ᠦᠪᠦᠷ ᠮᠤᠩᠭᠤᠯ ᠤᠨ ᠲᠤᠮᠤ ᠬᠡᠯᠪᠡᠷᠢ ᠶᠢᠨ ᠴᠢᠳᠠᠪᠤᠷᠢᠲᠠᠨ ᠤ ᠰᠤᠯᠢᠯᠴᠠᠭᠠᠨ ᠤ ᠬᠤᠷᠠᠯ 10᠎ ᠤ ᠡᠳᠦᠷ ᠶᠠᠪᠤᠭᠳᠠᠨ᠎ᠠ
ᠨᠡᠶᠢᠲᠡᠯᠡᠭᠰᠡᠨ ᠴᠠᠭ᠄
2016/9/5
      2016 ᠤᠨ ᠤ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠤᠯᠭᠤᠬᠤ ᠦᠢᠯᠡᠴᠢᠯᠡᠭᠡᠨ ᠤ ᠰᠠᠷ᠎ᠠ ᠶᠢᠨ ᠠᠵᠢᠯᠯᠠᠭ᠎ᠠ ᠶᠢ ᠰᠠᠶᠢᠲᠤᠷ ᠬᠢᠵᠤ᠂ ᠮᠠᠨ ᠤ ᠤᠷᠤᠨ ᠤ ᠶᠡᠭᠡ ᠳᠡᠭᠡᠲᠦ ᠰᠤᠷᠭᠠᠭᠤᠯᠢ ᠲᠡᠭᠦᠰᠦᠭᠰᠡᠳ ᠲᠤ ᠠᠵᠢᠯ ᠤᠯᠭᠤᠬᠤ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠤ᠂ ᠰᠤᠷᠭᠠᠭᠤᠯᠢ ᠲᠡᠭᠦᠰᠦᠭᠡᠳ ᠠᠵᠢᠯ ᠤᠯᠤᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠪᠰᠤᠷᠤᠨ ᠠᠵᠢᠯ ᠤᠯᠬᠤ ᠴᠢᠳᠠᠪᠤᠷᠢ ᠶᠢ ᠨᠢ ᠳᠡᠭᠡᠭᠰᠢᠯᠡᠬᠦᠯᠵᠤ᠂ ᠠᠵᠢᠯ ᠤᠯᠭᠤᠬᠤ ᠶᠢ ᠪᠡᠶᠡᠯᠡᠬᠦᠯᠬᠦ ᠶᠢᠨ ᠲᠤᠯᠠᠳᠠ᠂ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠭᠤᠤᠯᠯᠠᠨ ᠡᠷᠬᠢᠯᠡᠵᠤ᠂ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠤᠨ ᠨᠡᠶᠢᠭᠡᠮ ᠨᠡᠶᠢᠲᠡ ᠶᠢᠨ ᠦᠢᠯᠡᠴᠢᠯᠡᠭᠡᠨ ᠤ ᠲᠦᠪ᠂ ᠦᠪᠦᠷ ᠮᠤᠩᠭᠤᠯ ᠤᠨ ᠵᠢᠦᠢ ᠶᠢᠩ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠦᠪ ᠠᠴᠠ ᠳᠠᠭᠠᠭᠠᠨ ᠡᠷᠬᠢᠯᠡᠭᠰᠡᠨ ︽2016 ᠤᠨ ᠤ ᠪᠦᠬᠦ ᠤᠯᠤᠰ ᠤᠨ ᠶᠡᠭᠡ ᠳᠡᠭᠡᠲᠦ ᠰᠤᠷᠭᠠᠭᠤᠯᠢ ᠲᠡᠭᠦᠰᠦᠭᠰᠡᠳ ᠲᠤ ᠠᠵᠢᠯ ᠤᠯᠭᠤᠬᠤ ᠦᠢᠯᠡᠴᠢᠯᠡᠬᠡᠨ ᠤ ᠰᠠᠷ᠎ᠠ ᠶᠢᠨ ᠦᠪᠦᠷ ᠮᠤᠩᠭᠤᠯ ᠤᠨ ᠲᠤᠮᠤ ᠬᠡᠯᠪᠡᠷᠢ ᠶᠢᠨ ᠴᠢᠳᠠᠪᠤᠷᠢᠲᠠᠨ ᠤ ᠰᠤᠯᠢᠯᠴᠠᠭᠠᠨ ᠤ ᠬᠤᠷᠠᠯ︾ 9 ᠳ᠋ᠤᠭᠡᠷ ᠰᠠᠷ᠎ᠠ ᠶᠢᠨ 10᠎ ᠤ ᠡᠳᠦᠷ ᠦᠪᠦᠷ ᠮᠤᠩᠭᠤᠯ ᠤᠨ ᠦᠵᠡᠰᠭᠦᠯᠡᠩ ᠤᠨ ᠤᠷᠳᠤᠨ ᠳᠤ ᠨᠢᠭᠡ ᠡᠳᠦᠷ ᠶᠠᠪᠤᠭᠳᠠᠬᠤ ᠪᠤᠯᠤᠨ᠎ᠠ᠃ ᠤᠶᠢᠯᠠᠭᠠᠭᠰᠠᠨ ᠢᠶᠠᠷ᠂ ᠶᠡᠭᠡ ᠬᠤᠷᠠᠯ ᠳᠤ 156 ᠦᠵᠡᠬᠦᠯᠦᠯᠭᠡ ᠶᠢᠨ ᠤᠷᠤ ᠲᠤᠬᠢᠷᠠᠭᠤᠯᠬᠤ ᠪᠠᠷ ᠲᠦᠯᠦᠪᠯᠡᠵᠤ᠂ ᠲᠤᠬᠠᠢ ᠶᠢᠨ ᠴᠠᠭ ᠲᠤ ᠤᠷᠤᠨ ᠤ ᠳᠤᠲᠤᠷ᠎ᠠ ᠭᠠᠳᠠᠨᠠᠬᠢ ᠨᠡᠷ᠎ᠡ ᠬᠦᠨᠳᠦᠲᠠᠢ ᠮᠦᠷᠲᠡᠭᠡᠨ ᠪᠤᠳᠠᠲᠤ ᠬᠦᠴᠦᠨ ᠢᠶᠠᠷ ᠨᠡᠯᠢᠶᠡᠳ ᠴᠢᠩᠭ᠎ᠠ ᠤᠯᠤᠰ ᠤᠨ ᠦᠮᠴᠢᠯᠡᠯᠲᠦ᠂ ᠨᠡᠶᠢᠲᠡ ᠶᠢᠨ ᠦᠮᠴᠢᠯᠡᠯᠲᠦ᠂ ᠬᠤᠪᠢᠴᠠᠭᠠᠲᠤ ᠳᠦᠷᠢᠮᠲᠤ᠂ ᠭᠠᠳᠠᠭᠠᠲᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠭᠰᠠᠨ᠂ ᠳᠡᠭᠡᠲᠦ ᠰᠢᠨ᠎ᠡ ᠮᠡᠷᠭᠡᠵᠢᠯ ᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠤᠯᠤᠨ ᠳᠡᠭᠡᠲᠦ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠡᠷᠭᠡ ᠡᠯ᠎ᠡ ᠲᠦᠷᠦᠯ ᠤᠨ ᠬᠦᠮᠦᠨ ᠬᠡᠷᠡᠭᠯᠡᠬᠦ ᠨᠢᠭᠡᠴᠡ ᠲᠠᠯᠠᠪᠤᠷ ᠲᠤ ᠤᠷᠤᠵᠤ ᠠᠵᠢᠯᠲᠠᠨ ᠤᠷᠢᠵᠤ ᠡᠯᠰᠡᠨ᠎ᠠ᠂ ᠵᠢᠱᠢᠯᠲᠡ ᠪᠠᠷ ᠲᠦᠮᠡ ᠭᠠᠷᠤᠢ ᠨᠡᠷᠡᠰ ᠡᠯ᠎ᠡ ᠲᠦᠷᠦᠯ ᠤᠨ ᠳᠤᠮᠳᠠ ᠳᠡᠭᠡᠲᠦ ᠵᠡᠷᠭᠡ ᠶᠢᠨ ᠲᠤᠰᠬᠠᠢ ᠮᠡᠷᠭᠡᠵᠢᠯᠲᠡᠨ᠂ ᠬᠠᠮᠢᠶᠠᠷᠤᠯᠲᠠ ᠶᠢᠨ ᠴᠢᠳᠠᠪᠤᠷᠢᠲᠠᠨ᠂ ᠲᠤᠰ ᠵᠢᠯ ᠤᠨ ᠪᠠ ᠦᠡᠭᠭᠡᠷᠡᠭᠰᠡᠨ ᠵᠢᠯ ᠤᠨ ᠳᠡᠭᠡᠲᠦ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠪᠤᠯᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠬᠤᠷᠠᠯ ᠳᠤ ᠤᠷᠤᠯᠴᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号