| ᠴᠤᠭᠤᠷ ᠦᠢᠯᠡᠳᠬᠦ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠨ ᠵᠠᠯᠭᠠᠮᠵᠢᠯᠠᠭᠴᠢ ᠪᠠᠲᠦ | ᠴᠤᠭᠤᠷ ᠦᠢᠯᠡᠳᠴᠦ ᠪᠠᠶᠢᠭ᠎ᠠ ᠨᠢ | | ᠮᠣᠷᠢᠨ ᠬᠤᠭᠤᠷ ᠶᠢᠨ ᠴᠤᠤᠷᠢᠶ᠎ᠠ ᠶᠢᠨ ᠬᠠᠶᠢᠷᠴᠠᠭ ᠢ ᠲᠣᠶᠢᠮᠤᠯᠠᠨ ᠵᠢᠷᠤᠵᠤ ᠪᠠᠶᠢᠭ᠎ᠠ ᠨᠢ | | ᠬᠤᠲᠠ ᠶᠢᠨ ᠠᠷᠠᠳ ᠦᠪᠦᠷ ᠮᠤᠩᠭᠤᠯ ᠤᠨ ᠦᠵᠡᠰᠭᠦᠯᠡᠩ ᠤᠨ ᠤᠷᠳᠤᠨ ᠳᠤ ᠮᠤᠩᠭᠤᠯ ᠦᠨᠳᠦᠰᠦᠲᠡᠨ ᠤ | ᠤᠯᠠᠮᠵᠢᠯᠠᠯᠲᠦ ᠬᠠᠳᠬᠤᠮᠠᠯ ᠤᠷᠠᠯᠢᠭ ᠤᠨ ᠦᠵᠡᠰᠭᠦᠯᠡᠩ ᠢ ᠰᠣᠨᠢᠷᠬᠠᠵᠤ ᠪᠠᠶᠢᠭ᠎ᠠ ᠨᠢ | 9 ᠳ᠋ᠤᠭᠡᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ︽2016 ᠦᠪᠦᠷ ᠮᠤᠩᠭᠤᠯ ᠤᠨ ᠳᠠᠯ᠎ᠠ | ᠨᠤᠳᠤᠭ ᠤᠨ ᠰᠤᠶᠤᠯ ᠤᠨ ᠦᠪ ᠢ ᠬᠠᠮᠠᠭᠠᠯᠠᠬᠤ ᠡᠳᠦᠷ ᠤᠨ ᠤᠬᠠᠭᠤᠯᠵᠤ ᠳᠡᠯᠭᠡᠨ ᠦᠵᠡᠭᠦᠯᠬᠦ ᠠᠵᠢᠯᠯᠠᠭ᠎ᠠ ᠵᠢᠴᠢ | ᠮᠤᠩᠭᠤᠯ ᠦᠨᠳᠦᠰᠦᠲᠡᠨ ᠤ ᠤᠯᠠᠮᠵᠢᠯᠠᠯᠳᠤ ᠬᠠᠳᠬᠤᠮᠠᠯ ᠤᠷᠠᠯᠢᠭ ᠤᠨ ᠦᠵᠡᠰᠭᠦᠯᠡᠩ︾ ᠦᠪᠦᠷ ᠮᠤᠩᠭᠤᠯ | ᠤᠨᠦᠵᠡᠰᠭᠦᠯᠡᠩ ᠤᠨ ᠤᠷᠳᠤᠨ ᠳᠤ ᠶᠠᠪᠤᠭᠳᠠᠯ᠎ᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠶᠢᠨ | ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ ᠤᠯᠠᠭᠠᠨ ᠦᠵᠡᠰᠭᠦᠯᠡᠩ ᠢ ᠲᠣᠭᠤᠷᠢᠨ ᠦᠵᠡᠪᠡ᠃ | | ᠲᠤᠰ ᠦᠵᠡᠰᠭᠦᠯᠡᠩ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠤᠳᠠᠰ ᠤᠨ ᠪᠤᠰᠤ ᠰᠤᠶᠤᠯ | ᠤᠨ ᠦᠪ ᠤᠨ ᠬᠠᠤᠯᠢ︾ ᠶᠢ ᠤᠬᠠᠭᠤᠯᠤᠨ ᠰᠤᠷᠳᠠᠯᠴᠢᠯᠠᠬᠤ ᠠᠵᠢᠯᠯᠠᠭ᠎ᠠ ᠳᠤ ᠤᠯᠠᠨ ᠲᠦᠮᠡᠨ ᠭᠠᠷ ᠤᠨ ᠦᠰᠦᠭ | ᠵᠢᠷᠤᠬᠤ᠂ ︽ᠪᠤᠳᠠᠰ ᠤᠨ ᠪᠤᠰᠤ ᠰᠤᠶᠤᠯ ᠤᠨ ᠦᠪ ᠤᠨ ᠭᠡᠷᠡᠯ ᠵᠢᠷᠤᠭ ᠤᠨ ᠦᠵᠡᠭᠦᠯᠦᠯᠭᠡ︾᠂ ︽ᠮᠤᠩᠭᠤᠯ | ᠦᠨᠳᠦᠰᠦᠲᠡᠨ ᠤ ᠤᠯᠠᠮᠵᠢᠯᠠᠯᠳᠤ ᠬᠠᠳᠬᠤᠮᠠᠯ ᠤᠷᠠᠯᠢᠭ ᠤᠨ ᠦᠵᠡᠭᠦᠯᠦᠯᠭᠡ︾ ᠬᠢᠬᠡᠳ ︽ᠮᠤᠩᠭᠤᠯ | ᠦᠨᠳᠦᠰᠦᠲᠡᠨ ᠤ ᠴᠢᠪᠬᠠᠳᠠᠰᠤ ᠬᠦᠭᠵᠢᠮ ᠤᠨ ᠳᠠᠭᠤᠤ ᠬᠦᠭᠵᠢᠮ ᠤᠨ ᠴᠤᠬᠯᠠᠭᠠᠨ︾ ᠵᠡᠷᠭᠡ ᠠᠭᠤᠯᠭ᠎ᠠ ᠪᠠᠷ | ᠶᠠᠪᠤᠭᠳᠠᠵᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠤᠳᠠᠰ ᠤᠨ ᠪᠤᠰᠤ ᠰᠤᠶᠤᠯ ᠤᠨ ᠦᠪ | ᠤᠨ ᠬᠠᠤᠯᠢ︾ ᠶᠢ ᠪᠦᠬᠦ ᠳᠠᠯ᠎ᠠ ᠪᠠᠷ᠂ ᠬᠦᠨᠵᠡᠭᠡᠢ᠂ ᠲᠦᠪᠯᠡᠷᠡᠩᠭᠦᠢ ᠪᠠᠷ ᠤᠬᠠᠭᠤᠯᠤᠨ ᠰᠤᠷᠳᠠᠯᠴᠢᠯᠠᠭᠰᠠᠨ ᠪᠠᠶᠢᠨ᠎ᠠ᠃ | | ᠮᠤᠩᠭᠤᠯ ᠦᠨᠳᠦᠰᠦᠲᠡᠨ ᠤ ᠤᠯᠠᠮᠵᠢᠯᠠᠯᠳᠤ ᠬᠠᠳᠬᠤᠮᠠᠯ ᠤᠷᠠᠯᠢᠭ ᠤᠨ ᠦᠵᠡᠭᠦᠯᠦᠯᠭᠡ ᠳᠤ 12 ᠠᠶᠢᠮᠠᠭ | ᠬᠤᠳᠠ ᠶᠢᠨ 60 ᠰᠢᠬᠠᠮ ᠤᠯᠠᠮᠵᠢᠯᠠᠨ ᠵᠠᠯᠭᠠᠮᠵᠢᠯᠠᠭᠴᠢ ᠶᠢᠨ 260 ᠭᠠᠷᠤᠢ ᠬᠠᠳᠬᠤᠮᠠᠯ ᠤᠷᠠᠯᠢᠭ ᠤᠨ ᠪᠦᠳᠦᠭᠡᠯ | ᠢ ᠳᠡᠯᠭᠡᠨ ᠦᠵᠡᠭᠦᠯᠪᠡ᠃ ᠮᠤᠩᠭᠤᠯ ᠦᠨᠳᠦᠰᠦᠲᠡᠨ ᠤ ᠴᠢᠪᠬᠠᠳᠠᠰᠤ ᠬᠦᠭᠵᠢᠮ ᠤᠨ ᠳᠠᠭᠤᠤ ᠬᠦᠭᠵᠢᠮ ᠤᠨ | ᠴᠤᠬᠯᠠᠭᠠᠨ ᠳᠤ᠂ ᠤᠯᠠᠮᠵᠢᠯᠠᠭᠴᠢᠳ ︽ᠵᠦᠰᠡᠷᠡᠢ︾᠂ ︽ᠲᠤᠭᠳᠠᠬᠤ︾᠂ ︽ᠤᠶᠤᠨᠽᠠᠨᠳᠠᠨ︾ ᠵᠡᠷᠭᠡ 15 | ᠠᠶ᠎ᠠ ᠶᠢ ᠬᠦᠭᠵᠢᠮᠳᠡᠵᠤ᠂ ᠡᠭᠦᠨ ᠤ ᠳᠠᠭᠠᠦ ᠳᠤ ᠪᠠᠰᠠ ᠮᠤᠷᠢᠨ ᠬᠤᠭᠤᠷ᠂ ᠴᠤᠭᠤᠷ᠂ ᠲᠦᠷᠪᠡᠨ ᠤᠳᠠᠰᠤᠳᠤ | ᠬᠤᠭᠤᠷ ᠢ ᠠᠬᠤᠢ ᠳᠠᠯᠠᠪᠠᠢ ᠳᠤ ᠵᠣᠬᠢᠶᠠᠨ ᠦᠢᠯᠡᠳᠴᠦ ᠪᠠᠶᠢᠯ᠎ᠠ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠶᠢ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠤᠬᠠᠭᠤᠯᠬᠤ ᠬᠡᠯᠳᠡᠰ᠂ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ ᠠᠴᠠ ᠭᠤᠤᠯᠯᠠᠨ | ᠡᠷᠭᠢᠯᠡᠵᠤ᠂ ᠦᠪᠦᠷ ᠮᠤᠩᠭᠤᠯ ᠤᠨ ᠦᠵᠡᠰᠭᠦᠯᠡᠩ ᠤᠨ ᠤᠷᠳᠤᠨ᠂ ᠦᠪᠡᠷᠳᠡᠭᠡᠨ ᠵᠠᠰᠠᠬᠤ ᠤᠷᠤᠨ ᠤ ᠪᠤᠳᠠᠰ ᠤᠨ | ᠪᠤᠰᠤ ᠰᠤᠶᠤᠯ ᠤᠨ ᠦᠪ ᠢ ᠬᠠᠮᠠᠭᠠᠯᠠᠬᠤ ᠲᠦᠪ ᠵᠡᠷᠭᠡ ᠪᠠᠶᠢᠭᠤᠯᠤᠯᠭ᠎ᠠ ᠨᠢᠭᠡᠴᠡ ᠠᠴᠠ ᠳᠠᠭᠠᠭᠠᠴᠢᠯᠠᠨ ᠡᠷᠬᠢᠯᠡᠭᠰᠡᠨ | ᠪᠠᠶᠢᠨ᠎ᠠ᠃ | ᠤᠳᠤᠬᠠᠨ ᠳᠤ᠂ ᠮᠠᠨ ᠤ ᠤᠷᠤᠨ ᠤ ᠪᠤᠳᠠᠰ ᠤᠨ ᠪᠤᠰᠤ ᠰᠤᠶᠤᠯ ᠤᠨ ᠦᠪ ᠲᠤ ᠤᠯᠤᠰ ᠤᠨ ᠳᠡᠰ ᠤᠨ | ᠲᠦᠷᠦᠯ ᠵᠦᠢᠯ 89᠂ ᠤᠷᠤᠨ ᠤ ᠳᠡᠰ ᠤᠨ ᠲᠦᠷᠦᠯ ᠵᠦᠢᠯ 499᠂ ᠠᠶᠢᠮᠠᠭ ᠬᠤᠳᠠ ᠶᠢᠨ ᠳᠡᠰ ᠤᠨ ᠲᠦᠷᠦᠯ | ᠵᠦᠢᠯ 1190᠂ ᠬᠤᠰᠢᠭᠤ ᠰᠢᠶᠠᠨ ᠤ ᠳᠡᠰ ᠤᠨ ᠲᠦᠷᠦᠯ ᠵᠦᠢᠯ 2312᠂ ᠰᠢᠶᠠᠩ ᠪᠠᠯᠭᠠᠰᠤ ᠶᠢᠨ ᠳᠡᠰ ᠤᠨ | ᠲᠦᠷᠦᠯ ᠵᠦᠢᠯ 59 ᠪᠠᠶᠢᠵᠤ᠂ ᠤᠯᠤᠰ ᠤᠨ ᠳᠡᠰ ᠤᠨ ᠤᠯᠠᠮᠵᠢᠯᠠᠨ ᠵᠠᠯᠭᠠᠮᠵᠢᠯᠠᠭᠴᠢ 37 ᠬᠦᠮᠦᠨ᠂ ᠤᠷᠤᠨ ᠤ | ᠳᠡᠰ ᠤᠨ ᠤᠯᠠᠮᠵᠢᠯᠠᠨ ᠵᠠᠯᠭᠠᠮᠵᠢᠯᠠᠭᠴᠢ 508 ᠬᠦᠮᠦᠨ᠂ ᠠᠶᠢᠮᠠᠭ ᠬᠤᠳᠠ ᠶᠢᠨ ᠳᠡᠰ ᠤᠨ ᠤᠯᠠᠮᠵᠢᠯᠠᠨ | ᠵᠠᠯᠭᠠᠮᠵᠢᠯᠠᠭᠴᠢ 2104 ᠬᠦᠮᠦᠨ᠂ ᠬᠤᠰᠢᠭᠤ ᠰᠢᠶᠠᠨ ᠤ ᠳᠡᠰ ᠤᠨ ᠤᠯᠠᠮᠵᠢᠯᠠᠨ ᠵᠠᠯᠭᠠᠮᠵᠢᠯᠠᠭᠴᠢ 3732 | ᠬᠦᠮᠦᠨ᠂ ᠰᠢᠶᠠᠩ ᠪᠠᠯᠭᠠᠰᠦ ᠶᠢᠨ ᠤᠯᠠᠮᠵᠢᠯᠠᠨ ᠵᠠᠯᠭᠠᠮᠵᠢᠯᠠᠭᠴᠢ 108 ᠬᠦᠮᠦᠨ ᠪᠠᠶᠢᠨ᠎ᠠ᠃ ᠮᠠᠨ ᠤ ᠤᠷᠤᠨ ᠳᠤ᠂ | ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠯ ᠪᠤᠯᠪᠠᠰᠤᠷᠠᠯ ᠤᠨ ᠭᠠᠵᠠᠷ᠂ ᠪᠤᠳᠠᠰ ᠤᠨ ᠪᠤᠰᠤ ᠰᠤᠶᠤᠯ ᠤᠨ | ᠦᠪ ᠤᠨ ᠤᠷᠳᠤᠨ 260 ᠭᠠᠷᠤᠢ ᠪᠠᠶᠢᠵᠤ᠂ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ | ᠦᠢᠯᠡᠳᠪᠦᠷᠢᠯᠡᠯ ᠤᠨ ᠴᠢᠨᠠᠷᠳᠠᠢ ᠬᠠᠮᠠᠭᠠᠯᠠᠬᠤ ᠵᠢᠱᠢᠶ᠎ᠡ ᠦᠵᠡᠬᠦᠯᠬᠦ ᠰᠠᠭᠤᠷᠢᠨ 1᠂ ᠤᠷᠤᠨ ᠤ ᠳᠡᠰ ᠤᠨ ᠰᠤᠶᠤᠯ | ᠤᠨ ᠠᠮᠢ ᠠᠬᠤᠢ ᠶᠢᠨ ᠬᠠᠮᠠᠭᠠᠯᠠᠯᠳᠠ ᠶᠢᠨ ᠲᠤᠭᠤᠷᠢᠭ 13᠂ ᠤᠷᠳᠤ ᠶᠢᠨ ᠳᠠᠭᠤᠤ᠂ ᠬᠦᠬᠡᠮᠠᠢ ᠶᠢᠨ ᠤᠯᠠᠮᠵᠢᠯᠠᠯ ᠤᠨ | ᠰᠠᠭᠤᠷᠢᠨ 6 ᠶᠢ ᠪᠠᠶᠢᠭᠤᠯᠵᠠᠢ᠃ ᠡᠭᠦᠨ ᠤ ᠬᠠᠮᠳᠤ᠂ ︽ᠬᠤᠤᠰ ᠵᠠᠭᠤᠨ ᠬᠠᠮᠠᠭᠠᠯᠠᠯᠳᠠ︾ ᠶᠢᠨ ᠢᠨᠵᠧᠨᠧᠷᠢᠩ | ᠬᠢᠬᠡᠳ ︽ᠮᠢᠩᠭᠠᠨ ᠰᠤᠷᠭᠠᠭᠤᠯᠢ ᠲᠦᠮᠡᠨ ᠡᠷᠦᠭᠡ︾ ᠶᠢᠨ ᠲᠦᠯᠦᠪᠯᠡᠭᠡ ᠶᠢ ᠡᠬᠢᠯᠡᠭᠦᠯᠵᠤ᠂ ᠠᠪᠤᠷᠠᠯᠳᠠ ᠶᠢᠨ | ᠴᠢᠨᠠᠷᠳᠠᠢ ᠬᠠᠮᠠᠭᠠᠯᠠᠯᠳᠠ ᠬᠢᠵᠤ ᠪᠠᠶᠢᠨ᠎ᠠ᠃ |