20 ᠲᠥᠷᠥᠯ ᠵᠦᠢᠯ ᠤᠨ ᠵᠥᠪᠳᠡᠯᠴᠡᠭᠡᠷ ᠲᠣᠭᠲᠠᠨ  ᠵᠥᠪᠳᠡᠯᠴᠡᠭᠡᠷ ᠤᠨ ᠪᠡᠯᠡ ᠮᠥᠩᠭᠦ ᠨᠢ 70 ᠳ᠋ᠦᠩᠰᠢᠭᠤᠷ ᠲᠥᠭᠦᠷᠢᠭ ᠲᠤ ᠬᠦᠷᠴᠦ  2016 ᠣᠨ ᠤ ᠳᠤᠮᠳᠠᠳᠤ ᠤᠯᠤᠰ ᠤᠨ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠦᠵᠡᠰᠬᠦᠯᠡᠩ ᠤᠨ ᠤᠯᠠᠭᠠᠨᠴᠠᠪ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠵᠥᠪᠳᠡᠨ ᠶᠠᠷᠢᠯᠴᠠᠬᠤ ᠲᠠᠨᠢᠯᠴᠠᠭᠤᠯᠬᠤ ᠬᠤᠷᠠᠯ ᠳᠤ ᠡᠯᠪᠡᠭ ᠳᠡᠯᠪᠡᠭ ᠦᠷ᠎ᠡ ᠪᠦᠲᠦᠭᠡᠯ ᠣᠯᠪᠠ
ᠨᠡᠶᠢᠲᠡᠯᠡᠭᠰᠡᠨ ᠴᠠᠭ᠄
2016/9/28
     ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠵᠥᠪᠳᠡᠨ ᠶᠠᠷᠢᠯᠴᠠᠬᠤ ᠲᠠᠨᠢᠯᠴᠠᠭᠤᠯᠬᠤ ᠬᠤᠷᠠᠯ ᠳᠡᠭᠡᠷ᠎ᠡ ᠦᠯᠡᠮᠵᠢ ᠤᠯᠠᠨ ᠠᠵᠤ ᠠᠬᠤᠶᠢᠯᠠᠯ ᠵᠥᠪᠳᠡᠯᠴᠡᠭᠡᠷ ᠲᠣᠭᠲᠠᠨ ᠲᠥᠷᠥᠯ ᠵᠦᠢᠯ ᠲᠣᠭᠲᠠᠭᠠᠪᠠ      9 ᠳ᠋ᠦ᠋ᠭᠡᠷ ᠰᠠᠷ᠎ᠠ ᠶᠢᠨ 27᠎ ᠤ ᠡᠳᠦᠷ᠂ 2016 ᠣᠨ ᠤ ᠳᠤᠮᠳᠠᠳᠤ ᠤᠯᠤᠰ ᠤᠨ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠦᠵᠡᠰᠬᠦᠯᠡᠩ ᠤᠨ ᠤᠯᠠᠭᠠᠨᠴᠠᠪ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠵᠥᠪᠳᠡᠨ ᠶᠠᠷᠢᠯᠴᠠᠬᠤ ᠲᠠᠨᠢᠯᠴᠠᠭᠤᠯᠬᠤ ᠬᠤᠷᠠᠯ ᠬᠤᠷᠠᠯᠳᠤᠵᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠠᠵᠤ ᠠᠬᠤᠶᠢᠯᠠᠯ᠂ ᠬᠤᠳᠠᠯᠳᠤᠭᠠᠨ ᠤ ᠡᠪᠯᠡᠯ ᠪᠠ ᠠᠵᠤ ᠦᠢᠯᠡᠳᠪᠦᠷᠢ ᠬᠤᠳᠠᠯᠳᠤᠭᠠᠨ ᠤ ᠬᠢᠨ ᠶᠠᠷᠢᠯᠴᠠᠬᠤ ᠲᠠᠨᠢᠯᠴᠠᠭᠤᠯᠬᠤ ᠴᠤᠭᠯᠠᠭᠠᠨ ᠳᠤ ᠴᠤᠭᠯᠠᠷᠠᠵᠤ᠂ ᠬᠠᠮᠵᠢᠯᠴᠠᠨ ᠬᠥᠭᠵᠢᠬᠦ ᠪᠣᠯᠣᠨ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠶᠡᠭᠡ ᠪᠤᠳᠤᠯᠭ᠎ᠠ ᠶᠢ ᠵᠥᠪᠳᠡᠨ ᠶᠠᠷᠢᠯᠴᠠᠵᠦ᠂ ᠤᠯᠠᠭᠠᠨᠴᠠᠪ ᠬᠤᠳᠠ ᠬᠥᠭᠵᠢᠭᠰᠡᠨ ᠭᠠᠵᠠᠷ ᠣᠷᠣᠨ ᠤ ᠵᠠᠰᠠᠭ ᠤᠨ ᠣᠷᠳᠣᠨ᠂ ᠰᠢᠨᠵᠢᠯᠡᠬᠦ ᠤᠬᠠᠭᠠᠨ ᠰᠤᠳᠤᠯᠤᠯ ᠤᠨ ᠬᠦᠷᠢᠶᠡᠯᠡᠩ ᠭᠠᠵᠠᠷ᠂ ᠭᠤᠣᠯᠯᠠᠭᠴᠢ ᠠᠵᠤ ᠠᠬᠤᠶᠢᠯᠠᠯ᠂ ᠠᠵᠢᠯ ᠲᠥᠷᠥᠯ ᠤᠨ ᠨᠡᠶᠢᠭᠡᠮᠯᠢᠭ ᠯᠦᠭᠡ ᠵᠣᠯᠭᠠᠯᠳᠤᠬᠤ ᠶᠢ ᠤᠯᠠᠮ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠤᠨ ᠬᠠᠮᠵᠢᠯᠴᠠᠭ᠎ᠠ ᠶᠢᠨ ᠲᠠᠯ᠎ᠠ ᠪᠠᠷ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠪᠠ᠃      ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠯᠢᠦ ᠪᠢᠨ᠂ ᠽᠧᠩ ᠫᠢᠩ᠂ ᠤᠯᠠᠭᠠᠨᠴᠠᠪ ᠬᠤᠳᠠ ᠶᠢᠨ ᠳᠡᠳ᠋ ᠳᠠᠷᠤᠭ᠎ᠠ ᠸᠠᠩ ᠰᠢᠨ ᠢᠦᠢ᠂ ᠸᠠᠩ ᠭᠦᠸᠧ ᠰᠢᠶᠠᠩ᠂ ᠵᠠᠩ ᠰᠢᠶᠠᠩ᠂ ᠵᠠᠩ ᠵᠢᠶᠦ᠋ᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠤᠯᠠᠭᠠᠨᠴᠠᠪ ᠤᠨ ᠵᠢᠭᠤᠯᠴᠢᠯᠠᠯ ᠤᠨ ᠪᠦᠯᠦᠭᠯᠡᠯ ᠺᠣᠮᠫᠠᠨᠢ᠂ ᠬᠤᠸᠠ ᠸᠧᠶ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠢᠶᠠᠨ ᠳ᠋ᠢ ᠱᠧᠩ ᠶᠤᠸᠠᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠷᠦᠢ ᠱᠧᠩ ᠪᠠᠯ ᠴᠢᠯᠠᠭᠤᠨ ᠤ ᠰᠢᠨ᠎ᠡ ᠡᠨᠧᠷᠭᠢ ᠶᠢᠨ ᠺᠣᠮᠫᠠᠨᠢ᠂ ᠥᠪᠥᠷ ᠮᠣᠩᠭᠤᠯ ᠤᠨ ᠱᠦ ᠳ᠋ᠦ᠋ ᠺᠠᠶ ᠳ᠋ᠠ ᠢᠳᠡᠭᠡᠨ ᠤ ᠵᠦᠢᠯ ᠤᠨ ᠬᠢᠵᠠᠭᠠᠷᠲᠤ ᠺᠣᠮᠫᠠᠨᠢ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠳ ᠥᠪᠡᠷ ᠤᠨ ᠠᠵᠤ ᠠᠬᠤᠶᠢᠯᠠᠯ ᠤᠨ ᠳᠠᠪᠠᠭᠤᠯᠢᠭ ᠣᠨᠴᠠᠯᠢᠭ ᠪᠣᠯᠤᠨ ᠬᠥᠭᠵᠢᠯᠲᠡ ᠶᠢᠨ ᠢᠷᠡᠭᠡᠳᠦᠶ ᠶᠢᠨ ᠲᠤᠬᠠᠶ ᠶᠠᠷᠢᠶ᠎ᠠ ᠲᠠᠯᠪᠢᠪᠠ᠃      ᠤᠯᠠᠭᠠᠨᠴᠠᠪ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠠ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠬᠠᠷᠢᠭᠤᠴᠠᠯᠭᠠᠲᠠᠨ ᠨᠠᠷ ᠲᠤᠰ ᠲᠤᠰ ᠤᠯᠠᠭᠠᠨᠴᠠᠪ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠠᠭᠤᠷᠢ ᠨᠥᠬᠦᠴᠡᠯ᠂ ᠲᠥᠷᠥᠯ ᠵᠦᠢᠯ ᠤᠨ ᠳᠠᠪᠠᠭᠤᠯᠢᠭ᠂ ᠲᠥᠷᠥ ᠶᠢᠨ ᠪᠤᠳᠤᠯᠭ᠎ᠠ ᠶᠢᠨ ᠳᠡᠮᠵᠢᠯᠭᠡ᠂ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ᠂ ᠬᠤᠳᠠᠯᠳᠤᠭᠠᠴᠢᠨ ᠤᠷᠢᠬᠤ ᠭᠤᠣᠯᠳᠠᠯᠭ᠎ᠠ ᠲᠠᠢ ᠴᠢᠭᠯᠡᠯ ᠵᠡᠷᠭᠡ ᠲᠠᠯ᠎ᠠ ᠪᠠᠷ ᠤᠯᠠᠭᠠᠨᠴᠠᠪ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠣᠰᠬᠠᠢ ᠲᠠᠯᠠᠪᠤᠷ ᠤᠨ ᠲᠠᠨᠢᠯᠴᠠᠭᠤᠯᠭ᠎ᠠ ᠬᠢᠪᠡ᠃      ᠲᠤᠰ ᠤᠳᠠᠭᠠᠨ ᠤ ᠲᠠᠨᠢᠯᠴᠠᠭᠤᠯᠬᠤ ᠬᠤᠷᠠᠯ ᠳᠤ᠂ ᠤᠯᠠᠭᠠᠨᠴᠠᠪ ᠬᠤᠲᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠲᠠᠯ᠎ᠠ ᠪᠠᠷ ᠡᠯᠪᠡᠭ ᠦᠷ᠎ᠡ ᠪᠦᠲᠦᠭᠡᠯ ᠣᠯᠵᠤ᠂ ᠪᠦᠬᠦ ᠬᠤᠲᠠ ᠶᠢᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠷᠤᠸᠠᠨ ᠲᠦᠩ ᠳ᠋ᠦᠩ ᠯᠢ ᠮᠡᠳᠡᠭᠡ ᠵᠠᠩᠭᠢ ᠶᠢᠨ ᠮᠡᠷᠭᠡᠵᠢᠯ ︵ᠪᠦᠯᠦᠭᠯᠡᠯ︶᠎ ᠤᠨ ᠬᠢᠵᠠᠭᠠᠷᠲᠤ ᠺᠣᠮᠫᠠᠨᠢ ᠂ ᠠ ᠯᠢ ᠪᠠ ᠪᠠ ︵ᠳᠤᠮᠳᠠᠳᠤ ᠤᠯᠤᠰ︶ ᠵᠥᠭᠡᠯᠡᠨ ᠲᠣᠨᠤᠭ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠢᠶᠠᠨ ᠮᠦ ᠠᠵᠤ ᠦᠢᠯᠡᠰ ︵ᠪᠦᠯᠦᠭᠯᠡᠯ︶᠎ ᠤᠨ ᠬᠤᠪᠢ ᠣᠷᠤᠭᠤᠯᠤᠯᠲᠠ ᠶᠢᠨ ᠬᠢᠵᠠᠭᠠᠷᠲᠤ ᠺᠤᠮᠫᠠᠨᠢ ᠵᠡᠷᠭᠡ 20 ᠠᠵᠤ ᠠᠬᠤᠶᠢᠯᠠᠯ ᠲᠠᠢ ᠵᠥᠪᠳᠡᠯᠴᠡᠭᠡᠷ ᠲᠣᠭᠲᠠᠵᠤ᠂ ᠣᠶᠣᠨᠴᠢᠷ ᠬᠤᠳᠠ ᠵᠢᠴᠢ ᠬᠤᠳᠠ ᠶᠢᠨ ᠡᠭᠦᠯᠡ ᠲᠥᠷᠥᠯ ᠵᠦᠢᠯ᠂ ᠵᠢᠯ ᠳᠤ 100 ᠰᠠᠶ᠎ᠠ ᠸᠠᠲ ᠤᠨ ᠥᠨᠳᠥᠷ ᠦᠰᠭᠡᠯᠳᠡᠳᠦ ᠭᠡᠷᠡᠯ ᠲᠥᠪᠯᠡᠷᠡᠭᠦᠯᠬᠦ ᠬᠡᠪ ᠬᠡᠯᠬᠢᠶ᠎ᠡ ᠪᠣᠯᠣᠨ 1 ᠲᠦᠮᠡᠨ ᠵᠠᠮ ᠤᠨ ᠳ᠋ᠧᠩ ᠯᠠᠶᠢᠰᠧᠷ ᠭᠡᠷᠡᠯᠲᠦᠭᠦᠯᠭᠡ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ ᠤᠨ ᠲᠥᠷᠥᠯ ᠵᠦᠢᠯ᠂ ᠠ ᠯᠢ ᠪᠠ ᠪᠠ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠤᠷᠰᠢᠯᠴᠠᠭᠠᠨ ᠤ ᠲᠥᠷᠥᠯ ᠵᠦᠢᠯ᠂ ᠵᠢᠯ ᠳᠤ 1500 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠮᠠᠶ᠋ᠢᠭ ᠤᠨ ᠣᠷᠴᠢᠨ ᠲᠣᠭᠤᠷᠢᠨ ᠢ ᠬᠠᠮᠠᠭᠠᠯᠠᠬᠤ ᠪᠠᠷᠢᠯᠭ᠎ᠠ ᠶᠢᠨ ᠮᠠᠲ᠋ᠧᠷᠢᠶᠠᠯ ᠢ ᠦᠢᠯᠡᠳᠪᠦᠷᠢᠯᠡᠬᠦ ᠲᠦᠷᠦᠯ ᠵᠦᠢᠯ᠂ ᠱᠧᠩ ᠬᠤᠸᠠ ᠪᠠᠯ ᠴᠢᠯᠠᠭᠤ ᠶᠢᠨ ᠨᠠᠷᠢᠯᠢᠭ ᠪᠣᠯᠪᠠᠰᠤᠷᠠᠭᠤᠯᠤᠯᠲᠠ ᠵᠢᠴᠢ ᠪᠠᠯ ᠴᠢᠯᠠᠭᠤᠨ ᠠᠯᠺᠤᠨ ᠤ ᠲᠥᠷᠥᠯ ᠵᠦᠢᠯ ᠵᠡᠷᠭᠡ 20 ᠲᠥᠷᠥᠯ ᠵᠦᠢᠯ ᠤᠨ ᠵᠥᠪᠳᠡᠯᠴᠡᠭᠡᠷ ᠲᠤ ᠭᠠᠷ ᠤᠨ ᠦᠰᠦᠭ ᠵᠢᠷᠤᠵᠤ᠂ ᠵᠥᠪᠳᠡᠯᠴᠡᠭᠡᠷ ᠲᠣᠭᠲᠠᠭᠰᠠᠨ ᠪᠡᠯᠡ ᠮᠥᠩᠭᠦ ᠨᠢ 70 ᠭᠠᠷᠤᠶ ᠳ᠋ᠦᠩᠰᠢᠭᠤᠷ ᠲᠥᠭᠦᠷᠢᠭ ᠲᠤ ᠬᠦᠷᠪᠡ᠃      ᠪᠡᠭᠡᠵᠢᠩ᠂ ᠱᠠᠩᠬᠠᠶ᠂ ᠱᠧᠨᠵᠧᠨ᠂ ᠱᠠᠨᠳᠦ᠋ᠩ᠂ ᠱᠢ ᠵᠢᠶᠠ ᠵᠤᠸᠠᠩ᠂ ᠱᠠᠨ ᠰᠢ᠂ ᠪᠤᠭᠤᠲᠤ ᠵᠡᠷᠭᠡ ᠬᠤᠳᠠᠯᠳᠤᠭᠠᠨ ᠤ ᠡᠪᠯᠡᠯ ᠪᠠ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠨᠡᠶᠢᠳᠠ 217 ᠠᠵᠤ ᠠᠬᠤᠶᠢᠯᠠᠯ ᠤᠨ 409 ᠠᠵᠤ ᠠᠬᠤᠶᠢᠯᠠᠯᠲᠠᠨ ᠪᠣᠯᠣᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠢᠭᠤᠯᠴᠢᠯᠠᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠭᠡᠷ ᠬᠢᠭᠡᠳ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠵᠠᠰᠠᠭ ᠤᠨ ᠤᠳᠤᠷᠢᠳᠤᠯᠭ᠎ᠠ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号