ᠪᠦᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠥᠬᠡᠬᠤᠲᠠ ᠳᠤ ᠬᠢᠪᠡ
ᠨᠡᠶᠢᠲᠡᠯᠡᠭᠰᠡᠨ ᠴᠠᠭ᠄
2016/9/29
          9 ᠳ᠋ᠦ᠋ᠭᠡᠷ ᠰᠠᠷ᠎ᠠ ᠶᠢᠨ 26᠎ ᠤ ᠡᠳᠦᠷ ᠠᠴᠠ 27 ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠪᠦᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠥᠬᠡᠬᠤᠲᠠ ᠳᠤ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠳᠡᠳ᠋ ᠱᠦᠵᠢ ᠲᠤᠤ ᠵᠢᠶᠠᠨ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠦ ᠯᠢ ᠮᠢᠩ᠂ ᠥᠪᠡᠷᠲᠡᠭᠡᠨ ᠵᠠᠰᠠᠬᠤ ᠣᠷᠣᠨ ᠤ ᠠᠯᠪᠠᠲᠠᠨ ᠤ ᠲᠣᠪᠴᠢᠶᠠᠨ ᠤ ᠳᠡᠳ᠋ ᠳᠠᠷᠤᠭ᠎ᠠ ᠰᠢᠶᠧ ᠰᠢᠦᠸᠠᠢ ᡁᠢ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠯᠪᠠᠲᠠᠨ ᠤ ᠲᠣᠪᠴᠢᠶᠠᠨ ᠤ ᠳᠡᠳ᠋ ᠳᠠᠷᠤᠭ᠎ᠠ ᠰᠢᠶᠧ ᠰᠢᠦᠸᠠᠢ ᡁᠢ ︽ᠪᠥᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ︿ᠠᠷᠪᠠᠨ ᠰᠣᠳᠣᠨ﹀ ᠬᠠᠮᠲᠤ ᠪᠠ ︿ᠠᠷᠪᠠᠨ ᠰᠢᠯᠢᠳᠡᠭ﹀ ᠬᠤᠪᠢ ᠬᠥᠮᠦᠨ ᠢ ᠬᠦᠭᠢᠭᠦᠯᠣᠠ ᠰᠠᠶᠢᠰᠢᠶᠠᠬᠤ ᠲᠤᠬᠠᠶ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠥᠷ ᠮᠣᠩᠭᠤᠯ ᠤᠨ ᠬᠠᠤᠯᠢ ᠴᠠᠭᠠᠵᠠ ᠶᠢᠨ ᠲᠢᠩᠬᠢᠮ ᠤᠨ ᠲᠣᠭᠲᠠᠭᠠᠯ︾᠎ ᠢ ᠤᠩᠰᠢᠨ ᠨᠡᠶᠢᠲᠡᠯᠡᠵᠦ᠂ 100 ᠬᠠᠮᠲᠤ ᠪᠠ 100 ᠬᠤᠪᠢ ᠬᠥᠮᠦᠨ ᠎ ᠢ ᠬᠥᠬᠢᠭᠦᠯᠦᠨ ᠰᠠᠶᠢᠰᠢᠶᠠᠵᠤ᠂ ᠥᠪᠥᠷ ᠮᠣᠩᠭᠤᠯ ᠤᠨ ᠲᠧᠯᠸᠢᠰ ᠬᠤᠷᠢᠶ᠎ᠠ ᠳᠤ ᠦᠪᠡᠳᠡᠭᠰᠢ ᠶᠡᠭᠡ ᠱᠠᠩᠨᠠᠯ ᠣᠯᠭᠤᠬᠤ ᠶᠣᠰᠣᠯᠠᠯ ᠡᠷᠬᠢᠯᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠳᠡᠳ᠋ ᠱᠦᠵᠢ ᠲᠤᠤ ᠵᠢᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠲᠡᠷᠡ ᠵᠢᠭᠠᠭᠰᠠᠨ ᠨᠢ᠂ ᠰᠢᠨ᠎ᠡ ᠡᠬᠢᠯᠡᠯᠲᠡ ᠳᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ ᠡᠷᠬᠡᠪᠰᠢ ᠰᠢᠨ᠎ᠡ ᠠᠷᠭ᠎ᠠ ᠬᠡᠮᠵᠢᠶ᠎ᠡ ᠠᠪᠴᠤ᠂ ᠰᠢᠨ᠎ᠡ ᠠᠵᠢᠯᠯᠠᠭ᠎ᠠ ᠶᠢ ᠪᠠᠳᠠᠷᠠᠭᠤᠯᠵᠤ᠂ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠶ᠄ ᠨᠢᠭᠡ ᠳᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠤᠯᠤᠰ ᠲᠦᠷᠦ ᠶᠢᠨ ᠰᠢᠨᠵᠢ ᠴᠢᠨᠠᠷ ᠢ ᠪᠠᠲᠤ ᠴᠡᠭᠡᠵᠢᠯᠡᠵᠦ᠂ ᠡᠩᠨᠡᠭᠡᠨ ᠤ ᠰᠢᠳᠤᠷᠭᠤ ᠮᠥᠷᠲᠡᠭᠡᠨ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠬᠤᠶᠠᠷ ᠲᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠲᠤᠰᠢᠶᠠᠯ ᠬᠠᠷᠢᠭᠤᠴᠠᠯᠭ᠎ᠠ ᠪᠠ ᠡᠭᠦᠷᠭᠡ ᠪᠠᠨ ᠪᠠᠲᠤ ᠴᠡᠭᠡᠵᠢᠯᠡᠨ᠂ ᠴᠢᠳᠠᠪᠤᠷᠢ ᠲᠠᠢ ᠬᠡᠪ ᠪᠣᠯᠪᠠᠰᠤᠷᠠᠯ ᠰᠠᠶᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ︔ ᠭᠤᠷᠪᠠ ᠳᠤ ᠤᠯᠤᠰ ᠲᠦᠷᠦ ᠬᠠᠤᠯᠢ ᠴᠠᠭᠠᠵᠠ ᠶᠢ ᠨᠠᠮ ᠬᠠᠮᠢᠶᠠᠷᠬᠤ ᠵᠠᠷᠴᠢᠮ ᠢ ᠪᠠᠲᠤ ᠴᠡᠭᠡᠵᠢᠯᠡᠵᠦ᠂ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠦᠨᠡᠨ ᠬᠦ ᠪᠠᠲᠤᠯᠠᠬᠤ ᠬᠡᠷᠡᠭᠲᠡᠶ︔ ᠲᠦᠷᠪᠡ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠠᠷᠠᠯᠲᠠ ᠶᠢ ᠪᠠᠲᠤ ᠴᠡᠭᠡᠵᠢᠯᠡᠵᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠦ ᠯᠢ ᠮᠢᠩ ᠨᠥᠬᠦᠷ ᠠᠵᠢᠯ ᠤᠨ ᠪᠠᠶᠢᠷᠢᠯᠠᠭᠤᠯᠤᠯᠲᠠ ᠬᠢᠪᠠ᠃      ᠲᠢᠩᠬᠢᠮ ᠤᠨ ᠳᠠᠷᠤᠭ᠎ᠠ ᠵᠧᠤ ᠯᠢ ᠮᠢᠩ ᠴᠢᠬᠤᠯᠠᠴᠢᠯᠠᠭᠰᠠᠨ ᠨᠢ᠂ ᠡᠩᠨᠡᠭᠡᠨ ᠤ ᠪᠠᠶᠢᠭᠤᠯᠤᠯᠲᠠ ᠪᠣᠯ ᠮᠠᠨ ᠤ ᠠᠵᠢᠯ ᠤᠨ ᠳᠤᠮᠳᠠᠬᠢ ᠮᠥᠩᠬᠡ ᠶᠢᠨ ᠭᠤᠣᠯ ᠰᠡᠳᠦᠪ ᠮᠥᠨ᠂ ᠬᠡᠵᠢᠶ᠎ᠡ ᠴᠦ ᠴᠠᠭ ᠦᠶ᠎ᠡ ᠠᠴᠠ ᠬᠤᠴᠣᠷᠬᠤ ᠦᠭᠡᠢ ᠶᠤᠮ᠃ ᠡᠩᠨᠡᠭᠡᠨ ᠤ ᠪᠠᠶᠢᠭᠤᠯᠤᠯᠲᠠ ᠶᠢ ᠦᠨᠡᠨ ᠬᠦ ᠲᠦᠯᠬᠢᠨ ᠠᠬᠢᠭᠤᠯᠬᠤ ᠳᠤ᠂ ᠲᠦᠢᠯ ᠤᠨ ᠣᠨᠣᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠬᠡᠷᠡᠭᠲᠡᠶ᠃ ᠨᠢᠭᠡ ᠳᠤ ᠤᠳᠤᠷᠢᠳᠬᠤ ᠪᠠᠭ ᠤᠨ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠤᠳᠤᠷᠢᠳᠬᠤ ᠪᠠᠭ ᠢ ᠰᠠᠶᠢᠲᠤᠷ ᠰᠣᠩᠭᠤᠵᠤ ᠴᠢᠩᠭ᠎ᠠ ᠲᠣᠬᠢᠷᠠᠭᠤᠯᠬᠤ ᠬᠡᠷᠡᠭᠲᠡᠢ᠃ ᠬᠤᠶᠠᠷ ᠲᠤ ᠬᠡᠪ ᠪᠣᠯᠪᠠᠰᠤᠷᠠᠯ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠡᠩᠨᠡᠭᠡᠨ ᠤ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠺᠠᠳ᠋ᠷ ᠴᠠᠭᠳᠠᠭ᠎ᠠ ᠨᠠᠷ ᠲᠥᠪ ᠰᠢᠳᠤᠷᠭᠤ ᠪᠠᠶᠢᠬᠤ᠂ ᠡᠩᠨᠡᠭᠡᠨ ᠤ ᠠᠷᠢᠭᠤᠨ ᠴᠢᠬᠡᠴᠢ ᠪᠠᠶᠢᠬᠤ᠂ ᠬᠠᠤᠯᠢ ᠬᠡᠷᠡᠭᠵᠢᠭᠦᠯᠬᠦ ᠢᠯᠡ ᠲᠣᠳᠣ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠦᠷᠪᠡ ᠳᠤ ᠲᠣᠭᠲᠠᠴᠠ ᠶᠢᠨ ᠪᠠᠶᠢᠭᠤᠯᠤᠯᠲᠠ ᠶᠢ ᠤᠯᠠᠮ ᠴᠢᠩᠭᠠᠳᠬᠠᠵᠤ ᠬᠠᠷᠢᠴᠠᠬᠤ᠂ ᠬᠥᠭᠵᠢᠭᠦᠯᠬᠦ ᠬᠠᠷᠠᠴᠠ ᠪᠠᠷ ᠠᠰᠠᠭᠤᠳᠠᠯ ᠢ ᠦᠵᠡᠬᠦ ᠪᠠ ᠰᠢᠢᠳᠪᠦᠷᠢᠯᠡᠬᠦ ᠬᠡᠷᠡᠭᠲᠡᠶ᠃ ᠲᠠᠪᠤ ᠳᠤ ᠲᠦᠷᠢᠮ ᠤᠨ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠳᠦᠷᠢᠮ ᠠᠴᠠ ᠠᠳᠠᠯᠢ ᠪᠤᠰᠤ ᠬᠡᠯᠪᠡᠷᠢ ᠶᠢᠨ ᠡᠩᠨᠡᠭᠡᠨ ᠳᠤ ᠦᠵᠡᠭᠦᠯᠬᠦ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠬᠤ ᠬᠡᠷᠡᠭᠲᠡᠢ᠃ ᠵᠢᠷᠭᠤᠭ᠎ᠠ ᠳᠤ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠡᠩᠨᠡᠭᠡ ᠶᠢᠨ ᠤᠶᠤᠨ ᠰᠠᠨᠠᠭᠠᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠬᠡᠷᠡᠭᠲᠡᠢ᠃ ᠳᠣᠯᠤᠭ᠎ᠠ ᠳᠤ ᠵᠣᠷᠢᠭᠲᠠᠶ ᠪᠠᠷ ᠥᠭᠡᠷᠡᠴᠢᠯᠡᠯᠲᠡ ᠬᠢᠵᠦ᠂ ᠡᠩᠨᠡᠭᠡᠨ ᠤ ᠪᠠᠶᠢᠭᠤᠯᠤᠯᠲᠠ ᠶᠢᠨ ᠠᠵᠢᠯ ᠳᠤ ᠰᠢᠨ᠎ᠡ ᠬᠥᠳᠡᠯᠭᠡᠭᠴᠢ ᠬᠦᠴᠦᠨ ᠢ ᠣᠷᠣᠭᠤᠯᠤᠨ ᠠᠪᠴᠢᠷᠠᠬᠤ ᠬᠡᠷᠡᠭᠲᠡᠢ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠣᠨᠴᠠᠯᠢᠭ ᠲᠤ ᠲᠣᠬᠢᠷᠠᠬᠤ ᠣᠨᠴᠠᠭᠠᠶ ᠡᠯᠰᠡᠨ ᠠᠪᠬᠤ ᠳᠦᠷᠢᠮ ᠢ ᠰᠦᠪᠡᠭᠴᠢᠯᠡᠨ ᠪᠠᠶᠢᠭᠤᠯᠵᠤ᠂ ᠠᠷᠠᠳ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ ᠣᠷᠣᠨ ᠲᠤᠭ᠎ᠠ᠂ ᠠᠵᠢᠯᠲᠠᠨ ᠬᠦᠷᠦᠯᠴᠡᠬᠦ ᠦᠭᠡᠢ ᠪᠠᠶᠢᠬᠤ ᠪᠠ ᠵᠡᠷᠭᠡ ᠲᠤᠰᠢᠶᠠᠯ ᠤᠨ ᠬᠦᠷᠲᠡᠭᠡᠮᠵᠢ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠢᠯ ᠮᠡᠷᠭᠡᠵᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠦᠨᠡᠯᠡᠨ ᠵᠣᠷᠢᠭᠵᠢᠭᠤᠯᠬᠤ ᠲᠣᠭᠲᠠᠴᠠ ᠶᠢ ᠰᠠᠶᠢᠵᠢᠷᠠᠭᠤᠯᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠪᠤᠭᠤᠲᠤ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠰᠢᠯᠢ ᠶᠢᠨ ᠭᠤᠣᠯ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ᠂ ᠵᠠᠯᠠᠨ ᠠᠶᠢᠯ ᠭᠢᠨᠳᠠᠨ᠂ ᠦᠬᠠᠶ ᠬᠤᠳᠠ ᠶᠢᠨ ᠠᠯᠪᠠᠳᠠᠨ ᠲᠤᠰᠠᠭᠠᠷᠯᠠᠵᠤ ᠬᠤᠣᠷ ᠲᠠᠲᠠᠬᠤ ᠶᠢ ᠵᠣᠭᠰᠣᠭᠠᠬᠤ ᠭᠠᠵᠠᠷ ᠵᠡᠷᠭᠡ ᠳᠥᠷᠪᠡᠨ ᠨᠢᠭᠡᠴᠡ ᠡᠩᠨᠡᠭᠡᠨ ᠤ ᠪᠠᠶᠢᠭᠤᠯᠤᠯᠲᠠ ᠶᠢᠨ ᠲᠤᠷᠰᠢᠯᠭ᠎ᠠ ᠪᠠᠨ ᠰᠣᠯᠢᠯᠴᠠᠬᠤ ᠶᠠᠷᠢᠶ᠎ᠠ ᠲᠠᠯᠪᠢᠭᠰᠠᠨ ᠤ ᠬᠠᠮᠲᠤ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠲᠦᠩᠯᠢᠶᠣᠤ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠤᠯᠠᠭᠠᠨᠴᠠᠪ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠣᠷ ᠲᠠᠲᠠᠬᠤ ᠶᠢ ᠵᠣᠭᠰᠣᠭᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ 5 ᠨᠢᠭᠡᠴᠡ ᠶᠢᠨ ᠠᠵᠢᠯ ᠤᠨ ᠪᠠᠶᠢᠷᠢ ᠳᠡᠭᠡᠷ᠎ᠡ ᠲᠠᠪᠲᠠᠨ ᠪᠣᠯᠪᠠᠰᠤᠷᠠᠭᠤᠯᠬᠤ ᠰᠣᠳᠣᠨ ᠦᠷ᠎ᠡ ᠪᠦᠲᠦᠭᠡᠯ ᠤᠨ ᠦᠵᠡᠭᠦᠯᠦᠯᠭᠡ ᠶᠢ ᠵᠣᠬᠢᠶᠠᠨ ᠪᠠᠶᠢᠭᠤᠯᠤᠨ ᠦᠵᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠥᠬᠢᠭᠦᠯᠦᠨ ᠱᠠᠩᠨᠠᠬᠤ ᠲᠦᠷ ᠬᠡᠷᠡᠭᠵᠢᠭᠦᠯᠬᠦ ᠠᠷᠭ᠎ᠠ︾ ᠵᠡᠷᠭᠡ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠣᠳᠣᠯᠣᠨ ᠶᠠᠷᠢᠯᠴᠠᠪᠠ᠃      ᠡᠯ᠎ᠡ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠮᠠᠨᠵᠤᠤᠷ ᠬᠤᠳᠠ᠂ ᠡᠷᠢᠶᠡᠨ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠣᠷ ᠲᠠᠲᠠᠬᠤ ᠶᠢ ᠵᠣᠭᠰᠣᠭᠠᠬᠤ ᠬᠠᠮᠢᠶᠠᠷᠤᠯᠲᠠ ᠶᠢᠨ ᠲᠣᠪᠴᠢᠶ᠎ᠠ ᠬᠢᠭᠡᠳ ᠡᠯ᠎ᠡ ᠭᠢᠨᠳᠠᠨ ᠤ ᠨᠢᠭᠡᠴᠡ᠂ ᠠᠯᠪᠠᠳᠠᠨ ᠲᠤᠰᠠᠭᠠᠷᠯᠠᠵᠤ ᠬᠤᠣᠷ ᠲᠠᠲᠠᠬᠤ ᠶᠢ ᠵᠣᠭᠰᠣᠭᠠᠬᠤ ᠭᠠᠵᠠᠷ ᠤᠨ ᠭᠤᠣᠯ ᠬᠠᠷᠢᠭᠤᠴᠠᠯᠭᠠᠲᠠᠳ ᠪᠣᠯᠣᠨ ᠤᠯᠤᠰ ᠲᠦᠷᠦ ᠶᠢᠨ ᠭᠠᠵᠠᠷ ᠤᠨ ᠡᠷᠬᠢᠯᠡᠭᠴᠢ᠂ ︽ᠬᠤᠣᠰ ᠠᠷᠪᠠᠨ ᠰᠢᠯᠢᠳᠡᠭ︾᠎ ᠢᠶᠠᠷ ᠦᠨᠡᠯᠡᠭᠳᠡᠭᠰᠡᠨ ᠬᠠᠮᠲᠤ᠂ ᠬᠤᠪᠢ ᠬᠥᠮᠦᠨ ᠤ ᠲᠥᠯᠥᠭᠡᠯᠡᠭᠴᠢ ᠵᠡᠷᠭᠡ ᠨᠡᠶᠢᠲᠡ 160 ᠬᠥᠮᠦᠨ ᠬᠤᠷᠠᠯ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号