᠡᠮᠳᠡᠭᠯᠡᠬᠦ ᠠᠵᠢᠯ ᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ ᠤᠨ ᠲᠤᠬᠠᠢ ᠵᠢᠭᠠᠭᠰᠠᠨ | ᠨᠢ᠄ ᠨᠢᠭᠡ ᠳᠤ ᠠᠵᠢᠯ ᠤᠨ ᠠᠬᠢᠴᠠ ᠲᠡᠩᠴᠡᠭᠦᠷᠢ ᠦᠬᠡᠢ ᠪᠠᠶᠢᠨ᠎ᠠ᠃ ᠬᠤᠶᠠᠷ ᠲᠤ ᠦᠨᠡᠮᠯᠡᠯ ᠣᠯᠭᠤᠬᠤ ᠬᠤᠷᠳᠤᠴᠠ | ᠠᠬᠢᠨ ᠨᠡᠮᠡᠭᠳᠡᠬᠦ ᠬᠠᠨᠳᠤᠰᠢ ᠲᠠᠢ ᠪᠠᠶᠢᠨ᠎ᠠ᠂ ᠭᠡᠪᠡᠴᠦ ᠦᠨᠡᠮᠯᠡᠯ ᠣᠯᠭᠤᠬᠤ ᠨᠤᠷᠮ᠎ᠠ ᠮᠥᠨ ᠯᠡ ᠤᠯᠤᠰ ᠤᠨ | ᠳᠤᠮᠳᠠᠴᠢ ᠬᠢᠷᠢ ᠬᠡᠮᠵᠢᠶ᠎ᠡ ᠠᠴᠠ ᠳᠣᠣᠷ᠎ᠠ ᠪᠠᠶᠢᠨ᠎ᠠ᠃ ᠭᠤᠷᠪᠠ ᠳᠤ ᠰᠢᠨ᠎ᠡ ᠦᠨᠡᠮᠯᠡᠯ ᠣᠯᠭᠤᠬᠤ ᠡᠯ᠎ᠡ ᠵᠦᠢᠯ ᠤᠨ | ᠪᠡᠯᠡᠳᠬᠡᠯ ᠠᠵᠢᠯ ᠯᠠᠪᠳᠠᠭᠤᠨ ᠢᠶᠠᠷ ᠠᠬᠢᠵᠤ ᠪᠠᠶᠢᠨ᠎ᠠ᠃ ᠲᠦᠷᠪᠡ ᠳᠤ ᠦᠨᠡᠮᠯᠡᠯ ᠣᠯᠭᠤᠬᠤ ᠬᠦᠴᠢᠷᠳᠡᠯ | ᠠᠭᠠᠵᠢᠮ ᠢᠶᠠᠷ ᠶᠡᠬᠡᠳᠴᠦ ᠪᠠᠶᠢᠨ᠎ᠠ ᠭᠡᠵᠡᠢ᠃ | ᠳᠡᠳ᠋ ᠳᠠᠷᠤᠭ᠎ᠠ ᠵᠤᠤ ᠳ᠋ᠠ ᠶᠦᠩ ᠣᠳᠣᠬᠠᠨ ᠳᠤ ᠣᠷᠣᠰᠢᠵᠤ ᠪᠠᠶᠢᠭ᠎ᠠ ᠭᠤᠷᠪᠠᠨ ᠲᠠᠯ᠎ᠠ ᠶᠢᠨ ᠭᠤᠣᠯ | ᠠᠰᠠᠭᠤᠳᠠᠯ ᠳᠤ ᠴᠢᠭᠯᠡᠭᠦᠯᠦᠨ᠂ ᠳᠠᠷᠠᠭᠠᠴᠢ ᠶᠢᠨ ᠠᠯᠬᠤᠮ ᠳᠤ ᠲᠤᠪᠤᠶᠢᠮ᠎ᠠ ᠰᠠᠶᠢᠲᠤᠷ ᠠᠳᠬᠤᠬᠤ ᠭᠤᠣᠯᠳᠠᠯᠭ᠎ᠠ ᠲᠠᠢ | ᠠᠵᠢᠯ ᠤᠨ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠴᠠᠶ᠂ ᠨᠢᠭᠡ ᠳᠤ ᠡᠯ᠎ᠡ ᠠᠶᠢᠮᠠᠭ ᠬᠤᠳᠠ ᠨᠤᠭᠤᠳ | ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠳᠤ ᠪᠠᠨ ᠴᠠᠭ ᠲᠤᠬᠠᠢ ᠳᠤᠨᠢ ᠮᠡᠳᠡᠭᠦᠯᠵᠦ ᠵᠢᠭᠠᠪᠤᠷᠢ ᠠᠪᠬᠤ ᠬᠡᠷᠡᠭᠲᠡᠶ | ᠃ ᠬᠤᠶᠠᠷ ᠲᠤ᠂ ᠲᠢᠩᠬᠢᠮ ᠠᠴᠠ ᠭᠤᠣᠯᠳᠠᠯᠭ᠎ᠠ ᠲᠠᠢ ᠭᠠᠵᠠᠷ ᠣᠷᠣᠨ ᠳᠤ ᠴᠢᠭᠯᠡᠭᠦᠯᠦᠨ ᠰᠢᠮᠳᠠᠭᠤᠯᠤᠠ ᠪᠠᠶᠢᠴᠠᠭᠠᠬᠤ | ᠪᠠ ᠪᠣᠯᠵᠣᠨ ᠬᠡᠯᠡᠯᠴᠡᠨ᠎ᠡ᠃ ᠭᠤᠷᠪᠠ ᠳᠤ ᠦᠨᠡᠮᠯᠡᠯ ᠣᠯᠭᠤᠬᠤ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠬᠦ | ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠲᠡᠮᠳᠡᠭᠯᠡᠬᠦ ᠠᠵᠢᠯ | ᠨᠢᠭᠡᠨᠲᠡ ᠡᠴᠦᠰ ᠤᠨ ᠰᠢᠪᠲᠤᠯᠤᠯᠲᠠ ᠶᠢᠨ ᠬᠤᠭᠤᠴᠠᠭᠠᠨ ᠳᠤ ᠣᠷᠣᠪᠠ᠂ ᠤᠯᠠᠨ ᠢᠶᠠᠷ ᠢᠶᠠᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠪᠣᠯᠣᠨ ᠵᠠᠩ ᠳᠠᠷᠤᠭ᠎ᠠ ᠶᠢᠨ ᠱᠠᠭᠠᠷᠳᠠᠯᠭ᠎ᠠ ᠶᠣᠰᠣᠭᠠᠷ᠂ ᠥᠯᠥ ᠬᠥᠳᠡᠯᠬᠦ ᠬᠥᠷᠥᠩᠭᠡ ᠶᠢ | ᠨᠢᠭᠡᠳᠦᠯᠲᠡᠢ ᠲᠡᠮᠳᠡᠭᠯᠡᠬᠦ ᠠᠵᠢᠯ ᠢ ᠡᠷᠬᠡᠪᠰᠢ ᠪᠣᠳᠠᠲᠠᠶ ᠰᠠᠶᠢᠨ ᠠᠳᠬᠤᠵᠤ᠂ ᠵᠢᠯ ᠤᠨ ᠡᠴᠦᠰ ᠠᠴᠠ ᠡᠮᠦᠨ᠎ᠡ ᠰᠢᠨ᠎ᠡ | ᠦᠨᠡᠮᠯᠡᠯ ᠣᠯᠭᠤᠵᠤ᠂ ᠬᠠᠭᠤᠴᠢᠨ ᠦᠨᠡᠮᠯᠡᠯ ᠢ ᠵᠣᠭᠰᠣᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | | |