ᠥᠪᠥᠷ ᠮᠣᠩᠭᠤᠯ ᠤᠨ ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠳᠤ ᠳᠥᠷᠪᠡᠨ ᠲᠥᠷᠥᠯ ᠤᠨ ᠰᠢᠯᠭᠠᠭᠤᠯᠤᠭᠰᠠᠳ ᠰᠢᠯᠭᠠᠭᠤᠯᠬᠤ ᠥᠭᠡᠢ ᠪᠠᠷ ᠰᠤᠷᠭᠠᠭᠤᠯᠢ ᠳᠤ ᠣᠷᠣᠵᠤ ᠪᠣᠯᠣᠨ᠎ᠠ
ᠨᠡᠶᠢᠲᠡᠯᠡᠭᠰᠡᠨ ᠴᠠᠭ᠄
2016/9/6
      2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠨᠡᠷ᠎ᠡ ᠮᠡᠳᠡᠭᠦᠯᠦᠯᠲᠡ 9 ᠳ᠋ᠦ᠋ᠭᠡᠷ ᠰᠠᠷ᠎ᠠ ᠶᠢᠨ 18᠎ ᠤ ᠡᠳᠦᠷ ᠠᠴᠠ ᠡᠬᠢᠯᠡᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ ᠡᠩ ᠤᠨ ᠳᠡᠭᠡᠳᠦ ᠵᠡᠷᠭᠡ ᠶᠢᠨ ᠮᠡᠷᠭᠡᠵᠢᠯ ᠤᠨ ᠰᠤᠷᠭᠠᠭᠤᠯᠢ ︵ᠲᠤᠰᠬᠠᠶ ᠮᠡᠷᠭᠡᠵᠢᠯ ᠤᠨ ᠰᠤᠷᠭᠠᠭᠤᠯᠢ︶᠎ ᠠᠴᠠ ᠲᠡᠭᠦᠰᠦᠭᠰᠡᠨ ᠰᠤᠷᠤᠯᠭ᠎ᠠ ᠶᠢᠨ ᠨᠠᠮᠲᠠᠷ ᠲᠠᠢ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠵᠡᠷᠭᠡ ᠳᠥᠷᠪᠡᠨ ᠲᠥᠷᠥᠯ ᠤᠨ ᠰᠢᠯᠭᠠᠭᠤᠯᠤᠭᠰᠠᠳ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠬᠦᠷᠲᠡᠨ ᠰᠢᠯᠭᠠᠭᠤᠯᠬᠤ ᠦᠭᠡᠢ ᠪᠠᠷ ᠰᠤᠷᠭᠠᠭᠤᠯᠢ ᠳᠤ ᠣᠷᠣᠵᠤ ᠪᠣᠯᠣᠨ᠎ᠠ᠃      ᠨᠢᠭᠡᠳᠦᠭᠡᠷ ᠲᠥᠷᠥᠯ ᠤᠨ ᠰᠢᠯᠭᠠᠭᠤᠯᠤᠭᠰᠠᠳ ᠨᠢ ᠡᠩ ᠤᠨ ᠳᠡᠭᠡᠳᠦ ᠵᠡᠷᠭᠡ ᠶᠢᠨ ᠮᠡᠷᠭᠡᠵᠢᠯ ᠤᠨ ᠰᠤᠷᠭᠠᠭᠤᠯᠢ ︵ᠲᠤᠰᠬᠠᠶ ᠮᠡᠷᠭᠡᠵᠢᠯ ᠤᠨ ᠰᠤᠷᠭᠠᠭᠤᠯᠢ︶᠎ ᠶᠢᠨ ᠲᠡᠭᠦᠰᠦᠭᠰᠡᠨ ᠰᠤᠷᠤᠯᠭ᠎ᠠ ᠶᠢᠨ ᠨᠠᠮᠲᠠᠷ ᠲᠠᠢ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠪᠣᠯᠣᠨ᠎ᠠ᠂ ᠰᠢᠯᠭᠠᠭᠤᠯᠤᠭᠴᠢ ᠨᠡᠷ᠎ᠡ ᠮᠡᠳᠡᠭᠦᠯᠬᠦ ᠳᠡᠭᠡᠨ ᠰᠤᠷᠭᠠᠭᠤᠯᠢ ᠲᠡᠭᠦᠰᠦᠭᠰᠡᠨ ᠦᠨᠡᠮᠯᠡᠯ᠂ ᠪᠠᠶᠢᠯᠳᠤᠭᠴᠢ ᠶᠢᠨ ᠴᠡᠷᠢᠭ ᠤᠨ ᠠᠯᠪᠠᠨ ᠠᠴᠠ ᠪᠠᠭᠤᠭᠰᠠᠨ ᠦᠨᠡᠮᠯᠡᠯ ᠲᠠᠢ ᠪᠠᠶᠢᠬᠤ ᠬᠡᠷᠡᠭᠲᠡᠢ᠃      ᠬᠤᠶᠠᠳᠤᠭᠠᠷ ᠲᠥᠷᠥᠯ ᠤᠨ ᠰᠢᠯᠭᠠᠭᠤᠯᠤᠭᠰᠠᠳ ᠨᠢ ︽ᠳᠡᠭᠡᠳᠦ ᠰᠤᠷᠭᠠᠭᠤᠯᠢ ᠲᠡᠭᠦᠰᠦᠭᠰᠡᠳ ᠢ ᠰᠣᠩᠭᠤᠭᠠᠳ ᠭᠠᠴᠠᠭ᠎ᠠ ᠲᠣᠰᠬᠤᠨ ᠳᠤ ᠲᠤᠰᠢᠶᠠᠯ ᠡᠭᠦᠷᠭᠡᠯᠡᠬᠦ︾᠂ ︽ᠭᠤᠷᠪᠠ ᠶᠢ ᠲᠡᠮᠵᠢᠵᠤ ᠨᠢᠭᠡ ᠶᠢ ᠲᠡᠳᠬᠦᠬᠦ︾ ︵ᠰᠤᠷᠭᠠᠨ ᠬᠥᠮᠦᠵᠢᠯ ᠢ ᠳᠡᠮᠵᠢᠬᠦ᠂ ᠲᠠᠷᠢᠶᠠᠯᠠᠩ ᠢ ᠳᠡᠮᠵᠢᠬᠦ᠂ ᠡᠮᠨᠡᠯᠭᠡ ᠶᠢ ᠳᠡᠮᠵᠢᠬᠦ ᠪᠠ ᠶᠠᠳᠠᠭᠤ ᠶᠢ ᠲᠡᠳᠬᠦᠬᠦ︶᠂ ︽ᠣᠶᠤᠲᠠᠳ ᠰᠠᠶᠢᠨ ᠳᠤᠷ᠎ᠠ ᠠᠴᠠ ᠪᠠᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ︾᠂ ︽ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠭᠠᠭᠤᠯᠢ ᠶᠢᠨ ᠪᠠᠭᠰᠢ ᠶᠢᠨ ᠣᠨᠴᠠᠭᠠᠶ ᠠᠵᠢᠯ ᠤᠨ ᠪᠠᠶᠢᠷᠢ ᠶᠢᠨ ᠲᠥᠯᠥᠪᠯᠡᠭᠡ︾ ᠵᠡᠷᠭᠡ ᠲᠥᠷᠥᠯ ᠵᠦᠢᠯ ᠳᠤ ᠦᠢᠯᠡᠴᠢᠯᠡᠭᠰᠡᠨ ᠬᠤᠭᠤᠴᠠᠭ᠎ᠠ ᠨᠢ ᠳᠦᠭᠦᠷᠦᠭᠰᠡᠨ ᠮᠥᠷᠲᠡᠭᠡᠨ ᠬᠢᠨᠠᠨ ᠰᠢᠯᠭᠠᠭᠠᠳ ᠬᠢᠷᠢ ᠲᠡᠩᠴᠡᠭᠰᠡᠨ ᠬᠥᠮᠦᠰ ᠪᠣᠯᠣᠨ᠎ᠠ᠃ ᠰᠢᠯᠭᠠᠭᠤᠯᠤᠭᠴᠢ ᠨᠡᠷ᠎ᠡ ᠮᠡᠳᠡᠭᠦᠯᠬᠦ ᠳᠡᠭᠡᠨ ᠲᠤᠰ ᠲᠤᠰ ᠤᠯᠤᠰ ᠬᠢᠭᠡᠳ ᠣᠷᠣᠨ ᠨᠤᠲᠤᠭ ᠤᠨ ᠵᠣᠬᠢᠴᠠᠩᠭᠤᠶ ᠪᠦᠬᠦᠢ ᠰᠠᠯᠠᠭ᠎ᠠ ᠮᠥᠴᠢᠷ ᠠᠴᠠ ᠣᠯᠭᠤᠭᠰᠠᠨ ᠳᠡᠭᠡᠷ᠎ᠡ ᠳᠤᠷᠠᠳᠤᠭᠰᠠᠨ ᠬᠠᠮᠢᠶ᠎ᠠ ᠪᠦᠬᠦᠢ ᠲᠥᠷᠥᠯ ᠢ ᠬᠢᠨᠠᠨ ᠰᠢᠯᠭᠠᠭᠠᠳ ᠬᠢᠷᠢ ᠲᠡᠩᠴᠡᠭᠰᠡᠨ ᠭᠡᠷᠡᠴᠢ ᠮᠠᠲ᠋ᠧᠷᠢᠶᠠᠯ ᠲᠠᠢ ᠪᠠᠶᠢᠬᠤ ᠬᠡᠷᠡᠭᠲᠡᠢ᠃      ᠭᠤᠷᠪᠠᠳᠤᠭᠠᠷ ᠲᠥᠷᠥᠯ ᠤᠨ ᠰᠢᠯᠭᠠᠭᠤᠯᠤᠭᠰᠠᠳ ᠨᠢ ᠨᠥᠬᠦᠴᠡᠯ ᠳᠤ ᠨᠡᠶᠢᠴᠡᠭᠰᠡᠨ ᠰᠢᠯᠢᠳᠡᠭ ᠲᠠᠮᠢᠷᠴᠢᠨ ᠪᠣᠯᠣᠨ᠎ᠠ᠃ ᠰᠢᠯᠭᠠᠭᠤᠯᠤᠭᠴᠢ ᠨᠡᠷ᠎ᠡ ᠮᠡᠳᠡᠭᠦᠯᠬᠦ ᠳᠡᠭᠡᠨ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠢᠨᠠᠨ ᠬᠠᠷᠭᠤᠭᠤᠯᠤᠭᠰᠠᠨ ︽ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠦᠭᠡᠢ ᠪᠠᠷ ᠰᠤᠷᠤᠯᠴᠠᠬᠤ ᠪᠠᠷ ᠭᠤᠶᠤᠴᠢᠯᠠᠬᠤ ᠰᠢᠯᠢᠳᠡᠭ ᠲᠠᠮᠢᠷᠴᠢᠨ ᠤ ᠲᠠᠨᠢᠯᠴᠠᠭᠤᠯᠭ᠎ᠠ ᠶᠢᠨ ᠬᠦᠰᠦᠨᠦᠭᠲᠦ︾᠎ ᠲᠠᠢ ᠪᠠᠶᠢᠬᠤ ᠬᠡᠷᠡᠭᠲᠡᠢ᠃      ᠳᠥᠷᠪᠡᠳᠦᠭᠡᠷ ᠲᠥᠷᠥᠯ ᠤᠨ ᠰᠢᠯᠭᠠᠭᠤᠯᠤᠭᠰᠠᠳ ᠨᠢ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ᠂ ᠪᠦᠬᠦ ᠤᠯᠤᠰ ᠤᠨ ᠲᠡᠷᠢᠭᠦᠨ ᠤ ᠠᠵᠢᠯᠲᠠᠨ ᠴᠣᠯᠠ ᠬᠦᠷᠲᠡᠭᠴᠢ᠂ ᠪᠦᠬᠦ ᠤᠯᠤᠰ ᠤᠨ ︽ᠲᠠᠪᠤᠨ ᠰᠠᠷ᠎ᠠ ᠶᠢᠨ ᠨᠢᠭᠡᠨ︾᠎ ᠤ ᠬᠥᠳᠡᠯᠮᠦᠷᠢ ᠶᠢᠨ ᠮᠧᠳᠠᠯ ᠬᠦᠷᠲᠡᠭᠴᠢ ᠪᠣᠯᠣᠨ᠎ᠠ᠃ ᠰᠢᠯᠭᠠᠭᠤᠯᠤᠭᠴᠢ ᠨᠡᠷ᠎ᠡ ᠮᠡᠳᠡᠭᠦᠯᠬᠦ ᠳᠡᠭᠡᠨ ᠱᠠᠩᠨᠠᠯ ᠣᠯᠤᠭᠰᠠᠨ ᠤᠭ ᠪᠢᠴᠢᠭ ᠮᠠᠲ᠋ᠧᠷᠢᠶᠠᠯ ᠪᠤᠶᠤ ᠵᠣᠬᠢᠴᠠᠩᠭᠤᠶ ᠪᠦᠬᠦᠢ ᠭᠡᠷᠡᠴᠢ ᠮᠠᠲ᠋ᠧᠷᠢᠶᠠᠯ ᠲᠠᠢ ᠪᠠᠶᠢᠬᠤ ᠬᠡᠷᠡᠭᠲᠡᠢ᠂ ᠭᠡᠷᠡᠴᠢ ᠮᠠᠲ᠋ᠧᠷᠢᠶᠠᠯ ᠢ ᠴᠥᠮ ᠨᠡᠷ᠎ᠡ ᠮᠡᠳᠡᠭᠦᠯᠬᠦ ᠶᠢ ᠬᠦᠯᠢᠶᠠᠨ ᠠᠪᠴᠤ ᠭᠦᠢᠴᠡᠳᠬᠡᠬᠦ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠲᠤᠰᠢᠶᠠᠨ ᠬᠢᠨᠠᠨ ᠬᠠᠷᠭᠤᠭᠤᠯᠤᠨ ᠦᠨᠡᠮᠰᠢᠨ ᠲᠣᠭᠲᠠᠭᠠᠳ ᠬᠤᠷᠢᠶᠠᠩᠭᠤᠶᠢᠯᠠᠭᠰᠠᠨ ᠤ ᠳᠠᠷᠠᠭ᠎ᠠ ᠳᠡᠭᠡᠷ᠎ᠡ ᠨᠢᠭᠡ ᠱᠠᠲᠤᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号