| | 9 ᠳ᠋ᠦ᠋ᠭᠡᠷ ᠰᠠᠷ᠎ᠠ ᠶᠢᠨ 28 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ | ᠯᠢ ᠵᠢᠢ ᠾᠧᠩ ᠠᠯᠠᠱᠠ ᠠᠶᠢᠮᠠᠬ ᠤᠨ ᠪᠠᠶᠠᠨᠬᠤᠳᠠ ᠪᠠᠯᠭᠠᠰᠤ ᠶᠢᠨ ᠲᠤᠩᠭᠠᠯᠠᠬ ᠨᠠᠭᠤᠷ ᠭᠠᠴᠠᠭᠠᠨ ᠳᠤ ᠢᠷᠡᠵᠦ᠂ | ᠮᠠᠯᠴᠢᠨ ᠲᠡᠯᠭᠡᠷ ᠤᠨ ᠨᠢᠭᠡ ᠭᠡᠷ ᠤᠨ ᠬᠢᠨ ᠢ ᠳᠣᠲᠣᠨᠣᠰᠤᠭ ᠢᠶᠠᠷ ᠪᠣᠯᠭᠤᠭᠠᠨ ᠦᠵᠡᠪᠡ᠃ | 9 ᠳ᠋ᠦ᠋ᠭᠡᠷ ᠰᠠᠷ᠎ᠠ ᠶᠢᠨ 26 ᠠᠴᠠ 29 ᠤ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠱᠦᠵᠢ ᠯᠢ ᠵᠢᠢ ᠾᠧᠩ ᠠᠯᠠᠱᠠ ᠠᠶᠢᠮᠠᠭ᠂ ᠦᠬᠠᠢ ᠬᠤᠳᠠ ᠳᠤ ᠪᠠᠶᠢᠴᠠᠭᠠᠨ ᠰᠤᠳᠤᠯᠵᠦ᠂ ᠠᠵᠤ | ᠦᠢᠯᠡᠰ ᠤᠨ ᠬᠦᠷᠢᠶᠡᠯᠡᠩ ᠲᠤᠭᠤᠷᠢᠭ᠂ ᠭᠤᠤᠯᠳᠠᠯᠭ᠎ᠠ ᠲᠠᠢ ᠠᠵᠤ ᠠᠬᠤᠢᠢᠯᠠᠯ ᠪᠠ ᠠᠮᠢ ᠠᠬᠤᠢ ᠶᠢᠨ ᠪᠦᠳᠦᠭᠡᠨ | ᠪᠠᠶᠢᠭᠤᠯᠤᠯᠳᠠ᠂ ᠤᠷᠴᠢᠨ ᠲᠤᠭᠤᠷᠢᠨ ᠤ ᠬᠠᠮᠠᠭᠠᠯᠠᠯᠳᠠ᠂ ᠵᠢᠭᠤᠯᠴᠢᠯᠠᠯ ᠤᠨ ᠨᠡᠭᠡᠭᠡᠨ ᠬᠦᠭᠵᠢᠬᠦᠯᠦᠯᠳᠠ ᠵᠡᠷᠭᠡ | ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠮᠠᠯᠵᠢᠬᠤ ᠲᠠᠷᠢᠶᠠᠯᠠᠬᠤ ᠤᠷᠤᠨ ᠳᠤ | ᠬᠦᠨᠵᠡᠭᠡᠶᠢᠷᠡᠨ᠂ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠢ ᠪᠤᠯᠭᠤᠭᠠᠨ ᠦᠵᠡᠵᠦ ᠲᠤᠬᠤᠨᠢᠭᠤᠯᠵᠠᠢ᠃ | ᠲᠡᠷᠡ᠂ ᠡᠭᠡ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠬᠦᠯᠦᠨ ᠪᠠᠶᠢᠭᠤᠯᠬᠤ ᠪᠠᠷ ᠤᠯᠤᠰ ᠲᠦᠷᠦ ᠶᠢᠨ ᠬᠠᠷᠢᠭᠤᠴᠠᠯᠭ᠎ᠠ ᠪᠠ ᠲᠡᠦᠭᠡᠳᠦ ᠡᠬᠦᠷᠭᠡ ᠪᠠᠨ ᠪᠤᠯᠭᠠᠵᠦ᠂ ᠠᠮᠢ | ᠠᠬᠤᠢ ᠭᠡᠬᠦ ᠡᠨᠡᠬᠦ ᠬᠤᠷᠢᠭ᠎ᠠ ᠱᠤᠭᠤᠮ ᠢ ᠡᠷᠡᠰ ᠪᠠᠳᠤ ᠰᠠᠬᠢᠵᠦ᠂ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢ ᠯᠠᠪᠳᠠᠭᠤᠨ ᠪᠠᠳᠤᠳᠠᠢ ᠰᠠᠶᠢᠳᠤᠷ ᠠᠳᠬᠤᠵᠦ᠂ ᠤᠯᠠᠮᠵᠢᠯᠠᠯᠳᠦ ᠠᠵᠤ ᠦᠢᠯᠡᠰ ᠢ ᠦᠭᠡᠷᠡᠴᠢᠯᠡᠨ | ᠲᠡᠰ ᠲᠡᠪᠰᠢᠬᠦᠯᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠭᠰᠠᠨ ᠠᠵᠤ ᠦᠢᠯᠡᠰ ᠢ | ᠲᠦᠷᠭᠡᠳᠭᠡᠨ ᠪᠤᠶᠢᠵᠢᠭᠤᠯᠵᠦ᠂ ᠠᠵᠤ ᠠᠬᠤᠢ ᠶᠢᠨ ᠬᠦᠭᠵᠢᠯᠳᠠ ᠶᠢᠨ ᠠᠷᠭ᠎ᠠ ᠭᠡᠯᠪᠡᠷᠢ ᠶᠢ ᠬᠦᠴᠦᠯᠡᠨ | ᠬᠤᠪᠢᠷᠠᠭᠤᠯᠵᠦ᠂ ᠬᠦᠭᠵᠢᠯᠳᠠ ᠶᠢᠨ ᠶᠠᠰᠤ ᠴᠢᠨᠠᠷ ᠪᠠ ᠦᠷ᠎ᠠ ᠠᠰᠢᠭ ᠢ ᠦᠨᠡᠨᠬᠦ ᠳᠡᠭᠡᠭᠰᠢᠯᠡᠬᠦᠯᠬᠦ ᠭᠡᠷᠡᠭᠲᠡᠢ ᠭᠡᠵᠦ | ᠴᠢᠬᠤᠯᠠᠴᠢᠯᠠᠪᠠ᠃ | ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠪᠦ᠋ ᠰᠢᠶᠤᠤ ᠯᠢᠨ᠂ ᠵᠠᠩ ᠶᠤᠸᠠᠨ ᠵᠦᠩ᠂ ᠴᠠᠩ ᠵᠢᠶᠦ᠋ᠨ | ᠵᠧᠩ᠂ ᠸᠠᠩ ᠬᠤᠸᠠᠨ ᠴᠧᠩ ᠨᠠᠷ ᠤᠷᠢᠳ ᠬᠤᠵᠢᠳ ᠪᠠᠷ᠎ᠠ ᠪᠤᠯᠤᠯᠴᠠᠨ ᠪᠠᠶᠢᠴᠠᠭᠠᠨ ᠰᠤᠳᠤᠯᠵᠠᠢ᠃ | ᠪᠤᠬᠢᠷᠳᠤᠯ ᠦᠭᠡᠢ ᠬᠦᠭᠵᠢᠯᠳᠠ ᠪᠤᠯ ᠯᠢ ᠵᠢᠢ ᠾᠧᠩ ᠤᠨ ᠲᠤᠰ ᠤᠳᠠᠭᠠᠨ ᠤ ᠪᠠᠶᠢᠴᠠᠭᠠᠨ | ᠰᠤᠳᠤᠯᠤᠯᠳᠠ ᠶᠢᠨ ᠴᠢᠬᠤᠯᠠ ᠠᠭᠤᠯᠭ᠎ᠠ ᠪᠤᠯᠤᠨ᠎ᠠ᠃ ᠲᠡᠷᠡ ᠠᠯᠠᠱᠠ ᠠᠶᠢᠮᠠᠬ ᠤᠨ ᠲᠡᠭᠷᠢ ᠠᠵᠤ ᠠᠬᠤᠢ ᠮᠡᠷᠭᠡᠵᠢᠯ | ᠤᠨ ᠨᠡᠭᠡᠭᠡᠨ ᠬᠦᠭᠵᠢᠬᠦᠯᠦᠯᠳᠠ ᠶᠢᠨ ᠤᠷᠤᠨ ᠤ ᠤᠷᠴᠢᠨ ᠲᠤᠭᠤᠷᠢᠨ ᠤ ᠶᠡᠷᠦᠩᠭᠡᠶᠢᠯᠡᠭᠰᠡᠨ ᠴᠡᠭᠴᠡᠯᠡᠨ ᠵᠠᠰᠠᠯᠳᠠ᠂ | ᠦᠬᠠᠢ ᠨᠠᠭᠤᠷ ᠵᠢᠴᠢ ᠡᠷᠬᠢᠨ ᠲᠤᠭᠤᠷᠢᠨ ᠤ ᠠᠮᠢ ᠠᠬᠤᠢ ᠶᠢᠨ ᠵᠠᠰᠠᠯᠳᠠ ᠵᠡᠷᠭᠡ ᠪᠠᠶᠢᠳᠠᠯ ᠢ ᠭᠤᠤᠯᠳᠠᠯᠭ᠎ᠠ ᠲᠠᠢ | ᠰᠢᠨᠵᠢᠯᠡᠨ ᠪᠠᠶᠢᠴᠠᠭᠠᠪᠠ᠃ ᠲᠡᠭᠷᠢ ᠠᠵᠤ ᠠᠬᠤᠢ ᠮᠡᠷᠭᠡᠵᠢᠯ ᠤᠨ ᠨᠡᠭᠡᠭᠡᠨ ᠬᠦᠭᠵᠢᠬᠦᠯᠦᠯᠳᠠ ᠶᠢᠨ ᠤᠷᠤᠨ ᠤ ᠡᠭᠡᠭᠡᠨ | ᠬᠠᠳᠠᠭᠠᠬᠤ ᠴᠦᠬᠦᠷᠤᠮ ᠤᠨ ᠲᠤᠤᠷᠠᠬᠢ ᠰᠢᠪᠠᠷ ᠢ ᠰᠢᠢᠳᠪᠤᠷᠢᠯᠡᠬᠦ ᠢᠨᠵᠧᠨᠧᠷᠢᠩ᠂ ᠬᠠᠭᠤᠴᠢᠨ ᠠᠵᠤ ᠦᠢᠯᠡᠳᠪᠤᠷᠢ | ᠶᠢᠨ ᠤᠷᠤᠨ ᠤ ᠬᠠᠶᠠᠭᠳᠠᠮᠠᠯ ᠭᠠᠵᠠᠷ ᠵᠢᠴᠢ ᠮᠠᠩ ᠰᠢᠶᠤᠤ ᠨᠠᠭᠤᠷ ᠢ ᠶᠡᠷᠦᠩᠭᠡᠶᠢᠯᠡᠨ ᠰᠡᠷᠬᠦᠭᠡᠨ ᠵᠠᠰᠠᠬᠤ | ᠢᠨᠵᠧᠨᠧᠷᠢᠩ ᠤᠨ ᠭᠡᠷᠡᠭᠵᠢᠬᠦᠯᠦᠯᠳᠠ ᠶᠢᠨ ᠦᠷ᠎ᠠ ᠪᠦᠳᠦᠮᠵᠢ ᠶᠢ ᠪᠤᠳᠠᠳᠠᠢ ᠭᠠᠵᠠᠷ ᠲᠤᠨᠢ ᠪᠠᠶᠢᠴᠠᠭᠠᠨ ᠦᠵᠡᠭᠰᠡᠨ ᠤ | ᠳᠠᠷᠠᠭ᠎ᠠ᠂ ᠯᠢ ᠵᠢᠢ ᠾᠧᠩ ᠰᠡᠳᠬᠢᠯ ᠲᠦᠪᠯᠡᠬᠦᠨ ᠢᠶᠠᠷ᠂ ᠶᠡᠷᠦᠩᠭᠡᠢ ᠱᠦᠵᠢ ᠰᠢ ᠶᠢᠨ ᠫᠢᠩ ᠲᠡᠭᠷᠢ ᠠᠵᠤ ᠠᠬᠤᠢ | ᠮᠡᠷᠭᠡᠵᠢᠯ ᠤᠨ ᠨᠡᠭᠡᠭᠡᠨ ᠬᠦᠭᠵᠢᠬᠦᠯᠦᠯᠳᠠ ᠶᠢᠨ ᠤᠷᠤᠨ ᠤ ᠪᠤᠬᠢᠷᠳᠤᠯ ᠤᠨ ᠭᠡᠷᠡᠭ ᠢ ᠳᠡᠭᠡᠳᠦ ᠭᠡᠮᠵᠢᠶ᠎ᠠ ᠪᠠᠷ | ᠴᠢᠬᠤᠯᠠᠴᠢᠯᠠᠨ ᠦᠵᠡᠵᠦ᠂ ᠴᠢᠬᠤᠯᠠ ᠴᠤᠬᠤᠯᠠᠪᠤᠷᠢ ᠦᠭᠪᠠ᠂ ᠪᠢᠳᠡ ᠵᠠᠪᠠᠯ ᠪᠤᠬᠢᠷᠳᠤᠯ ᠦᠭᠡᠢ ᠬᠦᠭᠵᠢᠯᠳᠠ ᠶᠢᠨ | ᠣᠨᠣᠯᠵᠢᠬᠤᠨ ᠢ ᠪᠠᠳᠤ ᠪᠠᠬᠢ ᠪᠤᠢ ᠪᠤᠯᠭᠠᠵᠦ᠂ ᠤᠷᠴᠢᠨ ᠲᠤᠭᠤᠷᠢᠨ ᠤ ᠬᠠᠮᠠᠭᠠᠯᠠᠯᠳᠠ ᠶᠢ ᠲᠤᠪᠤᠶᠢᠮ᠎ᠠ ᠪᠠᠶᠢᠷᠢᠨ ᠳᠤ | ᠲᠠᠯᠪᠢᠬᠤ ᠶᠢ ᠪᠠᠷᠢᠮᠳᠠᠯᠠᠵᠦ᠂ ᠤᠷᠴᠢᠨ ᠲᠤᠭᠤᠷᠢᠨ ᠤ ᠶᠡᠷᠦᠩᠭᠡᠶᠢᠯᠡᠭᠰᠡᠨ ᠴᠡᠭᠴᠡᠯᠡᠨ ᠵᠠᠰᠠᠯᠳᠠ ᠶᠢᠨ ᠠᠷᠭ᠎ᠠ | ᠭᠡᠮᠵᠢᠶ᠎ᠠ ᠶᠢᠨ ᠨᠠᠶᠢᠳᠠᠪᠤᠷᠢᠵᠢᠭᠤᠯᠤᠯᠳᠠ ᠶᠢ ᠦᠷᠬᠦᠯᠵᠢᠯᠡᠨ ᠰᠠᠶᠢᠳᠤᠷ ᠠᠳᠬᠤᠵᠦ᠂ ᠶᠡᠷᠦᠩᠭᠡᠢ ᠱᠦᠵᠢ ᠰᠢ ᠶᠢᠨ | ᠫᠢᠩ ᠤᠨ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢᠨ ᠦᠨᠳᠦᠰᠦᠯᠡᠨ ᠰᠤᠶᠤᠭᠠᠯᠠᠬᠤ ᠶᠢ ᠪᠠᠳᠤᠯᠠᠬᠤ ᠭᠡᠷᠡᠭᠲᠡᠢ | ᠃ ᠪᠦᠬᠦ ᠤᠷᠤᠨ ᠤ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ ᠬᠢᠨ ᠡᠬᠦᠪᠡᠷ ᠲᠤᠯᠢ ᠪᠤᠯᠭᠠᠵᠦ᠂ ᠨᠢᠭᠡ ᠠᠴᠠ | ᠵᠦᠢᠴᠢᠯᠡᠵᠦ ᠨᠦᠬᠦᠭᠡ ᠶᠢ ᠮᠡᠳᠡᠨ᠂ ᠰᠡᠷᠡᠮᠵᠢ ᠶᠢᠨ ᠬᠤᠩᠬᠤ ᠶᠢ ᠪᠠᠶᠢᠩᠭᠤ ᠲᠤᠤᠭᠠᠷᠭᠠᠵᠦ᠂ ᠰᠤᠯᠠᠷᠠᠰᠢ ᠦᠭᠡᠢ | ᠴᠢᠩᠭ᠎ᠠ ᠠᠳᠬᠤᠵᠦ᠂ ᠬᠦᠨ ᠬᠦᠨᠵᠡᠭᠡᠢ ᠰᠤᠷᠭᠠᠮᠵᠢ ᠠᠪᠴᠦ᠂ ᠠᠮᠢ ᠠᠬᠤᠢ ᠶᠢᠨ ᠤᠷᠴᠢᠨ ᠲᠤᠭᠤᠷᠢᠨ ᠢ ᠨᠢᠳᠤᠨ | ᠴᠡᠴᠡᠭᠡᠢ ᠪᠠᠨ ᠬᠠᠮᠠᠭᠠᠯᠠᠬᠤ ᠰᠢᠬ ᠰᠠᠶᠢᠳᠤᠷ ᠬᠠᠮᠠᠭᠠᠯᠠᠵᠦ᠂ ᠤᠷᠴᠢᠨ ᠲᠤᠭᠤᠷᠢᠨ ᠢ ᠦᠷᠡᠭᠳᠡᠬᠦᠯᠬᠦ ᠪᠠᠷ ᠨᠢᠳᠤᠨ | ᠡᠮᠦᠨᠡᠬᠢ ᠠᠵᠤ ᠠᠬᠤᠢ ᠶᠢᠨ ᠨᠡᠮᠡᠭᠳᠡᠯ ᠢ ᠰᠤᠯᠢᠨ ᠠᠪᠴᠢᠷᠠᠵᠦ ᠤᠬᠳᠤ ᠪᠤᠯᠬᠤ ᠦᠭᠡᠢ ᠭᠡᠪᠡ᠃ | ᠪᠠᠶᠠᠨᠬᠤᠳᠠ ᠪᠠᠯᠭᠠᠰᠤ ᠶᠢᠨ ᠲᠤᠩᠭᠠᠯᠠᠭ ᠨᠠᠭᠤᠷ ᠭᠠᠴᠠᠭ᠎ᠠ ᠶᠢᠨ ᠤᠯᠠᠨ ᠲᠦᠮᠡᠨ ᠤ ᠦᠢᠯᠡᠴᠢᠯᠡᠭᠡᠨ ᠤ | ᠲᠦᠪ ᠲᠤ᠂ ᠯᠢ ᠵᠢᠢ ᠾᠧᠩ ᠭᠠᠴᠠᠭ᠎ᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ | ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢᠨ ᠪᠠᠶᠢᠳᠠᠯ ᠤᠨ | ᠮᠡᠳᠡᠬᠦᠯᠦᠯᠳᠠ ᠶᠢ ᠰᠤᠨᠤᠰᠪᠠ᠃ ᠲᠡᠷᠡ᠂ 2020 ᠣᠨ ᠳᠤ ᠬᠦᠳᠡᠭᠡ ᠲᠤᠰᠬᠤᠨ ᠤ ᠶᠠᠳᠠᠭᠤ ᠬᠦᠴᠢᠷᠳᠡᠯᠳᠠᠢ | ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠵᠦ᠂ ᠶᠠᠳᠠᠭᠤ ᠬᠦᠴᠢᠷᠳᠡᠯᠳᠠᠢ ᠰᠢᠶᠠᠨ ᠢ ᠶᠠᠳᠠᠭᠤ ᠠᠴᠠ | ᠠᠩᠬᠢᠵᠢᠷᠠᠭᠤᠯᠬᠤ ᠶᠢ ᠪᠡᠶᠡᠯᠡᠬᠦᠯᠦᠨ᠎ᠠ᠂ ᠡᠨᠡ ᠪᠤᠯ ᠨᠠᠮ ᠤᠨ ᠲᠦᠪ ᠬᠤᠷᠢᠶ᠎ᠠ ᠠᠴᠠ ᠪᠦᠬᠦ ᠤᠯᠤᠰ ᠤᠨ ᠠᠷᠠᠳ | ᠲᠦᠮᠡᠨ᠂ ᠪᠦᠬᠦ ᠲᠡᠯᠡᠭᠡᠢ ᠳᠤ ᠬᠢᠭᠰᠡᠨ ᠲᠦᠪ ᠴᠢᠩᠭ᠎ᠠ ᠠᠮᠠᠯᠠᠯᠳᠠ ᠮᠦᠨ᠃ ᠡᠯ᠎ᠠ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠵᠠᠪᠠᠯ ᠴᠢᠳᠠᠮᠠᠭᠠᠢ ᠠᠵᠢᠯ ᠬᠢᠵᠦ ᠠᠵᠢᠯ ᠳᠠᠭᠠᠨ | ᠴᠠᠭᠠᠷᠠᠵᠦ᠂ ᠰᠢᠷᠭᠠᠭᠤ ᠬᠠᠳᠠᠭᠤᠵᠢᠯᠳᠠᠢ ᠠᠵᠢᠯᠯᠠᠵᠦ᠂ ︽ᠲᠠᠪᠤᠨ ᠨᠢᠭᠡ ᠪᠦᠯᠦᠭ︾ ᠤᠨ ᠤᠨᠢᠨ ᠳᠡᠭᠡᠷ᠎ᠠ ᠨᠢ | ᠶᠠᠳᠠᠭᠤ ᠶᠢ ᠳᠡᠳᠬᠦᠬᠦ ᠠᠷᠭ᠎ᠠ ᠭᠡᠮᠵᠢᠶ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠲᠤᠭᠳᠠᠭᠰᠠᠨ ᠬᠤᠭᠤᠴᠠᠭᠠᠨ ᠳᠤ ᠪᠡᠶᠡᠯᠡᠭᠳᠡᠬᠦ ᠶᠢ ᠪᠠᠳᠤᠯᠠᠬᠤ | ᠭᠡᠷᠡᠭᠲᠡᠢ ᠭᠡᠵᠦ ᠵᠢᠭᠠᠵᠦ ᠭᠠᠷᠭᠠᠪᠠ᠃ ᠯᠢ ᠵᠢᠢ ᠾᠧᠩ ᠡᠯᠡᠰᠦᠨ ᠤ ᠬᠦᠨ ᠳᠤ ᠬᠦᠨᠵᠡᠭᠡᠶᠢᠷᠡᠵᠦ᠂ ᠮᠠᠯᠴᠢᠨ | ᠳᠡᠯᠭᠡᠷ ᠤᠨ ᠭᠡᠷ ᠢᠶᠠᠷ ᠠᠶᠢᠯᠴᠢᠯᠠᠵᠦ᠂ ᠦᠢᠯᠡᠳᠪᠤᠷᠢᠯᠡᠯ ᠠᠮᠢᠳᠤᠷᠠᠯ ᠤᠨ ᠬᠢᠨᠢ ᠪᠠᠶᠢᠳᠠᠯ ᠢ ᠨᠠᠷᠢᠨ ᠤᠢᠢᠯᠠᠭᠠᠵᠦ᠂ | ᠳᠡᠳᠡᠨᠡᠷ ᠤᠨ ᠠᠵᠢᠯ ᠠᠮᠢᠳᠤᠷᠠᠯ ᠦᠭᠡᠳᠡ ᠡᠰᠡᠷᠡᠭ᠂ ᠭᠡᠷ ᠪᠦᠯᠢ ᠠᠵᠠ ᠵᠢᠷᠭᠠᠯ ᠲᠠᠢ ᠪᠠᠶᠢᠬᠤ ᠶᠢ ᠵᠦᠩᠨᠡᠵᠡᠢ᠃ | ᠥᠪᠦᠷ ᠮᠤᠩᠭᠤᠯ ᠤᠨ ᠴᠢᠩ ᠬᠤᠸᠠ ᠪᠦᠯᠦᠭᠯᠡᠯ᠂ ᠲᠡᠭᠷᠢ ᠡᠯᠡᠰᠦᠨ ᠲᠠᠯᠠᠢ ᠵᠢᠭᠤᠯᠴᠢᠯᠠᠯ ᠤᠨ ᠺᠤᠮᠫᠠᠨᠢ᠂ ᠶᠢᠨ | ᠱᠠ ᠶᠤᠸᠠᠨ ᠠᠮᠢ ᠠᠬᠤᠢ ᠶᠢᠨ ᠪᠦᠯᠦᠭᠯᠡᠯ ᠵᠡᠷᠭᠡ ᠠᠵᠤ ᠠᠬᠤᠢᠢᠯᠠᠯ ᠳᠤ᠂ ᠯᠢ ᠵᠢᠢ ᠾᠧᠩ ᠠᠵᠤ ᠠᠬᠤᠢᠢᠯᠠᠯ ᠤᠨ | ᠦᠢᠯᠡᠳᠪᠤᠷᠢᠯᠡᠯ ᠡᠵᠡᠩᠨᠡᠯᠳᠠ ᠵᠢᠴᠢ ᠭᠡᠯᠪᠡᠷᠢ ᠶᠢ ᠬᠤᠪᠢᠷᠠᠭᠤᠯᠤᠭᠰᠠᠨ ᠬᠦᠭᠵᠢᠯᠳᠠ ᠶᠢᠨ ᠪᠠᠶᠢᠳᠠᠯ ᠢ ᠨᠠᠷᠢᠨ | ᠤᠢᠢᠯᠠᠭᠠᠪᠠ᠃ ᠲᠡᠷᠡ᠂ ᠠᠵᠤ ᠠᠬᠤᠢᠢᠯᠠᠯ ᠤᠨ ᠬᠢᠨ ᠠᠮᠢ ᠠᠬᠤᠢ ᠶᠢᠨ ᠬᠠᠮᠠᠭᠠᠯᠠᠯᠳᠠ ᠶᠢ ᠳᠡᠭᠡᠳᠦ ᠭᠡᠮᠵᠢᠶ᠎ᠠ ᠪᠠᠷ | ᠴᠢᠬᠤᠯᠠᠴᠢᠯᠠᠵᠦ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠬᠦᠭᠡᠷᠤᠮᠵᠢ ᠶᠢ ᠲᠦᠬᠦᠷᠵᠢᠬᠦᠯᠵᠦ᠂ ᠪᠤᠬᠢᠷᠳᠤᠯ | ᠦᠭᠡᠢ ᠦᠢᠯᠡᠳᠪᠤᠷᠢᠯᠡᠯ᠂ ᠭᠠᠳᠠᠭᠰᠢᠯ ᠢ ᠪᠠᠷᠢᠮᠵᠢᠶ᠎ᠠ ᠳᠤ ᠬᠦᠷᠭᠡᠬᠦ ᠶᠢ ᠪᠠᠳᠤᠯᠠᠬᠤ ᠶᠢᠨ ᠵᠡᠷᠭᠡᠪᠡᠷ ᠬᠤᠴᠤᠷᠤᠩᠭᠤᠢ | ᠦᠢᠯᠡᠳᠪᠤᠷᠢᠯᠡᠯ ᠤᠨ ᠴᠢᠳᠠᠪᠬᠢ ᠶᠢ ᠡᠷᠡᠰ ᠰᠢᠭᠰᠢᠨ ᠬᠠᠶᠠᠵᠦ᠂ ᠠᠵᠤ ᠦᠢᠯᠡᠰ ᠤᠨ ᠬᠡᠯᠬᠢᠶ᠎ᠠ ᠶᠢ ᠬᠦᠴᠦᠯᠡᠨ | ᠤᠷᠳᠤᠳᠬᠠᠵᠦ᠂ ᠬᠦᠭᠵᠢᠯᠳᠠ ᠶᠢᠨ ᠠᠷᠭ᠎ᠠ ᠭᠡᠯᠪᠡᠷᠢ ᠶᠢᠨ ᠬᠤᠪᠢᠷᠠᠯᠳᠠ ᠶᠢ ᠲᠦᠷᠭᠡᠳᠭᠡᠬᠦ ᠭᠡᠷᠡᠭᠲᠡᠢ ᠭᠡᠵᠦ | ᠱᠠᠭᠠᠷᠳᠠᠪᠠ᠃ ᠥᠪᠦᠷ ᠮᠤᠩᠭᠤᠯ ᠤᠨ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠺᠤᠮᠫᠠᠨᠢ ᠳᠤ᠂ ᠯᠢ ᠵᠢᠢ | ᠾᠧᠩ ᠠᠵᠤ ᠠᠬᠤᠢᠢᠯᠠᠯ ᠪᠠ ᠲᠡᠬᠦᠨ ᠲᠠᠢ ᠬᠠᠮᠳᠤᠷᠠᠯᠴᠠᠵᠦ ᠪᠠᠶᠢᠭ᠎ᠠ ᠳᠤᠮᠳᠠᠳᠤ ᠤᠯᠤᠰ ᠤᠨ ᠰᠠᠨᠰᠠᠷ ᠤᠨ ᠠᠶᠠᠯᠠᠯ | ᠤᠨ ᠠᠷᠪᠡᠨ ᠬᠤᠶᠠᠳᠤᠭᠠᠷ ᠬᠦᠷᠢᠶᠡᠯᠡᠩ ᠤᠨ ᠬᠠᠷᠢᠭᠤᠴᠠᠯᠭᠠᠳᠠᠨ ᠳᠤ᠂ ᠭᠠᠷ ᠬᠤᠯᠪᠤᠨ ᠬᠠᠮᠵᠢᠯᠴᠠᠵᠦ᠂ ᠬᠦᠴᠦ | ᠬᠠᠮᠳᠤᠳᠬᠠᠨ ᠪᠤᠭᠤᠮᠳᠠ ᠰᠢᠪᠳᠤᠯᠵᠦ᠂ ᠴᠡᠷᠢᠭ ᠠᠷᠠᠳ ᠤᠨ ᠭᠡᠷᠡᠭᠯᠡᠭᠡ ᠶᠢ ᠠᠭᠤᠰᠤᠯᠴᠠᠭᠤᠯᠤᠭᠰᠠᠨ ᠠᠵᠤ | ᠦᠢᠯᠡᠰᠵᠢᠯᠳᠠ ᠶᠢ ᠲᠦᠷᠭᠡᠳᠭᠡᠵᠦ᠂ ᠰᠢᠨ᠎ᠠ ᠶᠢ ᠡᠬᠦᠳᠬᠦ ᠪᠠᠷ ᠳᠤᠮᠳᠠᠳᠤ ᠤᠯᠤᠰ ᠢ ᠲᠠᠶᠢᠴᠢᠯᠡᠵᠦ᠂ ᠰᠢᠨ᠎ᠠ ᠶᠢ | ᠡᠬᠦᠳᠬᠦ ᠪᠠᠷ ᠥᠪᠦᠷ ᠮᠤᠩᠭᠤᠯ ᠢ ᠳᠡᠭᠡᠭᠰᠢᠯᠡᠬᠦᠯᠬᠦ ᠭᠡᠷᠡᠭᠲᠡᠢ ᠭᠡᠵᠦ ᠰᠠᠨᠠᠭᠤᠯᠪᠠ᠃ ᠯᠢ ᠵᠢᠢ ᠾᠧᠩ ᠡᠯᠡᠰᠦᠨ ᠤ | ᠬᠠᠴᠢᠨ ᠴᠢᠯᠠᠭᠤ ᠶᠢᠨ ᠰᠤᠶᠤᠯ ᠤᠨ ᠠᠵᠤ ᠦᠢᠯᠡᠰ ᠤᠨ ᠬᠦᠷᠢᠶᠡᠯᠡᠩ᠂ ᠠᠯᠠᠱᠠ ᠶᠢᠨ ᠤᠭᠰᠠᠭᠠᠳᠠᠨ ᠤ ᠭᠡᠭᠡᠷᠡᠯᠡᠬᠦ | ᠮᠠᠰᠢᠨ ᠤ ᠰᠤᠳᠤᠴᠤᠤᠯ ᠤᠨ ᠴᠤᠭᠯᠠᠭᠠᠨ᠂ ᠦᠬᠠᠢ ᠨᠠᠭᠤᠷ ᠤᠨ ᠤᠯᠤᠰ ᠤᠨ ᠤᠰᠤᠨ ᠠᠰᠢᠬᠯᠠᠯᠳᠠ ᠶᠢᠨ | ᠦᠵᠡᠮᠵᠢ ᠶᠢᠨ ᠤᠷᠤᠨ ᠵᠡᠷᠭᠡ ᠰᠤᠶᠤᠯ ᠵᠢᠭᠤᠯᠴᠢᠯᠠᠯ ᠤᠨ ᠲᠦᠷᠦᠯ ᠵᠦᠢᠯ ᠢ ᠲᠤᠭᠤᠷᠢᠨ ᠦᠵᠡᠪᠡ᠃ ᠲᠡᠷᠡ᠂ ᠪᠦᠬᠦ | ᠤᠷᠤᠨ ᠪᠦᠰᠡ ᠶᠢᠨ ᠵᠢᠭᠤᠯᠴᠢᠯᠠᠯ᠂ ᠪᠦᠬᠦ ᠠᠷᠠᠳ ᠤᠨ ᠵᠢᠭᠤᠯᠴᠢᠯᠠᠯ ᠤᠨ ᠬᠦᠭᠵᠢᠯᠳᠠ ᠶᠢᠨ ᠣᠨᠣᠯᠵᠢᠬᠤᠨ ᠢ ᠪᠤᠢ | ᠪᠤᠯᠭᠠᠵᠦ᠂ ᠲᠦᠯᠦᠪᠵᠢᠬᠦᠯᠭᠡ ᠪᠠᠨ ᠴᠢᠨᠠᠭᠰᠢᠳᠠ ᠳᠡᠬᠦᠯᠳᠡᠷᠵᠢᠬᠦᠯᠵᠦ᠂ ᠰᠤᠳᠤᠨ ᠦᠵᠡᠮᠵᠢ ᠶᠢᠨ ᠤᠷᠤᠨ ᠢ | ᠴᠤᠭᠴᠠᠯᠠᠵᠦ᠂ ᠤᠨᠴᠠᠯᠢᠬᠳᠤ ᠵᠢᠭᠤᠯᠴᠢᠯᠠᠯ ᠤᠨ ᠪᠦᠳᠦᠭᠡᠭᠳᠡᠬᠦᠨ ᠢ ᠪᠤᠶᠢᠵᠢᠭᠤᠯᠵᠦ᠂ ᠠᠯᠠᠱᠠ ᠦᠬᠠᠢ ᠭᠠᠵᠠᠷ | ᠤᠷᠤᠨ ᠢ ᠤᠯᠤᠰ ᠤᠨ ᠳᠤᠳᠤᠭᠠᠳᠦ ᠭᠠᠳᠠᠭᠠᠳᠦ ᠶᠢᠨ ᠨᠡᠷᠡᠳᠦ ᠵᠢᠭᠤᠯᠴᠢᠯᠠᠯ ᠤᠨ ᠭᠠᠵᠠᠷ ᠪᠤᠯᠭᠠᠵᠦ᠂ | ᠵᠢᠭᠤᠯᠴᠢᠯᠠᠯ ᠤᠨ ᠠᠵᠤ ᠦᠢᠯᠡᠰ ᠢ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠭᠤᠤᠯ | ᠬᠦᠴᠦᠨ ᠪᠤᠯᠭᠠᠬᠤ ᠭᠡᠷᠡᠭᠲᠡᠢ ᠭᠡᠵᠦ ᠱᠠᠭᠠᠷᠳᠠᠪᠠ᠃ | ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠯᠢ ᠵᠢᠢ ᠾᠧᠩ ᠬᠤᠶᠠᠷ ᠠᠶᠢᠮᠠᠬ ᠬᠤᠳᠠ ᠶᠢᠨ ᠠᠵᠢᠯ ᠤᠨ | ᠮᠡᠳᠡᠬᠦᠯᠦᠯᠳᠠ ᠶᠢ ᠰᠤᠨᠤᠰᠴᠠᠢ᠃ ᠲᠡᠷᠡ᠂ ᠠᠮᠢ ᠠᠬᠤᠢ ᠶᠢᠨ ᠪᠠᠶᠢᠭᠤᠯᠤᠯᠳᠠ ᠪᠠ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠠᠵᠢᠯ ᠢ ᠬᠦᠴᠦᠯᠡᠨ ᠴᠢᠩᠭᠠᠳᠬᠠᠵᠦ᠂ ᠠᠮᠢ ᠠᠬᠤᠢ ᠶᠢᠨ ᠪᠤᠯᠪᠠᠰᠤᠨ ᠤ ᠬᠦᠭᠵᠢᠯᠳᠠ ᠶᠢᠨ | ᠣᠨᠣᠯᠵᠢᠬᠤᠨ ᠢ ᠪᠠᠳᠤ ᠪᠠᠬᠢ ᠪᠤᠢ ᠪᠤᠯᠭᠠᠵᠦ᠂ ᠠᠮᠢ ᠠᠬᠤᠢ ᠶᠢᠨ ᠬᠠᠮᠠᠭᠠᠯᠠᠯᠳᠠ ᠶᠢᠨ ᠢᠨᠵᠧᠨᠧᠷᠢᠩ ᠤᠨ | ᠪᠠᠶᠢᠭᠤᠯᠤᠯᠳᠠ᠂ ᠤᠷᠴᠢᠨ ᠲᠤᠭᠤᠷᠢᠨ ᠤ ᠶᠡᠷᠦᠩᠭᠡᠶᠢᠯᠡᠭᠰᠡᠨ ᠵᠠᠰᠠᠯᠳᠠ ᠶᠢᠨ ᠬᠦᠴᠦᠯᠡᠴᠡ ᠪᠠᠨ ᠦᠷᠬᠦᠯᠵᠢᠯᠡᠨ | ᠨᠡᠮᠡᠭᠳᠡᠬᠦᠯᠵᠦ᠂ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠳᠠ ᠶᠢ ᠢᠳᠡᠪᠬᠢᠳᠠᠢ ᠰᠦᠪᠡᠭᠴᠢᠯᠡᠵᠦ᠂ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠤᠬᠠᠭᠤᠯᠭ᠎ᠠ ᠬᠦᠮᠦᠵᠢᠯ ᠢᠶᠠᠨ ᠴᠢᠩᠭᠠᠳᠬᠠᠵᠦ᠂ | ᠦᠵᠡᠰᠬᠦᠯᠡᠩᠳᠦ ᠰᠠᠶᠢᠬᠠᠨ ᠬᠢᠬᠡᠳ ᠥᠷᠨᠢᠩᠬᠦᠢ ᠬᠦᠭᠵᠢᠯᠳᠠ ᠶᠢᠨ ᠬᠤᠤᠰ ᠠᠮᠵᠢᠯᠲᠠ ᠶᠢ ᠴᠢᠷᠮᠠᠶᠢᠨ ᠪᠡᠶᠡᠯᠡᠬᠦᠯᠬᠦ | ᠭᠡᠷᠡᠭᠲᠡᠢ᠃ ᠠᠵᠤ ᠠᠬᠤᠢ ᠶᠢᠨ ᠬᠦᠭᠵᠢᠯᠳᠠ ᠶᠢᠨ ᠠᠷᠭ᠎ᠠ ᠭᠡᠯᠪᠡᠷᠢ ᠶᠢ ᠬᠦᠴᠦᠯᠡᠨ ᠬᠤᠪᠢᠷᠠᠭᠤᠯᠵᠦ᠂ | ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠡᠷᠡᠰ ᠭᠤᠶᠢᠪᠢᠰᠢ ᠦᠭᠡᠢ ᠠᠬᠢᠭᠤᠯᠵᠦ | ᠂ ᠤᠯᠠᠮᠵᠢᠯᠠᠯᠳᠦ ᠠᠵᠤ ᠦᠢᠯᠡᠰ ᠢ ᠦᠭᠡᠷᠡᠴᠢᠯᠡᠨ ᠲᠡᠰ ᠲᠡᠪᠰᠢᠬᠦᠯᠵᠦ᠂ ᠨᠡᠬᠦᠷᠡᠰᠦᠨ ᠤ ᠪᠤᠰᠤ ᠠᠵᠤ ᠦᠢᠯᠡᠰ ᠪᠠ | ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠭᠰᠠᠨ ᠠᠵᠤ ᠦᠢᠯᠡᠰ ᠢ ᠬᠦᠴᠦᠯᠡᠨ ᠪᠤᠶᠢᠵᠢᠭᠤᠯᠵᠦ᠂ | ᠤᠨᠴᠠᠯᠢᠬᠳᠤ ᠮᠠᠯ ᠲᠠᠷᠢᠶᠠᠯᠠᠩ ᠠᠵᠤ ᠠᠬᠤᠢ ᠪᠠ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠢ ᠲᠦᠷᠭᠡᠳᠭᠡᠨ | ᠬᠦᠭᠵᠢᠬᠦᠯᠵᠦ᠂ ᠢᠨᠲ᠋ᠧᠷ ᠰᠦᠯᠵᠢᠶ᠎ᠠ᠂ ᠶᠡᠭᠡ ᠳ᠋ᠠᠶᠢᠲ᠋ᠠ᠂ ᠪᠠᠷᠠᠭᠠᠨ ᠤ ᠬᠤᠯᠪᠤᠭ᠎ᠠ ᠶᠢ ᠠᠵᠤ ᠠᠬᠤᠢ ᠨᠡᠶᠢᠭᠡᠮ ᠤᠨ | ᠬᠦᠭᠵᠢᠯᠳᠠ ᠶᠢᠨ ᠡᠯ᠎ᠠ ᠬᠦᠷᠢᠶᠡᠨ ᠳᠤ ᠦᠷᠭᠡᠨ ᠢᠶᠠᠷ ᠭᠡᠷᠡᠭᠯᠡᠬᠦ ᠶᠢ ᠠᠬᠢᠭᠤᠯᠵᠦ᠂ ᠮᠡᠳᠡᠭᠡ ᠵᠠᠩᠬᠢ ᠶᠢᠨ ᠴᠠᠭ | ᠦᠶ᠎ᠠ ᠶᠢᠨ ᠤᠷᠤᠨ ᠪᠦᠰᠡ ᠶᠢᠨ ᠦᠷᠢᠰᠦᠯᠳᠦᠭᠡᠨ ᠤ ᠰᠢᠨ᠎ᠠ ᠲᠠᠪᠠᠭᠤᠯᠢᠭ ᠢ ᠴᠤᠭᠴᠠᠯᠠᠵᠦ᠂ ᠬᠦᠭᠵᠢᠯᠳᠠ ᠶᠢᠨ | ᠶᠠᠰᠤ ᠴᠢᠨᠡᠷ ᠪᠠ ᠦᠷ᠎ᠠ ᠠᠰᠢᠭ ᠢ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠲᠡᠢ᠃ ᠤᠷᠤᠨ ᠪᠦᠰᠡ ᠶᠢᠨ | ᠬᠠᠮᠳᠤᠷᠠᠯᠴᠠᠭ᠎ᠠ ᠶᠢ ᠬᠦᠴᠦᠯᠡᠨ ᠬᠦᠨᠵᠡᠭᠡᠶᠢᠷᠡᠬᠦᠯᠵᠦ᠂ ᠰᠠᠭᠤᠷᠢ ᠪᠡᠯᠡᠳᠬᠡᠮᠵᠢ ᠶᠢ ᠨᠢᠭᠡ ᠴᠤᠭᠴᠠᠵᠢᠭᠤᠯᠬᠤ ᠪᠦᠳᠦᠭᠡᠨ | ᠪᠠᠶᠢᠭᠤᠯᠤᠯᠳᠠ ᠶᠢ ᠲᠦᠷᠭᠡᠳᠭᠡᠵᠦ᠂ ᠠᠵᠤ ᠦᠢᠯᠡᠰ ᠤᠨ ᠪᠠᠶᠢᠷᠢᠰᠢᠯ ᠢ ᠲᠤᠬᠢᠷᠠᠭᠤᠯᠤᠨ ᠰᠢᠯᠢᠳᠡᠭᠵᠢᠬᠦᠯᠵᠦ᠂ ᠤᠷᠤᠨ | ᠪᠦᠰᠡ ᠶᠢᠨ ᠨᠡᠭᠡᠭᠡᠯᠳᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠬᠦᠯᠵᠦ᠂ ᠦᠬᠠᠢ ᠬᠤᠳᠠ ᠠᠯᠠᠱᠠ ᠠᠶᠢᠮᠠᠬ ᠵᠢᠴᠢ | ᠡᠷᠬᠢᠨ ᠲᠤᠭᠤᠷᠢᠨ ᠤ ᠭᠠᠵᠠᠷ ᠤᠷᠤᠨ ᠤ ᠨᠢᠭᠡ ᠴᠤᠭᠴᠠᠵᠢᠭᠰᠠᠨ ᠬᠦᠭᠵᠢᠯᠳᠠ ᠶᠢ ᠠᠬᠢᠭᠤᠯᠬᠤ ᠭᠡᠷᠡᠭᠲᠡᠢ᠃ | ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠪᠠᠷ ᠬᠦᠴᠦᠯᠡᠵᠦ᠂ ᠨᠡᠶᠢᠭᠡᠮ ᠤᠨ ᠠᠵᠢᠯ ᠦᠢᠯᠡᠰ ᠤᠨ | ᠬᠦᠭᠵᠢᠯᠳᠠ ᠶᠢ ᠲᠦᠷᠭᠡᠳᠭᠡᠵᠦ᠂ ᠰᠤᠷᠭᠠᠨ ᠬᠦᠮᠦᠵᠢᠯ᠂ ᠠᠵᠢᠯ ᠤᠯᠭᠤᠯᠳᠠ᠂ ᠤᠷᠤᠯᠭ᠎ᠠ᠂ ᠡᠮ ᠡᠮᠨᠡᠯᠭᠡ᠂ ᠤᠷᠤᠨ | ᠰᠠᠭᠤᠴᠠ ᠶᠢᠨ ᠪᠠᠳᠤᠯᠠᠪᠤᠷᠢ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠨᠢᠭᠡᠳᠦᠯᠳᠠᠢ ᠲᠦᠯᠦᠪᠵᠢᠬᠦᠯᠦᠨ ᠰᠠᠶᠢᠳᠤᠷ | ᠬᠢᠵᠦ᠂ ᠨᠡᠶᠢᠭᠡᠮ ᠤᠨ ᠪᠠᠳᠤᠯᠠᠪᠤᠷᠢ ᠶᠢᠨ ᠲᠦᠷᠢᠮ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠭᠡᠵᠦ᠂ ᠤᠯᠠᠨ | ᠨᠡᠶᠢᠳᠡ ᠶᠢᠨ ᠦᠢᠯᠡᠴᠢᠯᠡᠭᠡᠨ ᠤ ᠲᠦᠪᠰᠢᠨ ᠢ ᠪᠦᠬᠦ ᠬᠦᠴᠦᠨ ᠢᠶᠠᠷ ᠳᠡᠭᠡᠭᠰᠢᠯᠡᠬᠦᠯᠵᠦ᠂ ᠦᠨᠳᠦᠰᠦᠳᠡᠨ ᠨᠦᠭᠦᠳ ᠤᠨ | ᠤᠯᠠᠨ ᠲᠦᠮᠡᠨ ᠤ ᠠᠵᠠ ᠵᠢᠷᠭᠠᠯᠳᠦ ᠲᠦᠷᠦᠭᠳᠡᠯ ᠪᠠ ᠬᠦᠷᠳᠡᠭᠡᠯ ᠤᠨ ᠲᠦᠷᠦᠭᠳᠡᠯ ᠢ ᠳᠠᠰᠤᠷᠠᠯᠳᠠ ᠦᠭᠡᠢ | ᠨᠡᠮᠡᠭᠳᠡᠬᠦᠯᠬᠦ ᠭᠡᠷᠡᠭᠲᠡᠢ᠃ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠠ ᠰᠠᠶᠢᠵᠢᠷᠠᠭᠤᠯᠬᠤ ᠪᠠᠷ ᠬᠦᠴᠦᠯᠡᠵᠦ᠂ ︽ | ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠢ ᠬᠦᠨᠵᠡᠭᠡᠢ | ᠠᠬᠢᠭᠤᠯᠵᠦ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ ᠲᠦᠷᠢᠮ ᠲᠤᠭᠳᠠᠭᠠᠯ ᠢ | ᠴᠢᠨᠠᠭᠰᠢᠳᠠ ᠲᠦᠪ ᠴᠢᠩᠭ᠎ᠠ ᠢᠯᠠ ᠳᠤᠳᠤ ᠪᠤᠯᠭᠠᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠬᠠᠷᠢᠭᠤᠴᠠᠯᠭ᠎ᠠ ᠶᠢ ᠦᠨᠡᠨᠬᠦ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃ |