ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠠᠭᠠᠷ ᠤᠨ ᠴᠡᠷᠢᠭ ᠤᠨ ᠨᠢᠰᠬᠡᠯᠴᠢ ᠡᠯᠰᠡᠬᠦ ᠠᠵᠢᠯ ᠪᠦᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2016/9/30
     ᠪᠦᠬᠦ ᠣᠷᠣᠨ ᠤ 2017 ᠣᠨ ᠤ ᠠᠭᠠᠷ ᠤᠨ ᠴᠡᠷᠢᠭ ᠤᠨ ᠨᠢᠰᠬᠡᠯᠴᠢ ᠡᠯᠰᠡᠬᠦ ᠠᠵᠢᠯ ᠨᠢᠭᠡᠨᠲᠡ ᠪᠦᠬᠦ ᠲᠠᠯ᠎ᠠ ᠪᠠᠷ ᠡᠬᠢᠯᠡᠪᠡ᠂ ᠠᠭᠠᠷ ᠤᠨ ᠲᠡᠭᠡᠭᠡᠪᠦᠷᠢ ᠶᠢᠨ ᠦᠢᠯᠡᠰ ᠢ ᠬᠠᠶᠢᠷᠠᠯᠠᠳᠠᠭ᠂ ᠠᠭᠠᠷ ᠤᠨ ᠴᠡᠷᠢᠭ ᠤᠨ ᠨᠢᠰᠦᠭᠴᠢ ᠪᠤᠯᠬᠤ ᠬᠦᠰᠡᠯ ᠵᠤᠷᠢᠭ ᠲᠠᠢ ᠵᠠᠯᠠᠭᠤ ᠰᠤᠷᠤᠭᠴᠢᠳ ᠨᠡᠷ᠎ᠡ ᠮᠡᠳᠡᠭᠦᠯᠵᠦ ᠪᠣᠯᠤᠨ᠎ᠠ᠃      ᠨᠡᠷ᠎ᠡ ᠮᠡᠳᠡᠭᠦᠯᠬᠦ ᠨᠥᠬᠦᠴᠡᠯ ᠪᠣᠯ᠄ 2017 ᠣᠨ ᠳᠤ ᠡᠩ ᠤᠨ ᠳᠤᠮᠳᠠᠳᠤ ᠰᠤᠷᠭᠠᠭᠤᠯᠢ ᠶᠢᠨ ᠲᠤᠰ ᠬᠤᠭᠤᠴᠠᠭ᠎ᠠ ᠠᠴᠠ ᠲᠡᠭᠦᠰᠦᠭᠰᠡᠨ᠂ ᠦᠩᠭᠡᠷᠡᠭᠰᠡᠨ ᠬᠤᠭᠤᠴᠠᠭᠠᠨ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠡᠷᠡᠭᠲᠡᠶ ᠰᠤᠷᠤᠭᠴᠢ᠂ ᠪᠠᠶᠢᠭᠠᠯᠢ ᠨᠡᠶᠢᠭᠡᠮ ᠤᠨ ᠰᠢᠨᠵᠢᠯᠡᠬᠦ ᠤᠬᠠᠭᠠᠨ ᠤ ᠲᠦᠷᠦᠯ ᠬᠢᠵᠠᠭᠠᠷᠯᠠᠬᠤ ᠦᠭᠡᠢ᠂2017 ᠣᠨ ᠤ ᠪᠦᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠳᠤ ᠤᠷᠤᠯᠴᠠᠨ᠎ᠠ᠂ 1997 ᠤᠨ ᠤ 9 ᠳ᠋ᠦ᠋ᠭᠡᠷ ᠰᠠᠷ᠎ᠠ ᠶᠢᠨ 1᠎ ᠤ ᠡᠳᠦᠷ - 2000 ᠤᠨ ᠤ 8 ᠳ᠋ᠤᠭᠠᠷ ᠰᠠᠷ᠎ᠠ ᠶᠢᠨ 31᠎ ᠤ ᠡᠳᠦᠷ ᠤᠨ ᠬᠤᠭᠤᠷᠣᠨᠳᠣ ᠲᠦᠷᠦᠭᠰᠡᠨ ᠪᠠᠶᠢᠬᠤ᠂ ᠰᠤᠷᠤᠯᠭ᠎ᠠ ᠶᠢᠨ ᠬᠢᠷᠢ ᠪᠦᠲᠦᠮᠵᠢ ᠨᠢ ᠰᠢᠯᠢᠳᠡᠭ᠂ ᠵᠢᠱᠢᠯᠲᠡ ᠪᠠᠷ ᠶᠡᠭᠡ ᠳᠡᠭᠡᠳᠦ ᠰᠤᠷᠭᠠᠭᠤᠯᠢ ᠳᠤ ᠰᠢᠯᠭᠠᠭᠰᠠᠨ ᠬᠢᠷᠢ ᠪᠦᠲᠦᠮᠵᠢ ᠨᠢ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ ᠡᠯᠰᠡᠵᠦ ᠬᠢᠵᠠᠭᠠᠷᠯᠠᠬᠤ ᠱᠤᠭᠤᠮ ᠳᠤ ᠬᠦᠷᠦᠭᠰᠡᠨ ᠪᠠᠶᠢᠬᠤ ᠬᠡᠷᠡᠭᠲᠡᠢ᠃ ᠪᠡᠶ᠎ᠡ ᠶᠢᠨ ᠥᠨᠳᠥᠷ ᠨᠢ 164-185 ᠰᠡᠨᠲ᠋ᠢᠮᠲ᠋ᠧᠷ ᠤᠨ ᠬᠤᠭᠤᠷᠤᠨᠳᠤ ᠪᠠᠶᠢᠵᠤ᠂ ᠪᠡᠶ᠎ᠡ ᠶᠢᠨ ᠬᠦᠨᠳᠦ ᠨᠢ ᠪᠠᠷᠢᠮᠵᠢᠶ᠎ᠠ ᠪᠡᠶ᠎ᠡ ᠶᠢᠨ ᠬᠦᠨᠳᠦ ︵ᠪᠠᠷᠢᠮᠵᠢᠶ᠎ᠠ ᠪᠡᠶ᠎ᠡ ᠶᠢᠨ ᠬᠦᠨᠳᠦ = ᠪᠡᠶ᠎ᠡ ᠶᠢᠨ ᠥᠨᠳᠥᠷ ︵CM︶ — 11︶᠎ ᠶᠢᠨ 80%᠎ ᠂ ᠪᠠᠷᠢᠮᠵᠢᠶ᠎ᠠ ᠪᠡᠶ᠎ᠡ ᠶᠢᠨ ᠬᠦᠨᠳᠦ ᠶᠢᠨ 130%᠎ ᠠᠴᠠ ᠬᠦᠨᠳᠦ ᠦᠭᠡᠢ ᠪᠠᠶᠢᠬᠤ︔ ᠲᠤᠭᠲᠠᠭᠤᠨ ᠴᠢᠰᠤᠨ ᠳᠠᠷᠤᠯᠲᠠ ᠨᠢ ᠮᠦᠩᠭᠦᠨ ᠤᠰᠤᠨ ᠤ ᠪᠠᠭᠠᠨ᠎ᠠ ᠶᠢᠨ 138/88 ᠮᠢᠯᠢᠮᠧᠲᠷ ᠬᠡᠲᠦᠷᠡᠬᠦ ᠦᠭᠡᠢ ᠪᠠᠶᠢᠬᠤ︔ ᠠᠭᠠᠷ ᠤᠨ ᠴᠡᠷᠢᠭ ᠤᠨ ᠪᠠᠷᠢᠮᠵᠢᠶ᠎ᠠ ᠬᠠᠷᠠᠭ᠎ᠠ ᠰᠢᠯᠭᠠᠬᠤ ᠬᠦᠰᠦᠨᠦᠭᠲᠦ ᠶᠤᠰᠤᠭᠠᠷ ᠬᠤᠶᠠᠷ ᠨᠢᠳᠤᠨ ᠤ ᠬᠠᠷᠠᠭ᠎ᠠ ᠨᠢ 0.8᠎ ᠠᠴᠠ ᠳᠡᠭᠡᠭᠰᠢ ︵E ᠦᠰᠦᠭ ᠤᠨ ᠬᠡᠯᠪᠡᠷᠢᠲᠦ ᠬᠠᠷᠠᠭ᠎ᠠ ᠰᠢᠯᠭᠠᠬᠤ ᠬᠦᠰᠦᠨᠦᠭᠲᠦ ᠶᠢᠨ 4.9᠎ ᠠᠴᠠ ᠳᠡᠭᠡᠭᠰᠢ ᠪᠠᠶᠢᠬᠤ︶ ᠪᠠᠶᠢᠵᠤ᠂ ᠤᠶᠢᠷ᠎ᠠ ᠬᠠᠷᠠᠭᠠᠨ ᠭᠡᠷᠡᠯ ᠤᠨ ᠨᠤᠭᠤᠷᠠᠯᠲᠠ ᠶᠢᠨ ᠮᠡᠰᠡ ᠵᠠᠰᠠᠯ ᠬᠢᠵᠦ ᠦᠩᠭᠡᠷᠡᠭᠰᠡᠨ ᠦᠭᠡᠢ᠂ ᠦᠩᠬᠡᠨ ᠬᠠᠷᠠᠯᠭᠠᠨ ᠪᠢᠰᠢ ᠪᠦᠭᠡᠳ ᠦᠩᠭᠡ ᠶᠢᠨ ᠰᠡᠷᠡᠯ ᠳᠤᠷᠤᠢ ᠪᠢᠰᠢ ᠪᠠᠶᠢᠬᠤ᠂ ᠪᠡᠶᠡᠨ ᠳᠡᠭᠡᠨ ᠰᠢᠪᠡᠭᠡᠰᠦ ᠵᠢᠷᠤᠭ ᠦᠭᠡᠢ ᠪᠠᠶᠢᠬᠤ᠂ ᠲᠤᠰ ᠬᠥᠮᠦᠨ ᠨᠢ ᠳᠤᠷᠠᠲᠠᠢ ᠪᠦᠭᠡᠳ ᠭᠡᠷ ᠤᠨ ᠠᠬᠠᠮᠠᠳ ᠨᠢ ᠳᠡᠮᠵᠢᠭᠰᠡᠨ ᠪᠠᠶᠢᠬᠤ ᠬᠡᠷᠡᠭᠲᠡᠢ᠃ ᠨᠦᠭᠦᠴᠡᠯ ᠳᠤ ᠨᠡᠶᠢᠴᠡᠬᠦ ᠰᠤᠷᠤᠭᠴᠢ ᠲᠤᠰ ᠰᠤᠷᠭᠠᠭᠤᠯᠢ ᠪᠠᠷ ᠢᠶᠠᠨ ᠳᠠᠮᠵᠢᠭᠤᠯᠤᠨ ᠨᠡᠷ᠎ᠡ ᠮᠡᠳᠡᠭᠦᠯᠦᠨ᠎ᠡ᠃      ᠠᠭᠠᠷ ᠤᠨ ᠴᠡᠷᠢᠭ ᠤᠨ ᠨᠢᠰᠬᠡᠯᠴᠢ ᠡᠯᠰᠡᠬᠦ ᠳᠤ ᠠᠩᠬ᠎ᠠ ᠰᠤᠩᠭᠤᠬᠤ᠂ ᠲᠡᠬᠢᠠ ᠰᠣᠩᠭᠤᠬᠤ ᠪᠠ ᠰᠤᠩᠭᠤᠨ ᠲᠤᠭᠲᠠᠭᠠᠬᠤ ᠭᠤᠷᠪᠠᠨ ᠱᠠᠲᠤ ᠶᠢ ᠦᠩᠭᠡᠷᠡᠭᠦᠯᠦᠨ᠎ᠡ᠃ ᠠᠩᠬ᠎ᠠ ᠰᠤᠩᠭᠤᠯᠲᠠ ᠶᠢᠨ ᠪᠠᠶᠢᠴᠠᠭᠠᠯᠲᠠ ᠨᠢ ᠤᠶᠢᠷ᠎ᠠ ᠳᠤ ᠪᠦᠭᠦ ᠲᠠᠯ᠎ᠠ ᠪᠠᠷ ᠦᠷᠨᠢᠭᠦᠯᠬᠦ ᠪᠤᠯᠤᠨ᠎ᠠ᠂ ᠰᠢᠯᠭᠠᠭᠤᠯᠤᠭᠰᠠᠳ ᠡᠷᠬᠡᠪᠰᠢ ᠬᠠᠷᠠᠭᠠᠯᠵᠠᠭᠰᠠᠨ ᠴᠠᠭ᠂ ᠭᠠᠵᠠᠷ ᠲᠤ ᠬᠦᠷᠴᠦ ᠠᠩᠬ᠎ᠠ ᠰᠤᠩᠭᠤᠯᠲᠠ ᠶᠢᠨ ᠰᠢᠯᠭᠠᠨ ᠪᠠᠶᠢᠴᠠᠭᠠᠯᠲᠠ ᠳᠤ ᠤᠷᠤᠯᠴᠠᠬᠤ ᠬᠡᠷᠡᠭᠲᠡᠢ᠃ ᠬᠥᠬᠡᠬᠤᠲᠠ ᠤᠷᠤᠨ ᠤ ᠰᠢᠯᠭᠠᠭᠤᠯᠤᠭᠴᠢ 10 ᠳ᠋ᠤᠭᠠᠷ ᠰᠠᠷ᠎ᠠ ᠶᠢᠨ 14᠎ ᠤ ᠦᠳᠡ ᠶᠢᠨ ᠡᠮᠦᠨᠡᠬᠢ 8 ᠴᠠᠭ ᠲᠤ ᠬᠦᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠳᠤ ᠠᠩᠬ᠎ᠠ ᠰᠤᠩᠭᠤᠯᠲᠠ ᠶᠢᠨ ᠪᠠᠶᠢᠴᠠᠭᠠᠯᠲᠠ ᠳᠤ ᠤᠷᠤᠯᠴᠠᠨ᠎ᠠ︔ ᠤᠯᠠᠭᠠᠨᠴᠠᠪ ᠤᠨ ᠰᠢᠯᠭᠠᠭᠤᠯᠤᠭᠴᠢ 10 ᠳ᠋ᠤᠭᠠᠷ ᠰᠠᠷ᠎ᠠ ᠶᠢᠨ 12᠎ ᠤᠨ ᠡᠳᠦᠷ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠢᠨᠢᠩ ᠳᠠᠬᠢ ᠬᠠᠷᠢᠶᠠᠲᠤ ᠳᠤᠮᠳᠠᠳᠤ ᠰᠤᠷᠭᠠᠭᠤᠯᠢ ᠳᠤ ᠪᠠᠶᠢᠴᠠᠭᠠᠯᠲᠠ ᠳᠤ ᠤᠷᠤᠯᠴᠠᠨ᠎ᠠ︔ ᠪᠤᠭᠤᠲᠤ ᠶᠢᠨ ᠰᠢᠯᠭᠠᠭᠤᠯᠤᠭᠴᠢ 10 ᠳ᠋ᠤᠭᠠᠷ ᠰᠠᠷ᠎ᠠ ᠶᠢᠨ 15-16᠎ ᠤ ᠡᠳᠦᠷ᠂ ᠪᠤᠭᠤᠲᠤ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠳᠤ ᠪᠠᠶᠢᠴᠠᠭᠠᠯᠲᠠ ᠳᠤ ᠤᠷᠤᠯᠴᠠᠨ᠎ᠠ︔ ᠪᠠᠶᠠᠨᠨᠠᠭᠤᠷ᠂ ᠦᠬᠠᠶ᠂ ᠠᠯᠠᠱᠠ ᠠᠶᠢᠮᠠᠭ ᠤᠨ ᠬᠡᠰᠡᠭ ᠬᠤᠰᠢᠭᠤ ᠰᠢᠶᠠᠨ ᠤ ᠰᠢᠯᠭᠠᠭᠤᠯᠤᠭᠴᠢ 10 ᠳ᠋ᠤᠭᠠᠷ ᠰᠠᠷ᠎ᠠ ᠶᠢᠨ 18᠎ ᠤ ᠡᠳᠦᠷ᠂ ᠪᠠᠶᠠᠨᠨᠠᠭᠤᠷ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠪᠠᠶᠢᠴᠠᠭᠠᠯᠲᠠ ᠳᠤ ᠤᠷᠤᠯᠴᠠᠨ᠎ᠠ︔ ᠣᠷᠳᠣᠰ ᠤᠨ ᠰᠢᠯᠭᠠᠭᠤᠯᠤᠭᠴᠢ 10 ᠳ᠋ᠤᠭᠠᠷ ᠰᠠᠷ᠎ᠠ ᠶᠢᠨ 20᠎ ᠤ ᠡᠳᠦᠷ ᠣᠷᠳᠣᠰ ᠨᠢᠭᠡᠳᠦᠭᠡᠷ ᠳᠤᠮᠳᠠᠳᠤ ᠰᠤᠷᠭᠠᠭᠤᠯᠢ ᠳᠤ ᠪᠠᠶᠢᠴᠠᠭᠠᠯᠲᠠ ᠳᠤ ᠤᠷᠤᠯᠴᠠᠨ᠎ᠠ᠃ ᠪᠠᠶᠢᠴᠠᠭᠠᠯᠲᠠ ᠳᠤ ᠤᠷᠤᠯᠴᠠᠬᠤ ᠰᠤᠷᠤᠭᠴᠢᠳ ᠨᠡᠷ᠎ᠡ ᠮᠡᠳᠡᠭᠦᠯᠬᠦ ᠬᠦᠰᠦᠨᠦᠭᠲᠦ ᠪᠠ ᠪᠡᠶ᠎ᠡ ᠶᠢᠨ ᠦᠨᠡᠮᠯᠡᠯ ᠢᠶᠠᠨ ᠠᠪᠴᠤ ᠲᠤᠭᠲᠠᠭᠰᠠᠨ ᠴᠠᠭ ᠲᠤ ᠣᠴᠢᠵᠤ ᠨᠡᠷ᠎ᠡ ᠪᠠᠨ ᠮᠡᠳᠡᠭᠦᠯᠬᠦ ᠬᠡᠷᠡᠭᠲᠡᠶ᠃ ᠪᠤᠰᠤᠳ ᠠᠶᠢᠮᠠᠭ ᠬᠤᠳᠠ ᠶᠢᠨ ᠰᠤᠷᠤᠭᠴᠢᠳ ᠲᠤᠬᠠᠶ ᠶᠢᠨ ᠭᠠᠵᠠᠷ ᠤᠨ ᠰᠤᠷᠤᠭᠴᠢ ᠡᠯᠰᠡᠬᠦ ᠰᠠᠯᠠᠭ᠎ᠠ ᠮᠦᠴᠢᠷ ᠤᠨ ᠮᠡᠳᠡᠭᠳᠡᠯ ᠢᠶᠠᠷ ᠲᠤᠰ ᠠᠶᠢᠮᠠᠭ ᠬᠤᠲᠠ ᠶᠢᠨ ᠥᠪᠡᠷ ᠲᠡᠭᠡᠨ ᠵᠣᠬᠢᠶᠠᠨ ᠪᠠᠶᠢᠭᠤᠯᠤᠭᠰᠠᠨ ᠪᠠᠶᠢᠴᠠᠭᠠᠯᠲᠠ ᠳᠤ ᠤᠷᠤᠯᠴᠠᠨ᠎ᠠ᠃ ᠠᠩᠬ᠎ᠠ ᠰᠤᠩᠭᠤᠯᠲᠠ ᠳᠤ ᠬᠢᠷᠢ ᠲᠡᠩᠴᠡᠭᠰᠡᠨ ᠰᠤᠷᠤᠭᠴᠢᠳ 2016 ᠤᠨ ᠤ 12 ᠳ᠋ᠤᠭᠠᠷ ᠰᠠᠷ᠎ᠠ ᠠᠴᠠ 2017 ᠤᠨ ᠤ 3 ᠳ᠋ᠤᠭᠠᠷ ᠰᠠᠷ᠎ᠠ ᠶᠢᠨ ᠬᠤᠭᠤᠴᠠᠭᠠᠨ ᠳᠤ ᠳᠠᠬᠢᠨ ᠰᠤᠩᠭᠤᠬᠤ ᠳᠤ ᠤᠷᠤᠯᠴᠠᠵᠤ᠂ ᠳᠠᠬᠢᠨ ᠰᠤᠩᠭᠤᠬᠤ ᠳᠤ ᠬᠢᠷᠢ ᠲᠡᠩᠴᠡᠭᠰᠡᠨ ᠰᠤᠷᠤᠭᠴᠢ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠡᠮᠦᠨ᠎ᠡ ᠬᠤᠶᠢᠨ᠎ᠠ ᠰᠤᠩᠭᠤᠨ ᠲᠤᠭᠲᠠᠭᠠᠬᠤ ᠳᠤ ᠤᠷᠤᠯᠴᠠᠨ᠎ᠠ᠃      ᠪᠦᠬᠦ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠦ᠂ ᠳᠡᠭᠡᠳᠦ ᠰᠤᠷᠭᠠᠭᠤᠯᠢ ᠳᠤ ᠰᠢᠯᠭᠠᠭᠰᠠᠨ ᠬᠢᠷᠢ ᠪᠦᠲᠦᠮᠵᠢ ᠨᠢ ᠡᠯᠰᠡᠬᠦ ᠬᠤᠪᠢ ᠠᠴᠠ ᠦᠨᠳᠦᠷ ᠪᠠᠶᠢᠬᠤ ᠰᠤᠷᠤᠭᠴᠢᠳ ᠪᠤᠯ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠠᠭᠠᠷ ᠤᠨ ᠴᠡᠷᠢᠭ ᠤᠨ ᠠᠭᠠᠷ ᠤᠨ ᠠᠶᠠᠯᠠᠯ ᠤᠨ ᠶᠡᠭᠡ ᠰᠤᠷᠭᠠᠭᠤᠯᠢ ᠶᠢᠨ ᠰᠤᠷᠤᠭᠴᠢ ᠪᠠᠷ ᠵᠢᠩᠬᠢᠨᠢ ᠪᠠᠷ ᠡᠯᠰᠡᠭᠳᠡᠵᠦ᠂ ᠲᠦᠷᠪᠡᠨ ᠵᠢᠯ ᠤᠨ ᠵᠢᠩᠬᠢᠨᠢ ᠠᠩᠬᠢ ᠶᠢᠨ ᠰᠤᠷᠭᠠᠨ ᠬᠥᠮᠦᠵᠢᠯ ᠢ ᠪᠡᠶᠡᠯᠡᠭᠦᠯᠦᠨ᠎ᠡ᠃ ᠳᠡᠭᠡᠳᠦ ᠰᠤᠷᠭᠠᠭᠤᠯᠢ ᠳᠤ ᠰᠢᠯᠭᠠᠭᠰᠠᠨ ᠬᠢᠷᠢ ᠪᠦᠲᠦᠮᠵᠢ ᠰᠢᠯᠢᠳᠡᠭ᠂ ᠪᠡᠶ᠎ᠡ ᠮᠠᠬᠠᠪᠣᠳ ᠪᠠ ᠰᠡᠳᠬᠢᠴᠡ ᠶᠢᠨ ᠬᠡᠪ ᠴᠢᠨᠠᠷ ᠨᠢ ᠰᠢᠯᠢᠳᠡᠭ ᠪᠥᠭᠡᠳ ᠴᠡᠷᠢᠭ ᠤᠨ ᠶᠠᠪᠤᠳᠠᠯ ᠤᠨ ᠬᠡᠪ ᠴᠢᠨᠠᠷ ᠢᠶᠠᠷ ᠰᠢᠯᠢᠳᠡᠭ ᠰᠤᠷᠤᠭᠴᠢ ᠨᠢ ᠪᠠᠰᠠ ᠪᠡᠭᠡᠵᠢᠩ ᠶᠡᠭᠡ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠤᠨ ᠠᠭᠠᠷ ᠰᠠᠨᠰᠠᠷ ᠤᠨ ᠶᠡᠭᠡ ᠰᠤᠷᠭᠠᠭᠤᠯᠢ ᠶᠢᠨ ︽ᠬᠤᠣᠰ ᠰᠤᠷᠭᠠᠭᠤᠯᠢ ᠶᠢᠨ ᠬᠠᠷᠢᠶᠠᠲᠤ︾ ᠨᠢᠰᠭᠡᠯᠴᠢ ᠰᠤᠷᠤᠯᠭᠠᠲᠠᠨ ᠢᠶᠠᠷ ᠡᠯᠰᠡᠭᠳᠡᠬᠦ ᠪᠤᠯᠤᠮᠵᠢ ᠎ ᠲᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号