| | 9 ᠳ᠋ᠦ᠋ᠭᠡᠷ ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ ᠨᠠᠮ ᠤᠨ ᠲᠥᠯᠥᠭᠡᠯᠡᠭᠴᠢᠳ ᠤᠨ ᠬᠤᠷᠠᠯ | ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ | ᠬᠤᠷᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠤᠷᠤᠯᠴᠠᠬᠤ ᠲᠥᠯᠥᠭᠡᠯᠡᠭᠴᠢ ᠶᠢ ᠰᠣᠩᠭᠤᠨ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠤᠨ ᠬᠤᠷᠢᠶ᠎ᠠ ᠶᠢᠨ ᠱᠦᠵᠢ᠂ ᠶᠡᠭᠡ ᠳᠡᠭᠡᠳᠦ | ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ᠂ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠾᠧᠦ ᠶᠤᠸᠠᠨ ᠨᠥᠬᠦᠷ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ | ᠬᠤᠷᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠤᠷᠤᠯᠴᠠᠬᠤ ᠲᠥᠯᠥᠭᠡᠯᠡᠭᠴᠢ ᠶᠢᠨ ᠵᠢᠱᠢᠭᠳᠡᠭᠰᠡᠳ ᠤᠨ ᠪᠡᠯᠡᠳᠬᠡᠯ ᠵᠢᠱᠢᠭᠳᠡᠭᠰᠡᠳ ᠢ ᠰᠣᠩᠭᠤᠨ ᠭᠠᠷᠭᠠᠬᠤ | ᠶᠠᠪᠤᠴᠠ ᠶᠢ ᠮᠡᠳᠡᠭᠳᠡᠭᠰᠡᠨ ᠪᠥᠭᠡᠳ ᠲᠤᠰ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠢ ᠰᠠᠶᠢᠲᠤᠷ | ᠬᠤᠷᠠᠯᠳᠤᠭᠤᠯᠬᠤ ᠲᠤᠬᠠᠢ ᠱᠠᠭᠠᠷᠳᠠᠯᠭ᠎ᠠ ᠳᠤᠷᠠᠳᠪᠠ᠃ | ᠱᠦᠵᠢ ᠾᠧᠦ ᠶᠤᠸᠠᠨ ᠴᠢᠬᠤᠯᠠᠴᠢᠯᠠᠭᠰᠠᠨ ᠨᠢ᠂ ᠨᠠᠮ ᠤᠨ ᠲᠥᠯᠥᠭᠡᠯᠡᠭᠴᠢ ᠶᠢᠨ ᠰᠣᠩᠭᠤᠭᠤᠯᠢ ᠶᠢᠨ | ᠠᠵᠢᠯ ᠢ ᠬᠢᠨᠠᠮᠠᠭᠠᠶ ᠰᠠᠶᠢᠲᠤᠷ ᠬᠢᠬᠦ ᠪᠣᠯ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠢ ᠰᠠᠶᠢᠲᠤᠷ | ᠬᠤᠷᠠᠯᠳᠤᠭᠤᠯᠬᠤ ᠶᠢᠨ ᠰᠠᠭᠤᠷᠢ ᠮᠦᠨ᠃ ᠬᠤᠷᠠᠯ ᠳᠤ ᠣᠷᠣᠯᠴᠠᠭᠰᠠᠨ ᠡᠯ᠎ᠡ ᠲᠥᠯᠥᠭᠡᠯᠡᠭᠴᠢᠳ ᠦᠵᠡᠯ | ᠰᠠᠨᠠᠭ᠎ᠠ ᠪᠠᠨ ᠨᠢᠭᠡᠳᠬᠡᠨ᠂ ᠨᠠᠮ ᠤᠨ ᠲᠥᠯᠥᠭᠡᠯᠡᠭᠴᠢ ᠰᠣᠩᠭᠤᠬᠤ ᠠᠵᠢᠯ ᠤᠨ ᠴᠢᠬᠤᠯᠠ ᠴᠢᠨᠠᠷ ᠢ ᠭᠦᠢᠴᠡᠳ | ᠲᠠᠨᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ | ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠨᠥᠬᠦᠴᠡᠯ ᠢ ᠬᠠᠩᠭᠠᠬᠤ ᠮᠥᠷᠲᠡᠭᠡᠨ ᠪᠠᠰᠠ ᠶᠡᠭᠡ ᠳᠡᠭᠡᠳᠦ | ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠪᠦᠬᠦ ᠨᠠᠮ ᠤᠨ ᠭᠡᠰᠢᠭᠦᠨ ᠢ ᠲᠦᠯᠦᠭᠡᠯᠡᠨ ᠡᠷᠬᠡ ᠪᠠᠨ ᠮᠠᠰᠢ ᠰᠠᠶᠢᠨ | ᠬᠡᠷᠡᠭᠵᠢᠭᠦᠯᠵᠦ ᠳᠡᠶᠢᠯᠬᠦ ᠨᠠᠮ ᠤᠨ ᠭᠡᠰᠢᠭᠦᠨ ᠤ ᠲᠥᠯᠥᠭᠡᠯᠡᠭᠴᠢ ᠶᠢ ᠰᠣᠩᠭᠤᠨ ᠭᠠᠷᠭᠠᠬᠤ ᠬᠡᠷᠡᠭᠲᠡᠢ᠃ ᠲᠡᠷᠡ | ᠱᠠᠭᠠᠷᠳᠠᠭᠰᠠᠨ ᠨᠢ᠂ ᠬᠤᠷᠠᠯ ᠳᠤ ᠣᠷᠣᠯᠴᠠᠭᠰᠠᠨ ᠡᠯ᠎ᠡ ᠲᠥᠯᠥᠭᠡᠯᠡᠭᠴᠢᠳ ᠤᠯᠤᠰ ᠲᠦᠷᠦ ᠶᠢ ᠡᠷᠬᠢᠮᠯᠡᠨ᠂ ᠪᠦᠬᠦ | ᠲᠠᠯ᠎ᠠ ᠶᠢ ᠬᠠᠷᠠᠭᠠᠯᠵᠠᠵᠤ᠂ ᠪᠦᠬᠦ ᠲᠠᠯ᠎ᠠ ᠠᠴᠠ ᠡᠭᠦᠰᠴᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠠᠴᠠ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠰᠣᠩᠭᠤᠭᠤᠯᠢ ᠶᠢᠨ ᠲᠣᠭᠤᠷᠢᠭ ᠤᠨ | 17 ᠵᠢᠩᠬᠢᠨᠢ ᠲᠥᠯᠥᠭᠡᠯᠡᠭᠴᠢ ᠶᠢᠨ ᠪᠦᠬᠦᠯᠢ ᠴᠣᠭᠴᠠᠲᠤ ᠪᠦᠲᠦᠴᠡ ᠶᠢᠨ ᠲᠤᠬᠠᠢ ᠳᠤᠷᠠᠳᠤᠭᠰᠠᠨ | ᠱᠠᠭᠠᠷᠳᠠᠯᠭ᠎ᠠ ᠠᠴᠠ ᠡᠭᠦᠰᠴᠦ᠂ ᠰᠣᠩᠭᠤᠭᠤᠯᠢ ᠶᠢᠨ ᠠᠵᠢᠯ ᠤᠨ ᠪᠣᠳᠠᠲᠤ ᠪᠠᠶᠢᠳᠠᠯ ᠠᠴᠠ ᠡᠭᠦᠰᠴᠦ ᠂ | ᠰᠣᠩᠭᠤᠭᠤᠯᠢ ᠶᠢᠨ ᠬᠠᠲᠠᠭᠤ ᠱᠠᠭᠠᠷᠳᠠᠯᠭ᠎ᠠ ᠶᠢ ᠴᠢᠩᠭ᠎ᠠ ᠰᠠᠶᠢᠲᠤᠷ ᠠᠳᠬᠤᠨ᠂ ᠰᠣᠩᠭᠤᠵᠤ ᠭᠠᠷᠭᠠᠭᠰᠠᠨ | ᠲᠥᠯᠥᠭᠡᠯᠡᠭᠴᠢ ᠨᠢ ᠡᠪ ᠬᠠᠮᠲᠤ ᠨᠠᠮ ᠤᠨ ᠭᠡᠰᠢᠭᠦᠨ ᠤ ᠲᠡᠷᠢᠭᠦᠨ ᠤ ᠴᠢᠨᠠᠷ ᠤᠨ ᠱᠠᠭᠠᠷᠳᠠᠯᠭ᠎ᠠ ᠶᠢ ᠳᠤᠰᠬᠠᠵᠤ | ᠴᠢᠳᠠᠬᠤ ᠮᠥᠷᠲᠡᠭᠡᠨ ᠪᠠᠰᠠ ᠨᠡᠯᠢᠶᠡᠳ ᠰᠠᠶᠢᠨ ᠬᠡᠷᠡᠭ ᠵᠥᠪᠯᠡᠬᠦ ᠴᠢᠳᠠᠪᠤᠷᠢ ᠪᠣᠯᠤᠨ ᠨᠠᠮ ᠤᠨ ᠭᠡᠰᠢᠭᠦᠳ ᠤᠯᠠᠨ | ᠲᠦᠮᠡᠨ ᠲᠠᠢ ᠬᠠᠷᠢᠯᠴᠠᠬᠤ ᠴᠢᠳᠠᠪᠤᠷᠢ ᠲᠠᠢ ᠪᠠᠶᠢᠬᠤ ᠶᠢ ᠦᠨᠡᠨᠬᠦ ᠪᠠᠲᠤᠯᠠᠵᠤ᠂ ᠰᠤᠷᠭᠠᠨ ᠬᠥᠮᠦᠵᠢᠯ ᠤᠨ | ᠰᠢᠰᠲ᠋ᠧᠮ ᠤᠨ ᠨᠡᠶᠢᠲᠡᠯᠢᠭ ᠴᠢᠨᠠᠷ ᠪᠠ ᠲᠥᠯᠥᠭᠡᠯᠡᠬᠦ ᠴᠢᠨᠠᠷ ᠢ ᠳᠤᠰᠬᠠᠬᠤ ᠬᠡᠷᠡᠭᠲᠡᠶ᠃ ᠰᠣᠩᠭᠤᠭᠤᠯᠢ ᠶᠢᠨ | ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠵᠣᠬᠢᠶᠠᠨ | ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠨ᠂ ᠨᠠᠮ ᠪᠣᠯᠤᠨ ᠠᠵᠢᠯ ᠦᠢᠯᠡᠰ ᠲᠡᠭᠡᠨ ᠳᠡᠭᠡᠳᠦ | ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠲᠥᠯᠥᠭᠡᠯᠡᠭᠴᠢ ᠶᠢᠨ ᠡᠷᠬᠡ ᠪᠠᠨ ᠵᠥᠪ ᠢᠶᠠᠷ ᠰᠠᠶᠢᠲᠤᠷ | ᠬᠡᠷᠡᠭᠵᠢᠭᠦᠯᠬᠦ ᠬᠡᠷᠡᠭᠲᠡᠶ ᠭᠡᠪᠡ᠃ ᠬᠤᠷᠠᠯ ᠤᠨ ᠲᠤᠬᠠᠢ ᠶᠢᠨ ᠲᠠᠯᠠᠪᠠᠢ ᠳᠤ ᠵᠢᠱᠢᠭᠳᠡᠭᠰᠡᠳ ᠤᠨ ᠪᠡᠯᠡᠳᠬᠡᠯ | ᠵᠢᠱᠢᠭᠳᠡᠭᠰᠡᠳ ᠤᠨ ᠲᠣᠪᠴᠢ ᠲᠠᠨᠢᠯᠴᠠᠭᠤᠯᠭ᠎ᠠ ᠪᠣᠯᠤᠨ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠳᠤ | ᠤᠷᠤᠯᠴᠠᠬᠤ ᠲᠥᠯᠥᠭᠡᠯᠡᠭᠴᠢ ᠶᠢ ᠰᠣᠩᠭᠤᠬᠤ ᠠᠷᠭ᠎ᠠ ︵ᠡᠬᠡ ᠲᠥᠰᠦᠯ︶︾ ᠶᠢ ᠨᠡᠶᠢᠲᠡᠯᠡᠭᠰᠡᠨ ᠪᠥᠭᠡᠳ | ᠵᠢᠱᠢᠭᠳᠡᠭᠰᠡᠳ ᠤᠨ ᠨᠡᠷᠡᠰ ᠪᠣᠯᠤᠨ ︽ᠰᠣᠩᠭᠤᠭᠤᠯᠢ ᠶᠢᠨ ᠠᠷᠭ᠎ᠠ︾ ᠶᠢ ᠪᠠᠲᠤᠯᠠᠪᠠ᠃ ᠬᠤᠷᠠᠯ ᠳᠤ ᠣᠷᠣᠯᠴᠠᠭᠰᠠᠨ | ᠲᠥᠯᠥᠭᠡᠯᠡᠭᠴᠢᠳ ᠰᠣᠩᠭᠤᠭᠤᠯᠢ ᠶᠢᠨ ᠬᠠᠮᠢᠶ᠎ᠠ ᠪᠦᠬᠦᠢ ᠱᠠᠭᠠᠷᠳᠠᠯᠭ᠎ᠠ ᠪᠣᠯᠤᠨ ᠲᠡᠰ ᠳᠠᠷᠠᠭᠠᠯᠠᠯ ᠤᠨ ᠶᠣᠰᠣᠭᠠᠷ᠂ | ᠲᠤᠬᠠᠶ ᠶᠢᠨ ᠲᠠᠯᠠᠪᠠᠢ ᠳᠤ ᠰᠣᠩᠭᠤᠭᠤᠯᠢ ᠬᠢᠪᠡ᠃ | ᠲᠤᠬᠠᠶ ᠶᠢᠨ ᠲᠠᠯᠠᠪᠠᠢ ᠶᠢᠨ ᠵᠥᠷᠢᠶᠡᠲᠦ ᠲᠣᠭᠠᠨ ᠤ ᠰᠣᠩᠭᠤᠭᠤᠯᠢ ᠶᠢ ᠦᠨᠳᠦᠰᠦᠯᠡᠪᠡᠯ᠂ ᠬᠠᠮᠤᠭ ᠡᠴᠦᠰ | ᠲᠤ ᠸᠠᠩ ᠸᠠᠨ ᠢ ᠵᠡᠷᠭᠡ 17 ᠲᠥᠯᠥᠭᠡᠯᠡᠭᠴᠢ ᠶᠢ ᠰᠣᠩᠭᠤᠨ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ | ᠬᠤᠷᠢᠶ᠎ᠠ ᠶᠢᠨ ᠰᠤᠩᠭᠤᠭᠤᠯᠢ ᠶᠢᠨ ᠲᠦᠯᠦᠭᠡᠯᠡᠭᠴᠢ ᠶᠢᠨ ᠬᠤᠪᠢ ᠪᠠᠷ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ | ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠤᠷᠤᠯᠴᠠᠭᠤᠯᠬᠤ ᠪᠣᠯᠪᠠ᠃ |