ᠪᠦᠬᠦ ᠤᠷᠤᠨ ᠤ ᠤᠢᠢᠵᠢᠭᠤᠯᠵᠤ ᠨᠤᠭᠤᠭᠠᠷᠠᠭᠤᠯᠬᠤ ᠲᠤᠬᠠᠢ ᠶᠢᠨ ᠭᠠᠵᠠᠷ ᠤᠨ ᠬᠤᠷᠠᠯ ᠬᠤᠷᠠᠯᠳᠤᠪᠠ  ᠸᠠᠩ ᠢᠤᠢ ᠮᠢᠩ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2016-09-07
      9 ᠳ᠋ᠦ᠋ᠭᠡᠷ ᠰᠠᠷ᠎ᠠ ᠶᠢᠨ 5 ᠠᠴᠠ 6 ᠤ ᠡᠳᠦᠷ ᠪᠤᠯᠳᠠᠯ᠎ᠠ᠂ ᠪᠦᠬᠦ ᠤᠷᠤᠨ ᠤ ᠤᠢᠢᠵᠢᠭᠤᠯᠵᠤ ᠨᠤᠭᠤᠭᠠᠷᠠᠭᠤᠯᠬᠤ ᠲᠤᠬᠠᠢ ᠶᠢᠨ ᠭᠠᠵᠠᠷ ᠤᠨ ᠬᠤᠷᠠᠯ ᠲᠦᠩᠯᠢᠶᠤᠤ ᠳᠤ ᠬᠤᠷᠠᠯᠳᠤᠪᠠ᠃ ᠬᠤᠷᠠᠯ ᠳᠤ᠂ ᠶᠡᠷᠦᠩᠬᠡᠢ ᠱᠦᠵᠢ ᠰᠢ ᠶᠢᠨ ᠫᠢᠩ ᠤᠨ ᠤᠢ ᠰᠢᠭᠤᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠪᠦᠬᠦ ᠤᠯᠤᠰ ᠤᠨ ᠭᠠᠵᠠᠷ ᠰᠢᠷᠤᠢ ᠶᠢᠨ ᠨᠤᠭᠤᠭᠠᠷᠠᠭᠤᠯᠤᠯᠲᠠ ᠶᠢ ᠲᠦᠷᠭᠡᠨ ᠠᠬᠢᠭᠤᠯᠬᠤ ᠲᠤᠬᠠᠢ ᠶᠢᠨ ᠭᠠᠵᠠᠷ ᠤᠨ ᠬᠤᠷᠠᠯ ᠪᠠ ᠤᠯᠤᠰ ᠤᠨ ᠤᠢᠢᠲᠤ ᠭᠠᠵᠠᠷ  ᠢ ᠬᠠᠤᠯᠢ ᠪᠤᠰᠤ ᠪᠠᠷ ᠡᠵᠡᠯᠡᠭᠰᠡᠨ ᠳᠤ ᠴᠢᠩᠭ᠎ᠠ ᠴᠤᠬᠢᠯᠲᠠ ᠦᠭᠬᠦ ᠵᠡᠷᠭᠡ ᠲᠤᠰᠬᠠᠢ ᠲᠦᠷᠦᠯ ᠤᠨ ᠠᠵᠢᠯᠯᠠᠭ᠎ᠠ ᠶᠢᠨ ᠲᠧᠯᠸᠢᠰ ᠤᠲᠠᠰᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠦ᠂ ᠪᠦᠬᠦ ᠤᠷᠤᠨ ᠤ ᠤᠢᠢᠵᠢᠭᠤᠯᠵᠤ ᠨᠤᠭᠤᠭᠠᠷᠠᠭᠤᠯᠬᠤ ᠠᠵᠢᠯ ᠤᠨ ᠶᠠᠪᠤᠭᠳᠠᠵᠤ ᠪᠠᠶᠢᠭ᠎ᠠ ᠪᠠᠶᠢᠳᠠᠯ ᠢ ᠮᠡᠳᠡᠭᠳᠡᠵᠦ᠂ ᠤᠢᠢᠵᠢᠭᠤᠯᠵᠤ ᠨᠤᠭᠤᠭᠠᠷᠠᠭᠤᠯᠤᠬᠰᠠᠨ ᠲᠤᠷᠰᠢᠯᠭ᠎ᠠ ᠪᠠᠨ ᠳ᠋ᠦᠩᠨᠡᠨ ᠰᠤᠯᠢᠯᠴᠠᠵᠤ᠂ ᠤᠳᠤᠬᠠᠨ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠠᠵᠢᠯ ᠢ ᠳᠤᠬᠢᠷᠠᠭᠤᠯᠤᠨ ᠪᠠᠶᠢᠷᠢᠯᠠᠭᠤᠯᠵᠠᠢ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠸᠠᠩ ᠢᠤᠢ ᠮᠢᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃ ᠸᠠᠩ ᠢᠤᠢ ᠮᠢᠩ ᠴᠢᠬᠤᠯᠠᠴᠢᠯᠠᠬᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠪᠤᠬᠢᠷᠳᠤᠯ ᠦᠭᠡᠢ ᠬᠦᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠤᠯᠭᠠᠵᠤ᠂ ᠤᠯᠤᠰ  ᠤᠨ ᠴᠢᠬᠤᠯᠠ ᠶᠡᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠭᠠᠷᠳᠠᠴᠠ ᠪᠤᠯᠭᠠᠵᠤ᠂ ᠬᠡᠪᠴᠢᠶ᠎ᠠ ᠶᠢ ᠦᠷᠭᠡᠳᠭᠡᠬᠦ᠂ ᠨᠤᠭᠤᠭᠠᠷᠠᠭᠤᠯᠤᠯᠲᠠ ᠶᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠠ ᠪᠦᠲᠦᠮᠵᠢ ᠶᠢ ᠨᠡᠮᠡᠭᠳᠡᠭᠦᠯᠬᠦ ᠪᠠᠷ ᠦᠨᠳᠦᠰᠦᠨ ᠱᠠᠭᠠᠷᠳᠠᠯᠭ᠎ᠠ ᠪᠤᠯᠭᠠᠵᠤ᠂ ᠭᠤᠤᠯᠳᠠᠯᠭ᠎ᠠ ᠶᠢ ᠳᠤᠳᠤᠷᠬᠠᠢᠢᠯᠠᠵᠤ᠂ ᠪᠦᠬᠦ ᠤᠷᠤᠨ ᠤ ᠤᠢᠢᠵᠢᠭᠤᠯᠵᠤ ᠨᠤᠭᠤᠭᠠᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠮᠠᠷᠠᠲᠦ ᠶᠢᠨ ᠪᠤᠬᠢᠷᠳᠤᠯ ᠦᠭᠡᠢ ᠠᠮᠢ ᠠᠬᠤᠢ ᠶᠢᠨ ᠬᠠᠯᠬᠠᠪᠴᠢ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠤ᠂ ᠤᠢᠢᠵᠢᠭᠤᠯᠵᠤ ᠨᠤᠭᠤᠭᠠᠷᠠᠭᠤᠯᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ᠂ ᠤᠷᠳᠦ ᠬᠤᠭᠤᠴᠠᠭᠠᠲᠦ ᠴᠢᠨᠠᠷ ᠪᠤᠯᠤᠨ ᠬᠠᠳᠠᠭᠤ ᠪᠡᠷᠬᠡ ᠴᠢᠨᠠᠷ ᠢ ᠭᠦᠢᠴᠡᠳ ᠲᠠᠨᠢᠵᠤ᠂ ᠠᠵᠢᠯ ᠢᠶᠠᠨ ᠰᠠᠶᠢᠲᠤᠷ ᠬᠢᠬᠦ ᠬᠠᠷᠢᠭᠤᠴᠠᠯᠭᠠᠲᠦ ᠰᠡᠳᠬᠢᠯᠭᠡ᠂ ᠡᠭᠦᠷᠭᠡᠲᠦ ᠪᠤᠳᠤᠯ ᠪᠤᠯᠤᠨ ᠲᠤᠯᠭᠠᠮ᠎ᠠ ᠪᠤᠳᠤᠯ ᠢᠶᠠᠨ ᠴᠢᠩᠭᠠᠳᠬᠠᠬᠤ ᠬᠡᠷᠡᠭᠲᠡᠢ︔ ᠤᠢᠢᠵᠢᠭᠤᠯᠵᠤ ᠨᠤᠭᠤᠭᠠᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠪᠠ ᠤᠢᠢᠵᠢᠭᠤᠯᠵᠤ ᠨᠤᠭᠤᠭᠠᠷᠠᠭᠤᠯᠬᠤ ᠬᠠᠷᠠᠯᠲᠠᠳᠦ ᠬᠠᠷᠢᠭᠤᠴᠠᠯᠭ᠎ᠠ ᠶᠢᠨ ᠦᠨᠡᠯᠡᠯᠲᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ︔ ᠤᠢᠢᠵᠢᠭᠤᠯᠵᠤ ᠨᠤᠭᠤᠭᠠᠷᠠᠭᠤᠯᠬᠤ ᠤᠯᠠᠨ ᠡᠰᠢᠲᠦ ᠤᠷᠤᠭᠤᠯᠤᠯᠲᠠ ᠶᠢᠨ ᠲᠤᠭᠳᠠᠴᠠ ᠶᠢ ᠪᠠᠶᠢᠭᠤᠯᠵᠤ᠂ ᠮᠦᠩᠭᠦᠨ ᠭᠦᠢᠯᠭᠡᠭᠡᠨ ᠤ ᠤᠷᠤᠭᠤᠯᠤᠯᠲᠠ ᠶᠢᠨ ᠲᠤᠭᠳᠠᠴᠠ ᠶᠢᠨ ᠰᠢᠨ᠎ᠠ ᠶᠢ ᠡᠭᠦᠳᠴᠤ᠂ ᠮᠠᠯᠴᠢᠨ ᠲᠠᠷᠢᠶᠠᠴᠢᠨ ᠤ ᠤᠢᠢᠵᠢᠭᠤᠯᠵᠤ ᠨᠤᠭᠤᠭᠠᠷᠠᠭᠤᠯᠬᠤ ᠢᠳᠡᠪᠬᠢᠵᠢᠯ ᠢ ᠳᠠᠶᠢᠴᠢᠯᠠᠨ᠂ ᠨᠡᠶᠢᠭᠡᠮ ᠤᠨ ᠬᠦᠴᠦᠨ ᠢ ᠳᠠᠶᠢᠴᠢᠯᠠᠵᠤ ᠤᠢᠢᠵᠢᠭᠤᠯᠵᠤ ᠨᠤᠭᠤᠭᠠᠷᠠᠭᠤᠯᠬᠤ ᠠᠵᠢᠯ ᠳᠤ ᠤᠷᠤᠯᠴᠠᠭᠤᠯᠵᠤ᠂ ᠠᠵᠤ ᠠᠬᠤᠢᠢᠯᠠᠯ ᠤᠨ ᠮᠠᠶ᠋ᠢᠭ ᠤᠨ ᠤᠢᠢᠵᠢᠭᠤᠯᠬᠤ ᠵᠠᠭᠪᠤᠷ ᠢ ᠳᠡᠯᠭᠡᠷᠡᠭᠦᠯᠬᠦ ᠬᠡᠷᠡᠭᠲᠡᠢ︔ ᠤᠢᠢᠵᠢᠭᠤᠯᠵᠤ ᠨᠤᠭᠤᠭᠠᠷᠠᠭᠤᠯᠬᠤ ᠠᠵᠢᠯ ᠢ ᠨᠢᠭᠡᠳᠦᠯᠲᠡᠢ ᠲᠦᠯᠦᠪᠵᠢᠭᠦᠯᠵᠤ᠂ ᠤᠯᠤᠰ ᠤᠨ ᠤᠢ ᠰᠢᠭᠤᠢ ᠶᠢᠨ ᠦᠢᠯᠡᠰ ᠤᠨ ᠭᠤᠤᠯᠳᠠᠯᠭ᠎ᠠ ᠲᠠᠢ ᠢᠨᠵᠧᠨᠧᠷᠢᠩ ᠪᠤᠯᠤᠨ ᠮᠠᠨ ᠤ ᠤᠷᠤᠨ ᠤ ᠭᠤᠤᠯᠳᠠᠯᠭ᠎ᠠ ᠲᠠᠢ ᠨᠤᠭᠤᠭᠠᠷᠠᠭᠤᠯᠤᠯᠲᠠ ᠶᠢᠨ ᠤᠷᠤᠨ ᠪᠦᠰᠡ ᠶᠢ ᠤᠶᠠᠯᠳᠤᠭᠤᠯᠵᠤ᠂ ᠠᠮᠢ ᠠᠬᠤᠢ ᠶᠢᠨ ᠴᠢᠳᠠᠮᠵᠢ ᠪᠤᠯᠤᠨ ᠦᠵᠡᠮᠵᠢ ᠶᠢᠨ ᠦᠢᠯᠡᠳᠦᠯ ᠢ ᠤᠶᠠᠯᠳᠤᠭᠤᠯᠵᠤ᠂ ᠤᠢᠢᠵᠢᠭᠤᠯᠵᠤ ᠨᠤᠭᠤᠭᠠᠷᠠᠭᠤᠯᠬᠤ ᠪᠤᠯᠤᠨ ᠠᠵᠤ ᠦᠢᠯᠡᠰ ᠤᠨ ᠬᠦᠭᠵᠢᠯᠲᠠ ᠵᠢᠴᠢ ᠮᠠᠯᠴᠢᠨ ᠲᠠᠷᠢᠶᠠᠴᠢᠨ ᠢ ᠶᠠᠳᠠᠭᠤ ᠠᠴᠠ ᠠᠩᠬᠢᠵᠢᠷᠠᠭᠤᠯᠵᠤ ᠴᠢᠨᠡᠭᠡᠯᠢᠭᠵᠢᠭᠦᠯᠬᠦ ᠶᠢ ᠤᠷᠭᠠᠨᠢᠭ ᠢᠶᠠᠷ ᠤᠶᠠᠯᠳᠤᠭᠤᠯᠬᠤ ᠬᠡᠷᠡᠭᠲᠡᠢ ᠭᠡᠪᠠ᠃      ᠲᠤᠬᠠᠢ ᠶᠢᠨ ᠭᠠᠵᠠᠷ ᠤᠨ ᠬᠤᠷᠠᠯ ᠳᠤ᠂ ᠸᠠᠩ ᠢᠤᠢ ᠮᠢᠩ ᠠᠶᠢᠮᠠᠭ ᠬᠤᠲᠠ ᠶᠢᠨ ᠲᠦᠯᠦᠭᠡᠯᠡᠭᠴᠢᠳ ᠲᠠᠢ ᠲᠠᠷᠢᠶᠠᠯᠠᠬᠤ ᠪᠠᠨ ᠵᠤᠭᠰᠤᠵᠤ ᠮᠤᠳᠤ ᠲᠠᠷᠢᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠠᠢ︔ ᠬᠤᠷᠠᠯ ᠳᠤ ᠤᠷᠤᠯᠴᠠᠭᠰᠠᠨ ᠲᠦᠯᠦᠭᠡᠯᠡᠭᠴᠢᠳ ᠲᠦᠩᠯᠢᠶᠤᠤ ᠬᠤᠲᠠ ᠶᠢᠨ ᠤᠢᠢᠵᠢᠭᠤᠯᠵᠤ ᠨᠤᠭᠤᠭᠠᠷᠠᠭᠤᠯᠬᠤ ᠠᠵᠢᠯ  ᠢ ᠰᠢᠨᠵᠢᠯᠡᠨ ᠪᠠᠶᠢᠴᠠᠭᠠᠵᠥ ᠰᠤᠷᠤᠯᠴᠠᠵᠠᠢ︔ ᠲᠦᠩᠯᠢᠶᠤᠤ ᠬᠤᠲᠠ᠂ ᠬᠢᠩᠭᠠᠨ ᠠᠶᠢᠮᠠᠭ᠂ ᠤᠯᠠᠭᠠᠨᠴᠠᠪ ᠬᠤᠲᠠ ᠶᠢᠨ ᠬᠤᠸᠠᠳᠧ ᠰᠢᠶᠠᠨ ᠵᠡᠷᠭᠡ 5 ᠪᠠᠶᠢᠭᠤᠯᠭ᠎ᠠ ᠶᠢᠨ ᠬᠢᠨ ᠨᠡᠶᠢᠳᠡᠯᠢᠭ ᠶᠠᠷᠢᠶ᠎ᠠ ᠲᠠᠯᠪᠢᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠮᠦᠩᠬᠡ ᠭᠠᠯ ᠺᠣᠮᠫᠢᠦ᠋ᠲ᠋ᠧᠷ ᠰᠤᠹᠲ ᠤᠨ ᠪᠦᠷᠢᠨ ᠪᠤᠰᠤ ᠬᠠᠷᠢᠭᠤᠴᠠᠯᠭᠠᠳᠤ ᠺᠤᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号