ᠠᠩᠬᠠᠳᠤᠭᠠᠷ ᠤᠳᠠᠭᠠᠨ ᠤ ᠣᠷᠳᠣᠰ ᠤᠨ ᠣᠯᠠᠨ ᠤᠯᠤᠰ ᠤᠨ ᠨᠣᠯᠤᠤᠷ ᠤᠨ ᠠᠵᠤ ᠦᠢᠯᠡᠰ ᠤᠨ ᠴᠤᠭᠯᠠᠭᠠᠨ ᠵᠢᠴᠢ2016 ᠣᠨ ᠤ ᠣᠷᠳᠣᠰ ᠤᠨ ᠣᠯᠠᠨ ᠤᠯᠤᠰ ᠤᠨ ᠨᠤᠯᠤᠤᠷ ᠤᠨ ᠤᠢᠢᠯᠡᠰ ᠤᠨ ᠰᠢᠨ᠎ᠡ ᠶᠢ ᠡᠬᠦᠳᠬᠦ ᠶᠡᠭᠡ ᠬᠤᠷᠠᠯ ᠥᠪᠡᠳᠡᠭᠰᠢ ᠶᠡᠬᠡᠪᠠᠷ ᠶᠠᠪᠤᠭᠳᠠᠯ᠎ᠠ  ᠹᠥ᠋ ᠲᠠᠢ ᠽᠸᠡᠭ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2016/9/30
     9 ᠳ᠋ᠣᠭᠡᠷ ᠰᠠᠷ᠎ᠠ ᠶᠢᠨ 28᠎ ᠤ ᠡᠳᠤᠷ᠂ ᠠᠩᠬᠠᠳᠤᠭᠠᠷ ᠬᠤᠭᠤᠴᠠᠭᠠᠨ ᠤ ᠤᠷᠳᠤᠰ ᠤᠨ ᠤᠯᠠᠨ ᠤᠯᠤᠰ ᠤᠨ ᠨᠤᠯᠤᠤᠷ ᠤᠨ ᠠᠵᠤ ᠤᠢᠢᠯᠡᠰ ᠤᠨ ᠥᠵᠡᠰᠬᠦᠯᠡᠩ ᠵᠢᠴᠢ 2016 ᠤᠨ ᠤ ᠤᠷᠳᠤᠰ ᠤᠨ ᠤᠯᠠᠨ ᠤᠯᠤᠰ  ᠎ ᠤᠨ ᠨᠤᠯᠤᠤᠷ ᠤᠨ ᠤᠢᠢᠯᠡᠰ ᠤᠨ ᠰᠢᠨ᠎ᠡ ᠶᠢ ᠡᠬᠦᠳᠬᠦ ᠶᠡᠭᠡ ᠬᠤᠷᠠᠯ ᠤᠷᠳᠤᠰ ᠬᠤᠳᠠ ᠶᠢᠨ ᠳ᠋ᠥᠩᠱᠧᠩ ᠳᠣᠭᠤᠷᠢᠬ ᠲᠤ ᠪᠠᠶᠢᠷᠢᠰᠢᠭ᠎ᠠ ᠤᠳᠤᠬᠢᠴᠢᠯᠠᠭᠰᠠᠨ ᠨᠤᠯᠤᠤᠷ ᠤᠨ ᠠᠵᠤ ᠤᠢᠢᠯᠡᠰ ᠤᠨ ᠬᠥᠷᠢᠶᠡᠯᠡᠩ ᠲᠤᠭᠤᠷᠢᠭ ᠲᠤ ᠥᠪᠳᠡᠭᠰᠢ ᠶᠡᠬᠡᠪᠠᠷ ᠶᠠᠪᠤᠭᠳᠠᠪᠠ᠃      ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠲᠡᠳ᠋ ᠲᠡᠷᠢᠬᠦᠯᠡᠭᠴᠢ ᠹᠥ᠋ ᠲᠠᠢ ᠽᠸᠡᠭ ᠬᠤᠷᠠᠯ ᠶᠢ ᠣᠷᠣᠯᠴᠠᠬᠰᠠᠨ ᠪᠥᠬᠡᠳ ᠶᠤᠰᠤᠯᠠᠯ ᠡᠬᠢᠯᠡᠭᠰᠡᠨ ᠢ ᠲᠤᠩᠬᠠᠭᠯᠠᠪᠠ᠂ ᠣᠯᠣᠰ ᠤᠨ ᠪᠠ ᠥᠪᠡᠷᠳᠡᠬᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠠ ᠢᠮᠠᠭᠠᠨ ᠨᠣᠯᠣᠣᠷ ᠤᠨ ᠳᠣᠰᠬᠠᠢ ᠮᠡᠷᠬᠡᠵᠢᠯᠳᠡᠨ᠂ ᠭᠠᠳᠠᠭᠠᠳᠣ ᠶᠢᠨ ᠢᠮᠠᠭᠠᠨ ᠨᠣᠯᠣᠣᠷ ᠤᠨ ᠳᠣᠰᠬᠠᠢ ᠮᠡᠷᠬᠡᠵᠢᠯᠳᠡᠨ ᠪᠠ ᠮᠠᠨ ᠤ ᠣᠯᠣᠰ ᠤᠨ ᠢᠮᠠᠭᠠᠨ ᠨᠣᠯᠣᠣᠷ ᠤᠨ ᠭᠤᠣᠯ ᠭᠠᠷᠣᠯᠳᠠ ᠎ ᠶᠢᠨ ᠣᠷᠣᠨ ᠤ ᠳᠣᠰᠬᠠᠢ ᠮᠡᠷᠬᠡᠵᠢᠯᠳᠡᠨ ᠵᠢᠴᠢ ᠠᠵᠣ ᠠᠬᠤᠢᠢᠯᠠᠯᠳᠠᠨ ᠲᠦᠷᠪᠡᠨ ᠵᠠᠭᠤ ᠭᠠᠷᠣᠢ ᠬᠥᠮᠥᠨ ᠬᠤᠷᠠᠯ ᠶᠢ ᠣᠷᠣᠯᠴᠠᠪᠠ᠃      ᠳᠣᠰ ᠬᠤᠭᠤᠴᠠᠭᠠᠨ ᠤ ᠤᠷᠳᠤᠰ ᠤᠨ ᠤᠯᠠᠨ ᠤᠯᠤᠰ ᠤᠨ ᠨᠤᠯᠤᠤᠷ ᠤᠨ ᠠᠵᠤ ᠤᠢᠢᠯᠡᠰ ᠤᠨ ᠴᠤᠭᠯᠠᠭᠠᠨ ᠵᠢᠴᠢ 2016 ᠤᠨ ᠤ ᠤᠷᠳᠤᠰ ᠤᠨ ᠤᠯᠠᠨ ᠤᠯᠤᠰ ᠤᠨ ᠨᠤᠯᠤᠤᠷ ᠤᠨ ᠤᠢᠢᠯᠡᠰ ᠤᠨ ᠰᠢᠨ᠎ᠡ  ᠎ ᠶᠢ ᠡᠬᠦᠳᠬᠦ ᠶᠡᠭᠡ ᠬᠤᠷᠠᠯ ᠢ ᠥᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠤᠷᠳᠤᠰ ᠬᠤᠳᠠ ᠶᠢᠨ ᠵᠠᠰᠠᠭ ᠤᠨ ᠤᠷᠳᠤᠨ᠂ ᠳ᠋ᠦᠩᠱᠧᠩ ᠲᠤᠭᠤᠷᠢᠭ ᠤᠨ ᠵᠠᠰᠠᠭ ᠤᠨ ᠣᠷᠳᠣᠨ᠂ ᠣᠷᠳᠣᠰ ᠪᠥᠯᠥᠭᠯᠡᠯ ᠬᠠᠮᠳᠣᠷᠠᠨ ᠡᠷᠬᠢᠯᠡᠪᠠ᠃ ᠳᠣᠰ ᠬᠤᠷᠠᠯ ᠨᠢ 9 ᠳ᠋ᠣᠭᠡᠷ ᠰᠠᠷ᠎ᠠ 28᠎ ᠤ ᠡᠳᠤᠷ ᠠᠴᠠ 29᠎ ᠤ ᠡᠳᠤᠷ ᠪᠤᠯᠲᠠᠯ᠎ᠠ ᠶᠠᠪᠣᠬᠳᠠᠵᠣ᠂ ᠡᠨᠡ ᠬᠤᠭᠤᠴᠠᠭᠠᠨ ᠶᠢ ︽ᠢᠮᠠᠭᠠᠨ ᠨᠤᠯᠤᠤᠷ ᠤᠨ ᠠᠵᠤ ᠠᠬᠤᠢ ᠶᠢᠨ ᠰᠢᠨ᠎ᠡ ᠶᠢ ᠡᠬᠦᠳᠬᠦ ᠬᠥᠭᠵᠢᠯᠳᠡ ᠶᠢᠨ ᠰᠡᠳᠤᠪᠳᠤ ᠲᠦᠷᠦᠬᠦᠴᠤᠳ ᠤᠨ ᠶᠠᠷᠢᠶᠠᠨ ᠤ ᠲᠠᠪᠴᠠᠩ︾᠂ ︽ᠭᠠᠷ ᠤᠷᠠᠯᠠᠯ ᠤᠨ ᠠᠭᠤᠰᠤᠯᠴᠠᠭ᠎ᠠ ᠪᠠᠷ ᠨᠤᠯᠤᠣᠷ ᠎ ᠤᠨ ᠤᠢᠢᠯᠡᠰ ᠤᠨ ᠬᠥᠭᠵᠢᠯᠳᠡ ᠶᠢ ᠲᠠᠶᠢᠴᠢᠯᠠᠬᠤ︾᠂ ︽ᠪᠠᠷᠢᠮᠵᠢᠶᠠᠴᠢᠯᠠᠯᠳᠠ ᠶᠢᠨ ᠬᠠᠪᠰᠤᠷᠤᠯᠭ᠎ᠠ ᠪᠠᠷ ᠨᠤᠯᠤᠣᠷ ᠎ ᠤᠨ ᠠᠵᠤ ᠤᠢᠢᠯᠡᠰ ᠤᠨ ᠰᠢᠨ᠎ᠠ ᠶᠢ ᠡᠬᠦᠳᠬᠦ ᠬᠥᠭᠵᠢᠯᠳᠡ ᠶᠢ ᠪᠤᠢ ᠪᠤᠯᠭᠠᠬᠤ︾ ᠲᠤᠰᠬᠠᠢ ᠰᠡᠳᠤᠪᠳᠤ ᠶᠠᠷᠢᠯᠴᠠᠭᠠᠨ ᠎ ᠤ ᠲᠠᠪᠴᠠᠩ᠂ ᠢᠮᠠᠭᠠᠨ ᠨᠤᠯᠤᠤᠷ ᠤᠨ ᠠᠵᠤ ᠤᠢᠢᠯᠡᠰ ᠤᠨ ᠠᠷᠠᠯᠵᠢᠶ᠎ᠠ ᠬᠤᠳᠠᠯᠳᠤᠭᠠᠨ ᠤ ᠬᠡᠯᠡᠯᠴᠡᠬᠡᠷ ᠳᠣᠬᠳᠠᠬᠤ ᠪᠠ ᠠᠵᠢᠯ ᠲᠥᠷᠥᠯ  ᠎ ᠤᠨ ᠬᠡᠷ᠎ᠡ ᠲᠤᠭᠳᠠᠬᠤ ᠬᠤᠷᠠᠯ ᠢ ᠶᠠᠪᠣᠬᠳᠠᠭᠤᠯᠬᠤ ᠪᠣᠯᠣᠨ᠎ᠠ᠃      ᠡᠬᠢᠯᠡᠯᠳᠡ ᠶᠢᠨ ᠶᠣᠰᠣᠯᠠᠯ ᠲᠡᠬᠡᠷ᠎ᠠ ᠪᠠᠰᠠ ︽2015 — 2016 ᠤᠨ ᠤ ᠢᠮᠠᠭᠠᠨ ᠨᠤᠯᠤᠤᠷ  ᠎ ᠤᠨ ᠠᠵᠢᠯ ᠲᠥᠷᠥᠯ ᠤᠨ ᠶᠡᠷᠤᠩᠬᠡᠶᠢᠯᠡᠭᠰᠡᠨ ᠥᠷᠢᠰᠤᠯᠳᠦᠬᠦ ᠬᠥᠴᠥᠨ ᠲᠠᠢ ᠠᠷᠪᠠᠨ ᠲᠤᠮᠤ ᠠᠵᠤ ᠠᠬᠤᠢᠢᠯᠡᠯ︾᠎ ᠢ ᠨᠡᠶᠢᠳᠡᠯᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号