ᠮᠠᠨᠵᠤᠤᠷ ᠬᠤᠳᠠ ᠲᠤᠰ ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠭᠠᠷᠴᠠᠭ ᠤᠨ ᠨᠠᠷᠢᠨ ᠳᠠᠩᠰᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2016/9/8
     ᠮᠠᠨᠵᠤᠤᠷ ᠬᠤᠲᠠ ᠶᠢᠨ 8 ᠳ᠋ᠤᠭᠠᠷ ᠰᠠᠷ᠎ᠠ ᠶᠢᠨ 30᠎ ᠤ ᠡᠳᠦᠷ ᠳᠠᠷᠤᠮᠠᠯᠯᠠᠨ ᠲᠠᠷᠬᠠᠭᠠᠭᠰᠠᠨ ︽ᠬᠤᠲᠠ ᠶᠢᠨ ᠲᠤᠰ ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠭᠠᠷᠴᠠᠭ ᠤᠨ ᠨᠠᠷᠢᠨ ᠳᠠᠩᠰᠠ ᠶᠢ ᠨᠡᠶᠢᠲᠡᠯᠡᠬᠦ ᠲᠤᠬᠠᠶ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠎ ᠨᠢ ᠬᠤᠲᠠ ᠶᠢᠨ ᠲᠤᠰ ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠭᠠᠷᠴᠠᠭ ᠤᠨ ᠨᠠᠷᠢᠨ ᠳᠠᠩᠰᠠ ᠶᠢ ᠨᠠᠶᠢᠷᠠᠭᠤᠯᠵᠤ ᠳᠠᠭᠤᠰᠤᠭᠰᠠᠨ ᠢ ᠬᠠᠷᠠᠭᠤᠯᠵᠤ ᠪᠠᠶᠢᠨ᠎ᠠ᠃      ᠤᠯᠠᠨ ᠨᠡᠶᠢᠲᠡ ᠶᠢᠨ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠵᠦ᠂ ᠦᠢᠯᠡᠴᠢᠯᠡᠬᠦ ᠤᠬᠠᠮᠰᠠᠷ ᠢᠶᠠᠨ ᠨᠡᠮᠡᠭᠳᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠪᠣᠯᠣᠨ ᠤᠯᠠᠨ ᠲᠦᠮᠡᠨ ᠤ ᠲᠠᠭᠠᠯᠠᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠤᠰᠠᠲᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠳᠣᠷᠣᠭᠰᠢ ᠪᠠᠭᠤᠯᠭᠠᠬᠤ ᠪᠠ ᠬᠠᠮᠢᠶᠠᠷᠬᠤ ᠶᠢ ᠣᠶᠠᠯᠳᠤᠭᠤᠯᠤᠨ ᠦᠢᠯᠡᠴᠢᠯᠡᠭᠡ ᠶᠢ ᠰᠢᠯᠢᠳᠡᠭᠵᠢᠭᠦᠯᠬᠦ ᠱᠠᠭᠠᠷᠳᠠᠯᠭ᠎ᠠ ᠵᠢᠴᠢ ︽ᠮᠠᠨᠵᠤᠤᠷ ᠬᠤᠳᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠴᠣᠪᠣᠷᠠᠯ ᠢ ᠳᠥᠭᠦᠮᠴᠢᠯᠡᠨ ᠰᠢᠯᠢᠳᠡᠭᠵᠢᠭᠦᠯᠵᠦ ᠦᠨᠳᠦᠰᠦᠨ ᠱᠠᠲᠤᠨ ᠤ ᠤᠯᠠᠨ ᠲᠦᠮᠡᠨ ᠤ ᠬᠡᠷᠡᠭ ᠭᠦᠢᠴᠡᠳᠬᠡᠬᠦ ᠪᠠ ᠠᠳᠠᠯ ᠦᠢᠯᠡᠰ ᠴᠣᠭᠴᠠᠯᠠᠬᠤ ᠳᠤ ᠳᠥᠭᠦᠮ ᠦᠵᠡᠭᠦᠯᠬᠦ ᠠᠵᠢᠯ ᠤᠨ ᠬᠡᠷᠡᠭᠵᠢᠭᠦᠯᠬᠦ ᠲᠥᠰᠦᠯ︾᠎ ᠤᠨ ᠪᠠᠶᠢᠷᠢᠯᠠᠭᠤᠯᠤᠯᠲᠠ ᠶᠣᠰᠤᠭᠠᠷ᠂ ᠬᠤᠳᠠ ᠶᠢᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠠᠴᠠ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠨᠤᠲᠠᠯᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢᠶᠠᠷ ᠰᠠᠭᠤᠷᠢ ᠪᠣᠯᠭᠠᠵᠤ᠂ ᠦᠢᠯᠡᠴᠢᠯᠡᠭᠡᠨ ᠤ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠪᠠ ᠤᠯᠠᠨ ᠲᠦᠮᠡᠨ ᠤ ᠡᠳᠦᠷ ᠲᠤᠳᠤᠮ ᠤᠨ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠵᠦᠢᠯ ᠳᠠᠷᠠᠭᠠᠯᠠᠨ ᠡᠮᠬᠢᠯᠡᠵᠦ᠂ ᠭᠠᠷᠴᠠᠭ ᠤᠨ ᠨᠠᠷᠢᠨ ᠳᠠᠩᠰᠠ ᠪᠣᠯᠭᠠᠨ ᠬᠤᠲᠠ ᠶᠢᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠰᠡᠨ ᠤ ᠲᠠᠷᠠᠭ᠎ᠠ ᠢᠯᠠ ᠪᠠᠷ ᠨᠡᠶᠢᠲᠡᠯᠡᠭᠰᠡᠨ ᠪᠠᠶᠢᠨ᠎ᠠ᠃      ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ᠂ ᠲᠤᠬᠠᠶᠢᠯᠠᠪᠠᠯ ᠡᠷᠬᠡ ᠶᠢᠨ ᠨᠠᠷᠢᠨ ᠳᠠᠩᠰᠠ ᠳᠤ ᠭᠤᠶᠤᠴᠢᠯᠠᠭᠰᠠᠨ ᠤᠯᠠᠨ ᠨᠡᠶᠢᠲᠡ ᠶᠢᠨ ᠦᠢᠯᠡᠴᠢᠯᠡᠭᠡᠨ ᠤ ᠵᠠᠰᠠᠭ ᠵᠠᠬᠢᠷᠭᠠᠨ ᠤ ᠡᠷᠬᠡ ᠶᠢᠨ ᠲᠥᠷᠥᠯ ᠵᠦᠢᠯ ᠢᠶᠠᠷ ᠬᠤᠪᠢᠶᠠᠭᠰᠠᠨ ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠭᠠᠷᠴᠠᠭ ᠤᠨ ᠨᠠᠷᠢᠨ ᠳᠠᠩᠰᠠ ᠨᠡᠶᠢᠲᠡ ᠳᠥᠷᠪᠡᠨ ᠲᠥᠷᠥᠯ 231 ᠵᠦᠢᠯ ᠪᠠᠶᠢᠨ᠎ᠠ᠂ ᠡᠭᠦᠨ ᠳᠤ ᠵᠠᠰᠠᠭ ᠵᠠᠬᠢᠷᠭᠠᠨ ᠤ ᠵᠥᠪᠰᠢᠶᠡᠷᠡᠯ 126 ᠵᠦᠢᠯ᠂ ᠵᠠᠰᠠᠭ ᠵᠠᠬᠢᠷᠭᠠᠨ ᠤ ᠨᠤᠲᠠᠯᠠᠯᠲᠠ 61 ᠵᠦᠢᠯ᠂ ᠵᠠᠰᠠᠭ ᠵᠠᠬᠢᠷᠭᠠᠨ ᠤ ᠣᠯᠭᠤᠯᠲᠠ 12 ᠵᠦᠢᠯ᠂ ᠵᠠᠰᠠᠭ ᠵᠠᠬᠢᠷᠭᠠᠨ ᠤ ᠱᠠᠩᠨᠠᠯ ᠬᠥᠬᠢᠭᠦᠯᠦᠯ 32 ᠵᠦᠢᠯ ᠪᠠᠶᠢᠨ᠎ᠠ᠂ ︽ᠮᠡᠳᠡᠭᠳᠡᠯ︾᠎ ᠳᠤ ᠪᠠᠰᠠ ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠪᠠᠶᠢᠬᠤ ᠰᠠᠯᠠᠭ᠎ᠠ ᠮᠥᠴᠢᠷ ᠤᠳ ᠬᠡᠷᠡᠭ ᠭᠦᠢᠴᠡᠳᠬᠡᠬᠦ ᠵᠦᠭᠯᠡᠭᠦᠷ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠵᠠᠰᠠᠭ ᠤᠨ ᠣᠷᠳᠣᠨ ᠤ ᠰᠦᠯᠵᠢᠶ᠎ᠡ᠂ ᠰᠠᠯᠠᠭ᠎ᠠ ᠮᠦᠴᠢᠷ ᠤᠨ ᠰᠦᠯᠵᠢᠶᠡᠨ ᠳᠤ ᠭᠠᠷᠴᠠᠭ ᠪᠣᠯᠣᠨ ᠬᠡᠷᠡᠭ ᠭᠦᠢᠴᠡᠳᠬᠡᠬᠦ ᠵᠦᠭᠯᠡᠭᠦᠷ ᠢᠶᠠᠨ ᠪᠦᠬᠦ ᠲᠠᠯ᠎ᠠ ᠪᠠᠷ ᠨᠡᠶᠢᠲᠡᠯᠡᠵᠦ᠂ ᠬᠡᠷᠡᠭ ᠭᠦᠢᠴᠡᠳᠬᠡᠬᠦ ᠴᠣᠪᠣᠷᠠᠯ ᠢ ᠳᠥᠭᠦᠮᠴᠢᠯᠠᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号