9 ᠳ᠋ᠤᠭᠡᠷ ᠰᠠᠷ᠎ᠠ ᠶᠢᠨ 5 ᠤ ᠦᠳᠡ ᠶᠢᠨ ᠡᠮᠦᠨ᠎ᠡ᠂ ᠪᠦᠬᠦ ᠤᠷᠤᠨ ᠤ ᠡᠷᠳᠡᠨᠢ ᠰᠢᠰᠢ ᠲᠠᠷᠢᠬᠴᠢᠳ ᠲᠤ | ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠳᠠᠶᠢᠴᠢᠯᠠᠯᠳᠠ | ᠪᠠᠶᠢᠷᠢᠯᠠᠭᠤᠯᠤᠯᠳᠠ ᠶᠢᠨ ᠳᠧᠯᠸᠢᠰ ᠳ᠋ᠢᠶᠠᠩᠬᠤᠸᠠ ᠬᠤᠷᠠᠯ ᠬᠦᠬᠡᠬᠤᠳᠠ ᠳᠤ ᠬᠤᠷᠠᠯᠳᠤᠵᠤ᠂ ᠡᠷᠳᠡᠨᠢ ᠰᠢᠰᠢ | ᠲᠠᠷᠢᠬᠴᠢᠳ ᠲᠤ ᠨᠦᠬᠦᠪᠦᠷᠢ ᠤᠯᠭᠤᠬᠤ ᠤᠯᠤᠰ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ | ᠳᠤᠤᠱᠯᠠᠭᠤᠯᠵᠤ᠂ ᠪᠦᠬᠦ ᠤᠷᠤᠨ ᠤ ᠡᠷᠳᠡᠨᠢ ᠰᠢᠰᠢ ᠲᠠᠷᠢᠬᠴᠢᠳ ᠲᠤ ᠨᠦᠬᠦᠪᠦᠷᠢ ᠤᠯᠭᠤᠬᠤ ᠠᠵᠢᠯ ᠳᠤ | ᠪᠠᠶᠢᠷᠢᠯᠠᠭᠤᠯᠤᠯᠳᠠ ᠬᠢᠪᠡ᠃ | ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠸᠠᠩ ᠢᠦᠢ ᠮᠢᠩ ᠬᠤᠷᠠᠯ ᠳᠤ ᠤᠷᠤᠯᠴᠠᠵᠤ ᠶᠠᠷᠢᠶ᠎ᠠ | ᠳᠠᠯᠪᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠷᠳᠡᠨᠢ ᠰᠢᠰᠢ ᠲᠠᠷᠢᠬᠴᠢᠳ ᠲᠤ ᠨᠦᠬᠦᠪᠦᠷᠢ ᠤᠯᠭᠤᠬᠤ | ᠲᠦᠷᠢᠮ ᠤᠨ ᠪᠠᠶᠢᠭᠤᠯᠤᠯᠳᠠ ᠪᠤᠯ ᠡᠷᠳᠡᠨᠢ ᠰᠢᠰᠢ ᠶᠢ ᠬᠤᠷᠢᠶᠠᠵᠤ ᠨᠦᠭᠡᠴᠡᠯᠡᠬᠦ ᠲᠦᠷᠢᠮ ᠤᠨ ᠦᠭᠡᠷᠡᠴᠢᠯᠡᠯᠳᠡ ᠶᠢ | ᠬᠦᠨᠵᠡᠭᠡᠶᠢᠷᠡᠬᠦᠯᠵᠤ᠂ ᠲᠠᠷᠢᠶᠠᠴᠢᠳ ᠤᠨ ᠠᠰᠢᠭ ᠳᠤᠰᠠ ᠶᠢ ᠬᠠᠮᠠᠭᠠᠯᠠᠬᠤ ᠨᠢᠭᠡᠨ ᠴᠢᠬᠤᠯᠠ ᠶᠡᠭᠡ | ᠦᠭᠡᠷᠡᠴᠢᠯᠡᠯᠳᠡ ᠶᠢᠨ ᠠᠷᠭ᠎ᠠ ᠪᠠᠷᠢᠯ ᠪᠤᠯᠤᠨ᠎ᠡ᠃ ᠡᠯ᠎ᠠ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠡᠷᠳᠡᠨᠢ | ᠰᠢᠰᠢ ᠲᠠᠷᠢᠬᠴᠢᠳ ᠲᠤ ᠨᠦᠬᠦᠪᠦᠷᠢ ᠤᠯᠭᠤᠬᠤ ᠲᠦᠷᠢᠮ ᠢ ᠳᠤᠬᠳᠠᠭᠠᠭᠰᠠᠨ ᠴᠢᠬᠤᠯᠠ ᠠᠴᠢ ᠬᠤᠯᠪᠤᠭᠳᠠᠯ ᠢ | ᠬᠦᠨᠵᠡᠭᠡᠢ ᠳᠠᠨᠢᠵᠤ᠂ ᠡᠭᠦᠷᠭᠡ ᠬᠠᠷᠢᠭᠤᠴᠠᠯᠭᠠᠳᠤ ᠰᠡᠳᠬᠢᠯᠭᠡ ᠪᠠᠨ ᠦᠨᠡᠨᠬᠦ ᠨᠡᠮᠡᠭᠳᠡᠭᠦᠯᠵᠤ᠂ ᠨᠦᠬᠦᠪᠦᠷᠢ ᠤᠯᠭᠤᠬᠤ | ᠲᠦᠷᠦ ᠶᠢᠨ ᠪᠤᠳᠤᠯᠭ᠎ᠠ ᠶᠢ ᠴᠠᠭ ᠢ ᠵᠠᠪᠳᠤᠨ ᠨᠠᠶᠢᠳᠠᠪᠤᠷᠢᠵᠢᠭᠤᠯᠵᠤ᠂ ᠢᠯᠡ ᠪᠠᠷ᠂ ᠡᠷᠭᠡ ᠳᠡᠭᠰᠢ ᠪᠠᠷ᠂ ᠲᠦᠪ | ᠭᠤᠤᠯᠴᠢ ᠪᠠᠷ ᠨᠦᠬᠦᠪᠦᠷᠢ ᠮᠦᠡᠭᠬᠦ ᠶᠢ ᠲᠦᠷᠭᠡᠨ᠂ ᠤᠨᠤᠪᠴᠢᠳᠠᠢ᠂ ᠤᠰᠤᠯᠳᠠᠯ ᠦᠭᠡᠢ ᠪᠠᠷ ᠡᠷᠳᠡᠨᠢ ᠰᠢᠰᠢ | ᠲᠠᠷᠢᠬᠴᠢᠳ ᠲᠤ ᠭᠠᠷᠳᠠᠭᠤᠯᠬᠤ ᠶᠢᠨ ᠬᠠᠮᠳᠤ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠲᠦᠷᠢᠮ ᠤᠨ ᠱᠠᠭᠠᠷᠳᠠᠯᠭ᠎ᠠ ᠶᠤᠰᠤᠭᠠᠷ᠂ ᠡᠨᠡ ᠵᠢᠯ ᠤᠨ ᠡᠷᠳᠡᠨᠢ ᠰᠢᠰᠢ ᠬᠤᠳᠠᠯᠳᠤᠨ ᠠᠪᠬᠤ ᠡᠯ᠎ᠠ ᠲᠦᠷᠦᠯ ᠤᠨ | ᠠᠵᠢᠯ ᠢ ᠰᠠᠶᠢᠳᠤᠷ ᠬᠢᠬᠦ ᠬᠡᠷᠡᠭᠳᠠᠢ ᠬᠡᠪᠡ᠃ | ᠤᠢᠢᠯᠠᠭᠠᠭᠰᠠᠨ ᠢᠶᠠᠷ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠳᠠᠪᠤᠳᠤᠭᠠᠷ | ᠪᠦᠬᠦᠳᠡ ᠬᠤᠷᠠᠯ ᠪᠣᠯᠣᠨ ᠲᠦᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠦᠪ ᠤᠨ ᠬᠦᠳᠡᠭᠡ ᠳᠤᠰᠬᠤᠨ ᠤ | ᠠᠵᠢᠯ ᠤᠨ ᠬᠤᠷᠠᠯ ᠤᠨ ᠬᠠᠮᠢᠶ᠎ᠠ ᠪᠦᠬᠦᠢ ᠵᠤᠷᠢᠭ ᠰᠠᠨᠠᠭ᠎ᠠ ᠪᠣᠯᠣᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠪᠠᠶᠢᠷᠢᠯᠠᠭᠤᠯᠤᠯᠳᠠ ᠪᠠᠷ᠂ 2016 ᠣᠨ ᠠᠴᠠ ᠡᠬᠢᠯᠡᠵᠤ ᠤᠯᠤᠰ ᠠᠴᠠ ᠡᠷᠳᠡᠨᠢ ᠰᠢᠰᠢ ᠲᠠᠷᠢᠬᠴᠢᠳ ᠲᠤ | ᠨᠦᠬᠦᠪᠦᠷᠢ ᠤᠯᠭᠤᠬᠤ ᠲᠦᠷᠢᠮ ᠲᠤᠬᠳᠠᠭᠠᠵᠦ᠂ ᠵᠡᠬᠦᠨ ᠬᠤᠶᠢᠳᠤ ᠶᠢᠨ ᠭᠤᠷᠪᠠᠨ ᠮᠤᠵᠢ ᠪᠤᠯᠣᠨ ᠮᠠᠨ ᠤ ᠤᠷᠤᠨ ᠤ | ᠡᠷᠳᠡᠨᠢ ᠰᠢᠰᠢ ᠲᠠᠷᠢᠬᠴᠢᠳ ᠲᠤ ᠨᠦᠬᠦᠪᠦᠷᠢ ᠤᠯᠭᠤᠵᠤ᠂ ᠡᠷᠳᠡᠨᠢ ᠰᠢᠰᠢ ᠶᠢᠨ ᠬᠠᠨᠭ᠍ᠭᠠᠯᠭ᠎ᠠ ᠬᠡᠷᠡᠭᠴᠡᠭᠡ | ᠦᠨᠳᠦᠰᠦᠨ ᠳᠡᠭᠡᠨ ᠳᠡᠩᠴᠡᠬᠦᠷᠢᠳᠠᠢ ᠪᠠᠶᠢᠬᠤ ᠬᠢᠭᠡᠳ ᠬᠠᠮᠢᠶ᠎ᠠ ᠪᠦᠬᠦᠢ ᠠᠵᠤ ᠦᠢᠯᠡᠰ ᠤᠨ ᠵᠤᠬᠢᠴᠠᠯᠳᠤᠨ | ᠬᠦᠭᠵᠢᠬᠦ ᠶᠢ ᠠᠬᠢᠭᠤᠯᠬᠤ ᠪᠤᠯᠤᠨ᠎ᠠ᠃ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ | ᠠᠮᠤ ᠪᠤᠳᠠᠭ᠎ᠠ ᠳᠠᠷᠢᠵᠤ ᠪᠠᠶᠢᠬᠤ ᠲᠠᠷᠢᠶᠠᠴᠢᠳ ᠤᠨ ᠦᠨᠳᠦᠰᠦᠨ ᠠᠰᠢᠭ ᠤᠷᠤᠯᠭ᠎ᠠ ᠶᠢ ᠪᠠᠳᠤᠯᠠᠬᠤ ᠶᠢᠨ ᠲᠦᠯᠦᠭᠡ᠂ | ᠥᠪᠡᠷᠳᠡᠭᠡᠨ ᠵᠠᠰᠠᠬᠤ ᠤᠷᠤᠨ ᠲᠦᠪ ᠤᠨ ᠬᠠᠮᠢᠶ᠎ᠠ ᠪᠦᠬᠦᠢ ᠨᠦᠬᠦᠪᠦᠷᠢ ᠮᠦᠡᠭᠬᠦ ᠶᠢ ᠪᠦᠬᠦᠨ ᠢ ᠡᠷᠳᠡᠨᠢ ᠰᠢᠰᠢ | ᠲᠠᠷᠢᠬᠴᠢᠳ ᠤᠨ ᠨᠦᠬᠦᠪᠦᠷᠢ ᠳᠤ ᠬᠡᠷᠡᠭᠯᠡᠵᠤ᠂ ᠦᠪᠡᠷᠳᠡᠭᠡᠨ ᠵᠠᠰᠠᠬᠤ ᠤᠷᠤᠨ ᠠᠴᠠ ᠠᠶᠢᠮᠠᠭ ᠬᠤᠳᠠ ᠳᠤ ᠤᠯᠭᠤᠬᠤ | ᠨᠦᠬᠦᠪᠦᠷᠢ ᠶᠢᠨ ᠬᠡᠮᠵᠢᠶ᠎ᠠ ᠶᠢ ᠳᠤᠬᠠᠢ ᠶᠢᠨ ᠵᠢᠯ ᠤᠨ ᠤᠯᠤᠰ ᠠᠴᠠ ᠦᠪᠡᠷᠳᠡᠭᠡᠨ ᠵᠠᠰᠠᠬᠤ ᠤᠷᠤᠨ ᠳᠤ | ᠪᠠᠭᠤᠯᠭᠠᠭᠰᠠᠨ ᠨᠦᠬᠦᠪᠦᠷᠢ ᠶᠢᠨ ᠶᠡᠷᠦᠩᠬᠡᠢ ᠬᠡᠮᠵᠢᠶ᠎ᠠ᠂ ᠡᠷᠳᠡᠨᠢ ᠰᠢᠰᠢ ᠳᠠᠷᠢᠭᠰᠠᠨ ᠳᠡᠯᠠᠪᠠᠢ ᠪᠠ ᠭᠠᠷᠤᠯᠳᠠ ᠵᠡᠷᠭᠡ | ᠡᠯᠧᠮᠧᠨ᠋ᠲ ᠢ ᠦᠨᠳᠦᠰᠦᠯᠡᠨ ᠬᠡᠮᠵᠢᠨ ᠪᠤᠳᠤᠵᠤ ᠳᠤᠭᠳᠠᠭᠠᠨᠡ᠃ |