ᠳᠤᠮᠳᠠᠲᠤ ᠮᠤᠩᠭᠤᠯ ᠤᠷᠤᠰ ᠤᠨ ᠠᠵᠤ ᠠᠬᠤᠢ ᠶᠢᠨ ᠬᠤᠨᠭ᠍ᠬᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ︽2016 ᠤᠨ ᠤ ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠬᠡ ᠶᠢᠨ ᠤᠯᠠᠨ ᠤᠯᠤᠰ ᠤᠨ ᠶᠠᠷᠢᠶᠠᠨ ᠤ ᠳᠠᠪᠴᠠᠩ︾ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2016/9/30
     9 ᠳ᠋ᠤᠭᠡᠷ ᠰᠠᠷ᠎ᠠ ᠶᠢᠨ 29᠎ ᠤ ᠡᠳᠦᠷ ᠤᠨ ᠦᠳᠡ ᠶᠢᠨ ᠡᠮᠦᠨ᠎ᠡ᠂ ︽2016 ᠤᠨ ᠤ ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠬᠡ ᠶᠢᠨ ᠤᠯᠠᠨ ᠤᠯᠤᠰ ᠤᠨ ᠶᠠᠷᠢᠶᠠᠨ ᠤ ᠳᠠᠪᠴᠠᠩ︾ ᠬᠦᠬᠡᠬᠤᠳᠠ ᠳᠤ ᠶᠠᠪᠤᠭᠳᠠᠪᠠ ᠃ ᠡᠬᠢᠯᠡᠯᠳᠡ ᠶᠢᠨ ᠶᠤᠰᠤᠯᠠᠯ ᠠᠴᠠ ᠡᠮᠦᠨ᠎ᠡ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠹᠦ᠋ ᠲᠠᠢ ᠽᠧᠩ ᠶᠠᠷᠢᠶᠠᠨ ᠤ ᠳᠠᠪᠴᠠᠩ ᠳᠤ ᠤᠷᠤᠯᠴᠠᠭᠰᠠᠨ ᠳᠤᠮᠳᠠᠳᠤ ᠮᠤᠩᠭᠤᠯ ᠤᠷᠤᠰ ᠭᠤᠷᠪᠠᠨ ᠳᠠᠯ᠎ᠠ ᠶᠢᠨ ᠵᠤᠴᠢᠳ ᠤᠨ ᠲᠦᠯᠦᠬᠡᠯᠡᠭᠴᠢ ᠲᠠᠢ ᠠᠭᠤᠯᠵᠠᠪᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠦᠭᠵᠢᠯᠳᠡ ᠶᠢ ᠰᠤᠳᠤᠯᠬᠤ ᠲᠦᠪ ᠤᠨ ᠳᠡᠳ᠋ ᠡᠷᠬᠢᠯᠡᠭᠴᠢ ᠵᠠᠩ ᠯᠠᠢ ᠮᠢᠩ ᠠᠭᠤᠯᠵᠠᠯᠳᠠ ᠳᠤ ᠤᠷᠤᠯᠴᠠᠵᠤ᠂ ᠡᠬᠢᠯᠡᠯᠳᠡ ᠶᠢᠨ ᠶᠤᠰᠤᠯᠠᠯ ᠳᠡᠬᠡᠷ᠎ᠡ ᠪᠠᠶᠠᠷ ᠤᠨ ᠦᠬᠡ ᠬᠡᠯᠡᠪᠡ᠃ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠳ᠋ᠦ᠋ ᠽᠢ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠡᠷᠬᠢᠯᠡᠭᠴᠢ ᠵᠧᠩ ᠹᠦ᠋ ᠲᠢᠶᠠᠨ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠭᠠᠳᠠᠭᠠᠳᠤ ᠶᠠᠪᠤᠳᠠᠯ ᠤᠨ ᠵᠦᠪᠯᠡᠯ ᠤᠨ ᠬᠡᠰᠢᠬᠦᠨ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠳᠤᠮᠳᠠᠳᠤ ᠮᠤᠩᠭᠤᠯ ᠤᠷᠤᠰ ᠤᠨ ᠬᠠᠮᠳᠤᠷᠠᠭᠰᠠᠨ ᠰᠤᠳᠤᠯᠭᠠᠨ ᠤ ᠬᠦᠷᠢᠶᠡᠯᠡᠩ ᠤᠨ ᠨᠡᠷ᠎ᠡ ᠬᠦᠨᠳᠦᠳᠦ ᠳᠠᠷᠤᠭ᠎ᠠ ᠢᠤᠢ ᠬᠤᠩ ᠵᠢᠶᠦ᠋ᠨ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃      ᠹᠦ᠋ ᠲᠠᠢ ᠽᠧᠩ ᠠᠭᠤᠯᠵᠠᠯᠳᠠ ᠪᠠ ᠡᠬᠢᠯᠡᠯᠳᠡ ᠶᠢᠨ ᠶᠤᠰᠤᠯᠠᠯ ᠳᠡᠬᠡᠷ᠎ᠡ ᠪᠠᠶᠠᠷ ᠤᠨ ᠦᠬᠡ ᠬᠡᠯᠡᠬᠦ ᠳᠡᠭᠡᠨ᠂ ᠡᠩ ᠳᠡᠷᠢᠬᠦᠨ ᠳᠤ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠡᠮᠦᠨ᠎ᠡ ᠠᠴᠠ ᠤᠯᠤᠰ ᠤᠨ ᠳᠤᠳᠤᠭᠠᠳᠤ ᠭᠠᠳᠠᠭᠠᠳᠤ ᠶᠢᠨ ᠵᠤᠴᠢᠳ ᠢ ᠪᠠᠶᠠᠷᠯᠠᠨ ᠤᠭᠳᠤᠵᠤ ᠪᠠᠶᠢᠬᠤ ᠪᠠᠨ ᠢᠯᠡᠳᠬᠡᠪᠡ᠃ ᠳᠡᠷᠡ᠂ 2014 ᠤᠨ ᠳᠤ᠂ ᠭᠤᠷᠪᠠᠨ ᠤᠯᠤᠰ ᠤᠨ ᠳᠡᠷᠢᠬᠦᠯᠡᠭᠴᠢ ᠶᠢᠨ ᠬᠠᠮᠳᠤᠪᠡᠷ ᠵᠢᠷᠤᠭᠯᠠᠭᠰᠠᠨ ᠠᠤᠭ᠎ᠠ ᠶᠡᠭᠡ ᠲᠦᠯᠦᠪᠯᠡᠭᠡ ᠶᠤᠰᠤᠭᠠᠷ᠂ ᠡᠨᠡ ᠵᠢᠯ ᠤᠨ 6 ᠳ᠋ᠤᠭᠠᠷ ᠰᠠᠷ᠎ᠠ ᠳᠤ᠂ ᠭᠤᠷᠪᠠᠨ ᠤᠯᠤᠰ ᠤᠨ ᠵᠠᠰᠠᠭ ᠤᠨ ᠤᠷᠳᠤᠨ ᠠᠴᠠ ︽ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠲᠦᠯᠦᠪᠵᠢᠬᠦᠯᠬᠡ ᠶᠢᠨ ᠬᠦᠳᠦᠯᠪᠦᠷᠢ︾᠎ ᠳᠤ ᠭᠠᠷ ᠤᠨ ᠦᠰᠦᠭ ᠵᠢᠷᠤᠵᠤ᠂ ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠬᠡᠨ ᠪᠠᠶᠢᠭᠤᠯᠤᠯᠳᠠ ᠪᠦᠬᠦ ᠳᠠᠯ᠎ᠠ ᠶᠢᠨ ᠬᠡᠷᠡᠭᠵᠢᠬᠦᠯᠦᠯᠳᠡ ᠶᠢᠨ ᠱᠠᠳᠤᠨ ᠳᠤ ᠤᠷᠤᠪᠠ᠃ ᠬᠤᠶᠠᠷ ᠵᠢᠯ ᠤᠨ ᠳᠤᠷᠰᠢ᠂ ᠦᠪᠦᠷ ᠮᠤᠩᠭᠤᠯ ᠨᠢ ᠮᠤᠩᠭᠤᠯ ᠤᠷᠤᠰ ᠬᠦᠷᠰᠢ ᠵᠡᠷᠭᠡᠯᠡᠳᠡᠭᠡ ᠤᠷᠤᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ ᠂ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠳᠠᠯ᠎ᠠ ᠪᠠᠷ ᠢᠳᠡᠪᠬᠢᠳᠡᠢ ᠠᠬᠢᠴᠠ ᠲᠠᠢ ᠪᠤᠯᠵᠠᠢ᠃ ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠬᠡ ᠶᠢᠨ ᠬᠠᠮᠳᠤᠷᠠᠭᠰᠠᠨ ᠬᠤᠯᠪᠤᠭ᠎ᠠ ᠶᠢ ᠪᠠᠶᠢᠭᠤᠯᠵᠤ᠂ ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠬᠡ ᠶᠢᠨ ᠤᠯᠠᠨ ᠤᠯᠤᠰ ᠤᠨ ᠶᠠᠷᠢᠶᠠᠨ ᠤ ᠳᠠᠪᠴᠠᠩ ᠢ ᠵᠢᠵᠢᠬᠦᠷᠯᠡᠨ ᠡᠷᠬᠢᠯᠡᠬᠦ ᠨᠢ ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠬᠡᠨ ᠪᠠᠶᠢᠭᠤᠯᠤᠯᠳᠠ ᠶᠢᠨ ᠱᠠᠭᠠᠷᠳᠠᠯᠭ᠎ᠠ ᠲᠠᠢ ᠤᠶᠠᠯᠳᠤᠵᠤ᠂ ᠰᠢᠨ᠎ᠡ ᠬᠡᠪ ᠪᠠᠶᠢᠳᠠᠯ ᠳᠤᠤᠷᠠᠬᠢ ᠳᠤᠮᠳᠠᠳᠤ ᠤᠯᠤᠰ ᠤᠨ ᠠᠵᠤ ᠠᠬᠤᠢ ᠶᠢᠨ ᠬᠦᠭᠵᠢᠯᠳᠡ ᠶᠢᠨ ᠱᠠᠭᠠᠷᠳᠠᠯᠭ᠎ᠠ ᠲᠠᠢ ᠨᠡᠶᠢᠴᠡᠵᠦ᠂ ᠦᠪᠦᠷ ᠮᠤᠩᠭᠤᠯ ᠤᠨ ᠰᠢᠨ᠎ᠡ ᠶᠢ ᠡᠬᠦᠳᠦᠨ ᠬᠦᠭᠵᠢᠬᠦ ᠳᠤ ᠴᠢᠬᠤᠯᠠ ᠠᠴᠢ ᠬᠤᠯᠪᠤᠭᠳᠠᠯ ᠲᠠᠢ᠃ ᠭᠤᠷᠪᠠᠨ ᠳᠠᠯ᠎ᠠ ᠶᠢᠨ ᠳᠤᠰᠬᠠᠢ ᠮᠡᠷᠬᠡᠵᠢᠯᠳᠡᠨ ᠡᠷᠳᠡᠮᠳᠡᠳ ᠤᠨ ᠬᠠᠮᠳᠤ ᠶᠢᠨ ᠴᠢᠷᠮᠠᠶᠢᠯᠭ᠎ᠠ ᠪᠠᠷ ᠳᠠᠮᠵᠢᠨ ︽ᠵᠤᠯᠭᠠᠯᠴᠠᠭᠤᠯᠬᠤ ᠪᠠ ᠦᠷᠬᠡᠳᠬᠡᠬᠦ︾᠎ ᠪᠠᠷ ᠭᠤᠤᠯ ᠰᠡᠳᠦᠪ ᠪᠤᠯᠭᠠᠭᠰᠠᠨ ᠰᠤᠳᠤᠯᠤᠨ ᠶᠠᠷᠢᠯᠴᠠᠬᠤ ᠬᠤᠷᠠᠯ ᠢ ᠬᠦᠢᠴᠡᠳ ᠦᠷᠨᠢᠬᠦᠯᠵᠦ᠂ ᠡᠨᠡᠬᠦ ᠤᠯᠤᠰ ᠠᠯᠤᠰᠯᠠᠭᠰᠠᠨ ᠡᠷᠡᠨ ᠵᠠᠭᠤᠨ ᠠᠯᠤᠰᠯᠠᠭᠰᠠᠨ ᠠᠭᠤᠤ ᠶᠡᠭᠡ ᠢᠨᠵᠧᠨᠧᠷᠢᠩ ᠡᠷᠳᠡᠬᠡᠨ ᠡᠯᠪᠡᠭ ᠠᠮᠵᠢᠯᠳᠠ ᠤᠯᠵᠤ᠂ ᠢᠳᠡᠪᠬᠢᠳᠡᠢ ᠲᠦᠯᠬᠢᠴᠡ ᠦᠢᠯᠡᠳᠦᠯ ᠢᠶᠠᠨ ᠪᠠᠳᠠᠷᠠᠭᠤᠯᠬᠤ ᠶᠢ ᠬᠦᠰᠡᠵᠦ ᠪᠠᠶᠢᠨ᠎ᠠ᠃ ᠳᠤᠮᠳᠠᠳᠤ ᠮᠤᠩᠭᠤᠯ ᠤᠷᠤᠰ ᠤᠨ ᠵᠠᠩᠬᠢᠯᠠᠭ᠎ᠠ ᠶᠢᠨ ᠭᠠᠵᠠᠷ ᠤᠷᠤᠨ ᠪᠤᠯᠤᠭᠰᠠᠨ ᠤ ᠬᠤᠪᠢ ᠳᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤᠰ ᠬᠤᠭᠤᠴᠠᠭᠠᠨ ᠤ ᠶᠠᠷᠢᠶᠠᠨ ᠤ ᠳᠠᠪᠴᠠᠩ ᠤᠨ ᠳᠠᠭᠠᠭᠠᠨ ᠡᠷᠬᠢᠯᠡᠭᠰᠡᠨ ᠠᠵᠢᠯ ᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠪᠡᠷ ᠤᠨ ᠳᠠᠪᠠᠭᠤᠯᠢᠭ ᠲᠠᠭᠠᠨ ᠲᠦᠰᠢᠭᠯᠡᠵᠦ᠂ ︽ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ︾᠎ ᠤᠨ ᠪᠦᠳᠦᠬᠡᠨ ᠪᠠᠶᠢᠭᠤᠯᠤᠯᠳᠠ ᠳᠤ ᠨᠡᠩ ᠤᠯᠠᠨ ᠬᠠᠷᠢᠭᠤᠴᠠᠯᠭ᠎ᠠ ᠶᠢ ᠡᠬᠦᠷᠬᠡᠯᠡᠵᠦ᠂ ᠨᠡᠩ ᠤᠯᠠᠨ ᠬᠤᠪᠢ ᠨᠡᠮᠡᠷᠢ ᠦᠵᠡᠬᠦᠯᠪᠡ᠃      ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠬᠡ ᠶᠢᠨ ᠶᠠᠷᠢᠶᠠᠨ ᠤ ᠳᠠᠪᠴᠠᠩ ᠢ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ ᠠᠴᠠ ᠳᠤᠷᠠᠳᠴᠤ᠂ ᠳᠤᠮᠳᠠᠳᠤ ᠮᠤᠩᠭᠤᠯ ᠤᠷᠤᠰ ᠤᠨ 14 ᠪᠠᠶᠢᠭᠤᠯᠤᠮᠵᠢ ᠠᠴᠠ ᠡᠬᠦᠰᠬᠡᠨ ᠪᠠᠶᠢᠭᠤᠯᠵᠤ᠂ 2015 ᠤᠨ ᠳᠤ ᠪᠠᠶᠢᠭᠤᠯᠤᠭᠳᠠᠵᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠦᠭᠵᠢᠯᠳᠡ ᠰᠤᠳᠤᠯᠭᠠᠨ ᠤ ᠲᠦᠪ ᠵᠢᠵᠢᠬᠦᠷ ᠳᠡᠷᠢᠬᠦᠯᠡᠭᠴᠢ ᠶᠢᠨ ᠳᠠᠯ᠎ᠠ ᠶᠢ ᠡᠬᠦᠷᠬᠡᠯᠡᠵᠦ᠂ 150 ᠭᠠᠷᠤᠢ ᠳᠤᠮᠳᠠᠳᠤ ᠮᠤᠩᠭᠤᠯ ᠤᠷᠤᠰ ᠤᠨ ᠳᠤᠰᠬᠠᠢ ᠮᠡᠷᠬᠡᠵᠢᠯᠳᠡᠨ ᠪᠠ ᠵᠠᠰᠠᠭ ᠤᠨ ᠤᠷᠳᠤᠨ᠂ ᠠᠵᠤ ᠠᠬᠤᠢᠢᠯᠠᠯ ᠤᠨ ᠡᠳᠡᠬᠡᠳ ᠶᠠᠷᠢᠶᠠᠨ ᠤ ᠳᠠᠪᠴᠠᠩ ᠳᠤ ᠤᠷᠤᠯᠴᠠᠵᠠᠢ᠃ ᠶᠠᠷᠢᠶᠠᠨ ᠤ ᠳᠠᠪᠴᠠᠩ ᠨᠢ ︽ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ᠄ ᠵᠤᠯᠭᠠᠯᠴᠠᠭᠤᠯᠬᠤ ᠪᠠ ᠦᠷᠬᠡᠳᠬᠡᠬᠦ︾᠎ ᠪᠠᠷ ᠭᠤᠤᠯ ᠰᠡᠳᠦᠪ ᠢᠶᠠᠨ ᠪᠤᠯᠭᠠᠵᠤ᠂ ︽ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠬᠡᠨ ᠪᠠᠶᠢᠭᠤᠯᠤᠯᠳᠠ ᠶᠢᠨ ᠲᠦᠯᠦᠪᠵᠢᠬᠦᠯᠬᠡ ᠶᠢᠨ ᠬᠦᠳᠦᠯᠪᠦᠷᠢ︾᠎ ᠶᠢᠨ ᠳᠤᠭᠤᠷᠢᠨ ᠳᠤ ᠭᠤᠤᠯᠳᠠᠯᠭ᠎ᠠ ᠶᠢᠨ ᠬᠦᠷᠢᠶᠡᠨ ᠳᠤ ᠪᠤᠳᠠᠳᠠᠢ ᠬᠠᠮᠳᠤᠷᠠᠯᠴᠠᠬᠤ ᠳᠠᠯ᠎ᠠ ᠪᠠᠷ ᠰᠠᠨᠠᠯ ᠰᠠᠨᠠᠭᠤᠯᠭ᠎ᠠ ᠪᠠᠨ ᠳᠡᠪᠰᠢᠬᠦᠯᠵᠡᠢ᠃ ᠬᠤᠷᠠᠯ ᠤᠨ ᠬᠤᠭᠤᠴᠠᠭᠠᠨ ᠳᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠳᠤᠮᠳᠠᠳᠤ ᠮᠤᠩᠭᠤᠯ ᠤᠷᠤᠰ ᠤᠨ ᠰᠤᠳᠤᠯᠭᠠᠨ ᠤ ᠬᠦᠷᠢᠶᠡᠯᠡᠩ ᠫᠠᠶᠢᠰᠠ ᠡᠯᠬᠦᠨ ᠪᠠᠶᠢᠭᠤᠯᠤᠭᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号