ᠥᠪᠥᠷ ᠮᠣᠩᠭᠤᠯ ᠄ ᠥᠨᠳᠥᠷ ᠳᠤᠮᠳᠠᠳᠤ ᠶᠢᠨ ᠨᠢᠭᠡᠳᠦᠭᠡᠷ ᠣᠨ ᠤ ᠰᠤᠷᠤᠭᠴᠢ ᠰᠤᠷᠭᠠᠭᠤᠯᠢ ᠳᠤ ᠣᠷᠣᠪᠠᠯ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠢᠯᠭᠠᠬᠤ ᠬᠠᠷᠢᠶᠠᠯᠠᠯ ᠢᠶᠠᠨ ᠳᠠᠩᠰᠠᠯᠠᠭᠤᠯᠬᠤ ᠴᠢᠬᠤᠯᠠᠲᠠᠶ
ᠨᠡᠶᠢᠲᠡᠯᠡᠭᠰᠡᠨ ᠴᠠᠭ᠄
2016/9/29
      ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠭᠴᠢ ᠰᠤᠷᠭᠠᠭᠤᠯᠢ ᠳᠠᠭᠠᠨ ᠤᠷᠤᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠢᠯᠭᠠᠬᠤ ᠬᠠᠷᠢᠶᠠᠯᠠᠯ ᠢᠶᠠᠨ ᠳᠠᠩᠰᠠᠯᠠᠭᠤᠯᠤᠨ ᠪᠦᠷᠢᠨᠰᠢᠭᠦᠯᠬᠦ ᠬᠡᠷᠡᠭᠲᠡᠶ᠃ ᠰᠢᠯᠭᠠᠬᠤ ᠬᠠᠷᠢᠶᠠᠯᠠᠯ ᠢᠶᠠᠨ ᠳᠠᠩᠰᠠᠯᠠᠭᠤᠯᠤᠨ ᠪᠦᠷᠢᠨᠰᠢᠭᠦᠯᠬᠦ ᠠᠴᠠ ᠡᠮᠦᠨ᠎ᠡ᠂ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠢᠶᠠᠨ ᠡᠷᠬᠡᠪᠰᠢ ᠤᠷᠢᠳᠴᠢᠯᠠᠨ ᠭᠦᠢᠴᠡᠳᠬᠡᠬᠦ ᠬᠡᠷᠡᠭᠲᠡᠢ᠃ ᠣᠶᠢᠯᠠᠭᠠᠭᠰᠠᠨ ᠢᠶᠠᠷ᠂ ᠳᠠᠩᠰᠠᠯᠠᠭᠤᠯᠬᠤ ᠴᠠᠭ ᠨᠢ 2016 ᠣᠨ ᠤ 10 ᠳ᠋ᠤᠭᠠᠷ ᠰᠠᠷ᠎ᠠ ᠶᠢᠨ 11~20᠎ ᠤ ᠡᠳᠦᠷ ᠪᠣᠯᠲᠠᠯ᠎ᠠ ᠶᠠᠪᠤᠭᠳᠠᠨ᠎ᠠ᠂ ᠳᠠᠩᠰᠠᠯᠠᠭᠤᠯᠤᠭᠰᠠᠳ ᠨᠢ ᠪᠣᠯ 2016 ᠣᠨ ᠳᠤ ᠰᠤᠷᠭᠠᠭᠤᠯᠢ ᠳᠤ ᠤᠷᠤᠭᠰᠠᠨ ᠥᠪᠡᠷᠲᠡᠭᠡᠨ ᠵᠠᠰᠠᠬᠤ ᠣᠷᠣᠨ ᠤ ᠬᠠᠷᠢᠶᠠᠲᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠭᠴᠢ ᠪᠣᠯᠤᠨ᠎ᠠ᠃ ᠳᠠᠩᠰᠠᠯᠠᠭᠤᠯᠬᠤ ᠠᠷᠭ᠎ᠠ ᠭᠡᠪᠡᠯ᠄ ᠨᠢᠭᠡᠳᠦᠭᠡᠷ ᠣᠨ ᠤ ᠰᠤᠷᠤᠭᠴᠢᠳ ᠡᠷᠬᠡᠪᠰᠢ ᠲᠣᠭᠲᠠᠭᠰᠠᠨ ᠴᠠᠭ ᠤᠨ ᠳᠣᠲᠤᠷ᠎ᠠ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠤ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠤᠪᠠᠭ ᠲᠤ ᠰᠢᠯᠭᠠᠬᠤ ᠬᠠᠷᠢᠶᠠᠯᠠᠯ ᠢᠶᠠᠨ ᠳᠠᠩᠰᠠᠯᠠᠭᠤᠯᠬᠤ ᠬᠡᠷᠡᠭᠲᠡᠢ︔ 2016 ᠣᠨ ᠤ ᠪᠦᠬᠦ ᠤᠷᠤᠨ ᠤ ᠨᠢᠭᠡᠳᠦᠯᠲᠡᠶ ᠵᠣᠬᠢᠶᠠᠨ ᠪᠠᠶᠢᠭᠤᠯᠤᠭᠰᠠᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠡᠪᠰᠢᠬᠦ ᠰᠢᠯᠭᠠᠯᠲᠠ ᠶᠢᠨ ᠰᠤᠷᠤᠭᠴᠢ ᠡᠯᠰᠡᠬᠦ ᠨᠡᠷ᠎ᠡ ᠮᠡᠳᠡᠭᠦᠯᠬᠦ ᠳᠤ ᠤᠷᠤᠯᠴᠠᠭᠰᠠᠨ ᠰᠤᠷᠤᠭᠴᠢ ᠪᠦᠬᠦᠨ ᠲᠡᠬᠢᠠ ᠳᠠᠩᠰᠠᠯᠠᠭᠤᠯᠬᠤ ᠪᠠ ᠲᠤᠬᠠᠢ ᠶᠢᠨ ᠲᠠᠯᠠᠪᠠᠢ ᠳᠤ ᠰᠡᠭᠦᠳᠡᠷ ᠠᠪᠤᠭᠤᠯᠬᠤ ᠴᠢᠬᠤᠯᠠ ᠦᠭᠡᠢ᠂ ᠵᠥᠪᠬᠡᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠨᠣᠮᠧᠷ ᠪᠣᠯᠤᠨ ᠨᠢᠭᠤᠴᠠ ᠨᠣᠮᠧᠷ ᠢᠶᠠᠷ ᠢᠶᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠢᠯᠭᠠᠬᠤ ᠬᠠᠷᠢᠶᠠᠯᠠᠯ ᠤᠨ ᠬᠠᠮᠢᠶᠠᠷᠤᠯᠲᠠ ᠶᠢᠨ ᠰᠢᠰᠲ᠋ᠧᠮ︾᠎ ᠳᠤ ᠬᠤᠪᠢ ᠬᠥᠮᠦᠨ ᠤ ᠮᠡᠳᠡᠭᠡ ᠵᠠᠩᠬᠢ ᠪᠠᠨ ᠵᠠᠰᠠᠨ ᠨᠦᠬᠦᠪᠦᠷᠢᠯᠡᠪᠡᠯ ᠪᠣᠯᠴᠢᠬᠠᠨ᠎ᠠ᠃ ᠵᠠᠰᠠᠨ ᠨᠥᠬᠦᠪᠥᠷᠢᠯᠡᠭᠰᠡᠨ ᠤ ᠳᠠᠷᠠᠭᠠᠬᠢ ᠮᠡᠳᠡᠭᠡ ᠵᠠᠩᠭᠢ ᠶᠢ ᠲᠡᠭᠦᠨ ᠤ ᠰᠤᠷᠤᠯᠴᠠᠵᠤ ᠪᠠᠶᠢᠭᠰᠠᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠬᠢ ᠶᠢᠨ ᠡᠷᠬᠢᠯᠡᠭᠴᠢ ᠨᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠵᠤ ᠵᠦᠪᠰᠢᠶᠡᠷᠡᠪᠡᠯ ᠳᠠᠷᠤᠢ ᠰᠢᠯᠭᠠᠬᠤ ᠬᠠᠷᠢᠶᠠᠯᠠᠯ ᠤᠨ ᠳᠠᠩᠰᠠᠯᠠᠯᠲᠠ ᠶᠢ ᠪᠡᠶᠡᠯᠡᠭᠦᠯᠴᠢᠬᠡᠨ᠎ᠡ᠃ ᠳᠠᠩᠰᠠᠯᠠᠭᠤᠯᠬᠤ ᠰᠤᠷᠤᠭᠴᠢ ᠪᠦᠬᠦᠨ ᠡᠷᠬᠡᠪᠰᠢ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠵᠢᠩᠬᠢᠨᠢ ᠪᠠᠷ ᠡᠯᠰᠡᠭᠳᠡᠭᠰᠡᠨ ᠰᠤᠷᠤᠭᠴᠢ ᠪᠠᠶᠢᠬᠤ ᠬᠡᠷᠡᠭᠲᠡᠢ︔ ᠲᠣᠭᠲᠠᠭᠠᠯ ᠢ ᠵᠦᠷᠢᠴᠡᠨ ᠠᠶᠢᠮᠠᠭ ᠬᠤᠳᠠ ᠠᠯᠤᠰᠯᠠᠨ ᠡᠯᠰᠡᠭᠰᠡᠨ ᠰᠤᠷᠤᠭᠴᠢ ᠳᠤ ᠪᠣᠯ ᠰᠢᠯᠭᠠᠬᠤ ᠬᠠᠷᠢᠶᠠᠯᠠᠯ ᠢ ᠳᠠᠩᠰᠠᠯᠠᠨ ᠥᠭᠴᠦ ᠣᠭᠲᠣ ᠪᠣᠯᠬᠤ ᠦᠭᠡᠶ︔ ᠪᠣᠢ ᠪᠦᠬᠦᠢ ᠳᠠᠩᠰᠠᠯᠠᠭᠤᠯᠬᠤ ᠠᠵᠢᠯ ᠳᠠᠭᠤᠰᠤᠭᠰᠠᠨ ᠤ ᠰᠡᠭᠦᠯᠡᠷ᠂ ᠥᠪᠡᠷᠲᠡᠭᠡᠨ ᠵᠠᠰᠠᠬᠤ ᠣᠷᠣᠨ ᠠᠴᠠ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠡᠭᠡᠷ᠎ᠡ ᠪᠤᠶ ᠪᠦᠬᠦᠢ ᠳᠠᠩᠰᠠᠯᠠᠭᠤᠯᠤᠭᠰᠠᠨ ᠰᠢᠨ᠎ᠡ ᠰᠤᠷᠤᠭᠴᠢᠳ ᠤᠨ ᠮᠡᠳᠡᠭᠡ ᠵᠠᠩᠭᠢ ᠶᠢ ᠨᠡᠶᠢᠲᠡᠯᠡᠵᠦ᠂ ᠰᠢᠯᠭᠠᠭᠤᠯᠤᠭᠰᠠᠳ᠂ ᠭᠡᠷ ᠤᠨ ᠠᠬᠠᠮᠠᠳ ᠪᠣᠯᠤᠨ ᠨᠡᠶᠢᠭᠡᠮ ᠤᠨ ᠬᠢᠨ ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠬᠦᠯᠢᠶᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号