| ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢ ᠰᠤᠳᠤᠯᠬᠤ ᠬᠦᠷᠢᠶᠡᠯᠡᠩ ᠵᠢᠩᠬᠢᠨᠢ ᠪᠠᠷ ᠢᠯᠡᠷᠬᠡᠶᠢᠯᠡᠯ | ᠰᠡᠬᠦᠨ ᠪᠠᠶᠢᠭᠤᠯᠤᠭᠳᠠᠪᠠ | 9 ᠳ᠋ᠦ᠋ᠭᠡᠷ ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢ ᠰᠤᠳᠤᠯᠬᠤ ᠬᠦᠷᠢᠶᠡᠯᠡᠩ ︵ᠳᠣᠷᠣᠭᠰᠢ ︽ | ᠰᠤᠳᠤᠯᠬᠤ ᠬᠦᠷᠢᠶᠡᠯᠡᠩ︾ ᠭᠡᠵᠦ ᠲᠣᠪᠴᠢᠯᠠᠨ᠎ᠠ︶ ᠬᠥᠬᠡᠬᠤᠲᠠ ᠳᠤ ᠢᠯᠡᠷᠬᠡᠶᠢᠯᠡᠯ ᠰᠡᠬᠦᠨ ᠪᠠᠶᠢᠭᠤᠯᠤᠭᠳᠠᠪᠠ᠃ | ᠣᠶᠢᠯᠠᠭᠠᠭᠰᠠᠨ ᠢᠶᠠᠷ᠂ ᠰᠤᠳᠤᠯᠬᠤ ᠬᠦᠷᠢᠶᠡᠯᠡᠩ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠬᠤ᠂ | ᠥᠪᠥᠷ ᠮᠣᠩᠭᠤᠯ ᠤᠨ ᠰᠢᠨ᠎ᠡ ᠮᠠᠶ᠋ᠢᠭ ᠤᠨ ᠣᠶᠣᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠪᠠ | ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠨᠭ᠍ᠬᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠠᠬᠤᠶ ᠪᠠᠶᠢᠳᠠᠯ ᠳᠣᠣᠷ᠎ᠠ᠂ ︽︿ᠥᠪᠥᠷ ᠮᠣᠩᠭᠤᠯ ᠤᠨ ᠰᠢᠨ᠎ᠡ ᠮᠠᠶ᠋ᠢᠭ ᠤᠨ ᠣᠶᠣᠨ ᠤ ᠬᠥᠮᠥᠷᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠨᠠᠮ ᠠᠯᠪᠠᠨ | ᠲᠠᠷᠬᠠᠭᠠᠭᠰᠠᠨ ﹇2015﹈ 48 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠴᠣᠬᠤᠯᠠᠪᠤᠷᠢ ᠣᠯᠵᠤ | ᠪᠠᠶᠢᠭᠤᠯᠤᠭᠳᠠᠭᠰᠠᠨ ᠶᠤᠮ᠃ | ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢ ᠰᠤᠳᠤᠯᠬᠤ ᠬᠦᠷᠢᠶᠡᠯᠡᠩ ᠤᠨ ᠭᠤᠣᠯ ᠡᠭᠦᠷᠭᠡ | ᠬᠠᠷᠢᠭᠤᠴᠠᠯᠭ᠎ᠠ ᠪᠣᠯ ᠣᠷᠣᠰ᠂ ᠮᠣᠩᠭᠤᠯ ᠤᠯᠤᠰ ᠤᠨ ᠲᠤᠰᠬᠠᠢ ᠰᠤᠳᠤᠯᠭᠠᠨ ᠢ ᠥᠷᠨᠢᠭᠦᠯᠵᠦ᠂ ᠭᠤᠷᠪᠠᠨ | ᠲᠠᠯ᠎ᠠ ᠶᠢᠨ ᠤᠶᠤᠨ ᠤ ᠬᠥᠮᠥᠷᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠣᠯᠣᠨ ᠴᠢᠳᠠᠪᠤᠷᠢᠲᠠᠨ ᠴᠤᠭᠯᠠᠷᠠᠭᠤᠯᠬᠤ | ᠲᠠᠪᠴᠠᠩ ᠢ ᠪᠠᠶᠢᠭᠤᠯᠵᠤ᠂ ᠳᠤᠮᠳᠠᠳᠤ ᠣᠷᠣᠰ ᠤᠨ ᠤᠶᠤᠨ ᠤ ᠬᠥᠮᠥᠷᠭᠡ ᠶᠢᠨ ᠬᠠᠮᠲᠤᠷᠠᠯᠴᠠᠭ᠎ᠠ ᠪᠠ ᠰᠣᠯᠢᠯᠴᠠᠭ᠎ᠠ ᠶᠢ | ᠵᠣᠬᠢᠴᠠᠭᠤᠯᠬᠤ ᠠᠵᠢᠯ ᠢ ᠡᠭᠦᠷᠭᠡᠯᠡᠵᠦ᠂ ᠤᠯᠤᠰ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠨᠭ᠍ᠬᠢᠯ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠲᠦᠷᠦ ᠶᠢᠨ ᠪᠤᠳᠤᠯᠭ᠎ᠠ ᠶᠢ ᠰᠤᠳᠤᠯᠭᠠᠨ᠂ ᠰᠢᠢᠳᠪᠦᠷᠢᠲᠦ | ᠪᠤᠳᠤᠯᠭ᠎ᠠ ᠲᠣᠭᠲᠠᠭᠠᠬᠤ ᠯᠠᠪᠯᠠᠯᠭ᠎ᠠ᠂ ᠲᠥᠯᠥᠪᠵᠢᠭᠦᠯᠭᠡ ᠶᠢᠨ ᠲᠤᠬᠠᠶ ᠰᠠᠨᠠᠭᠤᠯᠭ᠎ᠠ᠂ ᠲᠥᠷᠥᠯ ᠵᠦᠢᠯ ᠢ ᠦᠨᠡᠯᠡᠨ | ᠵᠢᠱᠢᠬᠦ ᠵᠡᠷᠭᠡ ᠶᠢ ᠬᠠᠩᠭᠠᠬᠤ ᠶᠠᠪᠤᠳᠠᠯ ᠪᠣᠯᠣᠨ᠎ᠠ᠃ ᠰᠤᠳᠤᠯᠬᠤ ᠬᠦᠷᠢᠶᠡᠯᠡᠩ ᠨᠢ ᠪᠠᠰᠠ ᠬᠥᠯᠥᠨ ᠪᠤᠶᠢᠷ ᠲᠠᠬᠢ | ᠰᠠᠯᠪᠤᠷᠢ ᠬᠦᠷᠢᠶᠡᠯᠡᠩ᠂ ᠮᠠᠨᠵᠤᠤᠷ ᠲᠠᠬᠢ ᠰᠠᠯᠪᠤᠷᠢ ᠬᠦᠷᠢᠶᠡᠯᠡᠩ ᠪᠣᠯᠤᠨ ᠮᠣᠩᠭᠤᠯ ᠬᠡᠯᠡᠨ ᠤ ᠳᠠᠳᠤᠯᠭ᠎ᠠ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠵᠡᠷᠭᠡ ᠭᠤᠷᠪᠠᠨ ᠰᠠᠯᠪᠤᠷᠢ ᠵᠣᠬᠢᠶᠠᠨ ᠪᠠᠶᠢᠭᠤᠯᠤᠯᠲᠠ ᠶᠢ ᠬᠠᠮᠲᠤᠷᠠᠨ | ᠪᠠᠶᠢᠭᠤᠯᠪᠠ᠃ | ᠣᠶᠢᠯᠠᠭᠠᠭᠰᠠᠨ ᠢᠶᠠᠷ᠂ ᠳᠤᠮᠳᠠᠳᠤ ᠣᠷᠣᠰ ᠮᠣᠩᠭᠤᠯ ᠤᠨ ᠠᠵᠤ ᠠᠬᠤᠶ ᠶᠢᠨ ᠬᠤᠨᠭ᠍ᠬᠢᠯ ᠤᠨ ᠪᠦᠲᠦᠭᠡᠨ | ᠪᠠᠶᠢᠭᠤᠯᠤᠯᠲᠠ ᠵᠢᠴᠢ ᠳᠤᠮᠳᠠᠳᠤ ᠮᠣᠩᠭᠤᠯ ᠣᠷᠣᠰ ᠤᠨ ᠬᠠᠮᠲᠤᠷᠠᠯᠴᠠᠭ᠎ᠠ ᠶᠢᠨ ᠰᠤᠳᠤᠯᠭᠠᠨ ᠪᠣᠯ ᠥᠪᠡᠷᠲᠡᠭᠡᠨ | ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢᠨ ᠳᠠᠪᠠᠭᠤᠯᠢᠭ ᠢᠶᠠᠷ ᠲᠤᠪᠤᠶᠢᠮ᠎ᠠ | ᠰᠤᠳᠤᠯᠭᠠᠨ ᠤ ᠬᠦᠷᠢᠶ᠎ᠡ ᠪᠣᠯᠣᠨ᠎ᠠ᠃ ᠤᠢᠢᠷ᠎ᠠ ᠶᠢᠨ ᠵᠢᠯ ᠳᠤ᠂ ᠰᠤᠳᠤᠯᠬᠤ ᠬᠦᠷᠢᠶᠡᠯᠡᠩ ᠨᠢ ᠬᠥᠭᠵᠢᠭᠦᠯᠦᠯᠲᠡ ᠶᠢᠨ | ᠰᠤᠳᠤᠯᠭᠠᠨ ᠤ ᠲᠥᠪ ᠲᠤ ᠲᠦᠰᠢᠭᠯᠡᠨ ᠡᠮᠦᠨᠡᠬᠢ ᠬᠤᠭᠤᠴᠠᠭᠠᠨ ᠠᠵᠢᠯ ᠢ ᠥᠷᠨᠢᠭᠦᠯᠦᠭᠰᠡᠨ ᠪᠠ ᠬᠦᠷᠢᠶᠡᠯᠡᠩ | ᠪᠠᠶᠢᠭᠤᠯᠤᠭᠳᠠᠭᠰᠠᠨ ᠠᠴᠠ ᠨᠠᠰᠢ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠨᠭ᠍ᠬᠢᠯ ᠤᠨ ᠪᠦᠲᠦᠭᠡᠨ | ᠪᠠᠶᠢᠭᠤᠯᠤᠯᠲᠠ ᠵᠢᠴᠢ ᠳᠤᠮᠳᠠᠳᠤ ᠮᠣᠩᠭᠤᠯ ᠣᠷᠣᠰ ᠤᠨ ᠬᠠᠮᠲᠤᠷᠠᠯᠴᠠᠭ᠎ᠠ ᠶᠢᠨ ᠰᠤᠳᠤᠯᠭᠠᠨ ᠤ ᠲᠠᠯ᠎ᠠ ᠪᠠᠷ | ᠰᠤᠳᠤᠯᠭᠠᠨ ᠤ ᠲᠤᠬᠠᠶᠢᠯᠠᠭᠰᠠᠨ ᠠᠵᠢᠯ ᠢ ᠥᠷᠨᠢᠭᠦᠯᠵᠦ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠯᠠᠪᠯᠠᠭ᠎ᠠ ᠥᠭᠬᠦ | ᠰᠤᠳᠤᠯᠭᠠᠨ ᠤ ᠬᠦᠷᠢᠶᠡᠨ ᠳᠤ ᠨᠡᠯᠢᠶᠡᠳ ᠰᠢᠰᠲ᠋ᠧᠮ ᠲᠠᠢ ᠰᠤᠳᠤᠯᠭᠠᠨ ᠤ ᠦᠷ᠎ᠡ ᠪᠦᠲᠦᠭᠡᠯ ᠢ ᠣᠯᠤᠭᠰᠠᠨ ᠪᠥᠭᠡᠳ | ᠲᠤᠰ ᠰᠤᠳᠤᠯᠭᠠᠨ ᠤ ᠬᠦᠷᠢᠶᠡᠨ ᠳᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠯᠠᠪᠯᠠᠭ᠎ᠠ ᠥᠭᠬᠦ ᠦᠢᠯᠡᠴᠢᠯᠡᠭᠡᠨ ᠤ | ᠨᠡᠯᠢᠶᠡᠳ ᠴᠢᠩᠭ᠎ᠠ ᠴᠢᠳᠠᠮᠵᠢ ᠶᠢ ᠪᠠᠳᠠᠷᠠᠭᠤᠯᠵᠤ ᠴᠢᠳᠠᠬᠤ ᠪᠣᠯᠪᠠ᠃ |