ᠬᠥᠬᠡᠬᠤᠲᠠ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ | ᠦᠨᠳᠦᠰᠦᠨ ᠳᠠᠭᠠᠳᠬᠠᠯ ᠢ 2016 ᠣᠨ ᠤ 1 ᠳ᠋ᠦ᠋ᠭᠡᠷ ᠰᠠᠷ᠎ᠠ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠤ | ᠨᠢᠭᠡᠳᠦᠯᠲᠡᠶ ᠰᠦᠢᠳᠬᠡᠯ ᠲᠤᠰᠢᠶᠠᠬᠤ ᠰᠠᠭᠤᠷᠢ ᠲᠤᠭ᠎ᠠ᠂ ᠰᠦᠢᠳᠬᠡᠯ ᠲᠤᠰᠢᠶᠠᠬᠤ ᠬᠠᠷᠢᠴᠠᠯ ᠪᠣᠯᠣᠨ ᠣᠯᠭᠤᠮᠵᠢ | ᠪᠤᠳᠤᠵᠤ ᠥᠭᠬᠦ ᠵᠢᠴᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠢ ᠨᠥᠬᠦᠵᠦ | ᠲᠤᠰᠢᠶᠠᠬᠤ ᠠᠷᠭ᠎ᠠ ᠶᠢ ᠬᠡᠷᠡᠭᠵᠢᠭᠦᠯᠪᠡ᠃ 2016 ᠣᠨ ᠤ ᠰᠦᠢᠳᠬᠡᠯ ᠲᠤᠰᠢᠶᠠᠬᠤ ᠰᠠᠭᠤᠷᠢ ᠲᠤᠭ᠎ᠠ ᠪᠣᠯ | ᠥᠪᠡᠷᠲᠡᠭᠡᠨ ᠵᠠᠰᠠᠬᠤ ᠣᠷᠣᠨ ᠤ 2015 ᠣᠨ ᠤ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ | ᠰᠠᠷ᠎ᠠ ᠶᠢᠨ ᠳᠤᠮᠳᠠᠴᠢ ᠴᠠᠯᠢᠩ 4823 ᠲᠥᠭᠦᠷᠢᠭ ᠪᠣᠯᠣᠨ᠎ᠠ᠂ ᠠᠵᠤ ᠠᠬᠤᠶᠢᠯᠠᠯ ᠤᠨ ᠨᠢᠭᠡᠴᠡ ᠶᠢᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ︽ᠲᠤᠰ ᠨᠢᠭᠡᠴᠡ ᠶᠢᠨ ᠪᠦᠬᠦ | ᠠᠵᠢᠯᠳᠠᠨ ᠠᠵᠢᠯᠴᠢᠨ ᠤ ᠬᠤᠪᠢ ᠬᠥᠮᠦᠨ ᠤ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢᠨ ᠨᠡᠶᠢᠯᠡᠪᠦᠷᠢ︾ ᠪᠠᠷ | ᠰᠠᠭᠤᠷᠢ ᠲᠤᠭ᠎ᠠ ᠪᠣᠯᠭᠠᠵᠤ ᠪᠠᠶᠢᠭᠰᠠᠨ ᠠᠴᠠ ᠨᠢ ︽ᠲᠤᠰ ᠨᠢᠭᠡᠴᠡ ᠶᠢᠨ ᠠᠵᠢᠯᠲᠠᠨ ᠠᠵᠢᠯᠴᠢᠨ ᠤ ᠴᠠᠯᠢᠩ ᠤᠨ | ᠪᠦᠬᠦ ᠲᠤᠭ᠎ᠠ︾ ᠪᠠᠷ ᠰᠠᠭᠤᠷᠢ ᠲᠤᠭ᠎ᠠ ᠪᠣᠯᠭᠠᠨ ᠥᠭᠡᠷᠡᠴᠢᠯᠡᠵᠦ᠂ ᠠᠵᠤ ᠠᠬᠤᠶᠢᠯᠠᠯ ᠨᠢᠭᠡᠴᠡ ᠶᠢᠨ ᠰᠠᠷ᠎ᠠ ᠶᠢᠨ | ᠰᠦᠢᠳᠬᠡᠯ ᠲᠤᠰᠢᠶᠠᠬᠤ ᠰᠠᠭᠤᠷᠢ ᠲᠤᠭ᠎ᠠ ᠨᠢ ᠳᠠᠭᠠᠳᠬᠠᠯ ᠳᠤ ᠣᠷᠣᠯᠴᠠᠭᠰᠠᠨ ᠬᠥᠮᠦᠰ ᠤᠨ ᠰᠦᠢᠳᠬᠡᠯ ᠲᠤᠰᠢᠶᠠᠬᠤ | ᠰᠠᠭᠤᠷᠢ ᠲᠣᠭᠠᠨ ᠤ ᠨᠡᠶᠢᠯᠡᠪᠦᠷᠢ ᠠᠴᠠ ᠳᠣᠣᠷ᠎ᠠ ᠪᠠᠶᠢᠪᠠᠯ᠂ ᠳᠠᠭᠠᠳᠬᠠᠯ ᠳᠤ ᠣᠷᠣᠯᠴᠠᠭᠰᠠᠨ ᠬᠥᠮᠦᠰ ᠤᠨ | ᠲᠤᠰᠢᠶᠠᠬᠤ ᠰᠦᠢᠳᠬᠡᠯ ᠤᠨ ᠨᠡᠶᠢᠯᠡᠪᠦᠷᠢ ᠪᠠᠷ ᠨᠢᠭᠡᠴᠡ ᠶᠢᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ | ᠬᠠᠷᠭᠤᠭᠤᠯᠤᠨ ᠲᠣᠭᠲᠠᠭᠠᠨ᠎ᠠ᠃ ᠠᠮᠢᠳᠤᠯᠢᠭ ᠢᠶᠠᠷ ᠠᠵᠢᠯ ᠣᠯᠤᠭᠰᠠᠳ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠨᠢ ᠪᠥᠬᠦ ᠣᠷᠣᠨ ᠤ ᠠᠵᠢᠯ ᠤᠨ ᠪᠠᠶᠢᠷᠢ ᠳᠤ ᠪᠠᠶᠢᠭ᠎ᠠ | ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 50%᠂ 60%᠂ 100%᠂ 200%᠂ 300% ᠭᠡᠬᠦ | ᠲᠠᠪᠤᠨ ᠳᠡᠰ ᠬᠤᠪᠢᠶᠠᠵᠤ᠂ ᠠᠮᠢᠳᠤᠯᠢᠭ ᠢᠶᠠᠷ ᠠᠵᠢᠯ ᠣᠯᠤᠭᠰᠠᠳ ᠤᠨ ᠰᠠᠶᠢᠨ ᠳᠤᠷ᠎ᠠ ᠪᠠᠷ ᠨᠢ ᠰᠤᠩᠭᠤᠭᠤᠯᠤᠨᠠ᠃ | 2016 ᠣᠨ ᠳᠤ ᠠᠵᠤ ᠠᠬᠤᠶᠢᠯᠠᠯ ᠤᠨ ᠰᠢᠨ᠎ᠡ ᠪᠠᠷ ᠠᠵᠢᠯ ᠠᠴᠠ ᠪᠠᠨ ᠪᠠᠭᠤᠭᠰᠠᠳ ᠤᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠮᠥᠩᠭᠦ᠂ ᠠᠵᠤ ᠠᠬᠤᠶᠢᠯᠠᠯ ᠤᠨ ᠠᠵᠢᠯ ᠠᠴᠠ ᠪᠠᠭᠤᠭᠰᠠᠳ ᠤᠨ ᠠᠵᠢᠯ ᠠᠴᠠ | ᠪᠠᠭᠤᠭᠰᠠᠨ ᠠᠮᠢᠳᠤᠷᠠᠯ ᠤᠨ ᠵᠠᠷᠤᠳᠠᠯ᠂ ᠳᠠᠭᠠᠳᠬᠠᠯ ᠳᠤ ᠣᠷᠣᠯᠴᠠᠭᠰᠠᠳ ᠤᠨ ᠨᠠᠰᠤ ᠪᠠᠷᠠᠭᠰᠠᠨ ᠣᠷᠣᠰᠢᠭᠤᠯᠭ᠎ᠠ | ᠶᠢᠨ ᠮᠥᠩᠭᠦ ᠶᠢ ᠪᠣᠳᠣᠬᠤ ᠦᠶᠡᠰ ᠥᠪᠡᠷᠲᠡᠭᠡᠨ ᠵᠠᠰᠠᠬᠤ ᠣᠷᠣᠨ ᠤ 2015 ᠣᠨ ᠤ ᠠᠵᠢᠯ ᠤᠨ ᠪᠠᠶᠢᠷᠢ ᠳᠤ | ᠪᠠᠶᠢᠭᠰᠠᠨ ᠠᠵᠢᠯᠲᠠᠨ ᠠᠵᠢᠯᠴᠢᠨ ᠤ ᠳᠤᠮᠳᠠᠴᠢ ᠴᠠᠯᠢᠩ ᠢᠶᠠᠷ ᠰᠠᠭᠤᠷᠢ ᠲᠤᠭ᠎ᠠ ᠪᠣᠯᠭᠠᠵᠤ ᠬᠡᠷᠡᠭᠯᠡᠨ᠎ᠡ᠃ 2016 | ᠣᠨ ᠳᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠢᠶᠠᠨ ᠨᠥᠬᠦᠵᠦ ᠲᠤᠰᠢᠶᠠᠬᠤ | ᠳᠠᠭᠠᠳᠬᠠᠯ ᠳᠤ ᠣᠷᠣᠯᠴᠠᠭᠠᠳᠤᠢ ᠨᠢᠭᠡᠴᠡ ᠶᠢᠨ ᠠᠵᠢᠯᠲᠠᠨ ᠠᠵᠢᠯᠴᠢᠨ ᠪᠣᠯᠣᠨ ᠠᠮᠢᠳᠤᠯᠢᠭ ᠢᠶᠠᠷ ᠠᠵᠢᠯ ᠣᠯᠤᠭᠰᠠᠳ | ᠤᠨ ᠨᠥᠬᠦᠵᠦ ᠲᠤᠰᠢᠶᠠᠬᠤ ᠰᠠᠭᠤᠷᠢ ᠲᠤᠭ᠎ᠠ ᠳᠤ 2015 ᠣᠨ ᠤ ᠥᠪᠡᠷᠲᠡᠭᠡᠨ ᠵᠠᠰᠠᠬᠤ ᠣᠷᠣᠨ ᠤ ᠠᠵᠢᠯ ᠤᠨ | ᠪᠠᠶᠢᠷᠢ ᠳᠤ ᠪᠠᠶᠢᠭᠰᠠᠨ ᠠᠵᠢᠯᠲᠠᠨ ᠠᠵᠢᠯᠴᠢᠨ ᠤ ᠳᠤᠮᠳᠠᠴᠢ ᠴᠠᠯᠢᠩ ᠢᠶᠠᠷ ᠨᠢᠭᠡᠲᠦᠯᠲᠡᠢ ᠬᠡᠷᠡᠭᠵᠢᠭᠦᠯᠦᠨ᠎ᠡ᠃ |