2016 ᠣᠨ ᠤ ᠬᠥᠬᠡᠬᠤᠲᠠ ᠶᠢᠨ ᠬᠤᠲᠠ ᠪᠠᠯᠭᠠᠰᠤ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ ᠪᠣᠯᠬᠤ ᠪᠠᠷ ᠭᠤᠶᠤᠴᠢᠯᠠᠬᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2016/9/8
     2016 ᠣᠨ ᠤ ᠬᠥᠬᠡᠬᠤᠲᠠ ᠶᠢᠨ ᠬᠤᠲᠠ ᠪᠠᠯᠭᠠᠰᠤ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ ᠪᠣᠯᠬᠤ ᠪᠠᠷ ᠭᠤᠶᠤᠴᠢᠯᠠᠬᠤ ᠴᠠᠭ ᠪᠣᠯ 9 ᠳ᠋ᠦ᠋ᠭᠡᠷ ᠰᠠᠷ᠎ᠠ ᠶᠢᠨ 6᠎ ᠤ ᠡᠳᠦᠷ — 30᠎ ᠤ ᠡᠳᠦᠷ ︵ᠬᠠᠤᠯᠢ ᠪᠠᠷ ᠲᠣᠭᠲᠠᠭᠠᠭᠰᠠᠨ ᠠᠮᠠᠷᠠᠯᠲᠠ ᠶᠢᠨ ᠡᠳᠦᠷ ᠲᠤ ᠠᠮᠠᠷᠠᠨ᠎ᠠ᠂ ᠬᠤᠭᠤᠴᠠᠭ᠎ᠠ ᠬᠡᠲᠦᠷᠡᠪᠠᠯ ᠳᠠᠷᠠᠭ᠎ᠠ ᠵᠢᠯ ᠤᠨ 3 ᠳ᠋ᠤᠭᠠᠷ ᠰᠠᠷ᠎ᠠ ᠳᠤ ᠭᠤᠶᠤᠴᠢᠯᠠᠨ᠎ᠠ︶ ᠪᠣᠯᠣᠨ᠎ᠠ᠃      ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶ᠎ᠠ ᠪᠦᠬᠦᠢ ᠦᠨᠡᠮᠯᠡᠯ ᠣᠯᠣᠭᠰᠠᠨ ᠴᠠᠭ ᠬᠤᠭᠤᠴᠠᠭᠠᠨ ᠤ ᠱᠠᠭᠠᠷᠳᠠᠯᠭ᠎ᠠ ᠪᠣᠯ᠄ ᠡᠭᠦᠳᠡᠨ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠪᠣᠯ 2015 ᠣᠨ ᠤ 3 ᠳ᠋ᠤᠭᠠᠷ ᠰᠠᠷ᠎ᠠ ᠠᠴᠠ ᠡᠮᠦᠨ᠎ᠡ ︽ᠡᠮ ᠡᠮᠨᠡᠯᠭᠡ ᠶᠢᠨ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ︾᠂ ︽ᠡᠵᠡᠩᠨᠡᠯᠲᠡ ᠶᠢᠨ ᠦᠨᠡᠮᠯᠡᠯ︾ ᠪᠤᠶᠤ ︽ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠳᠠᠩᠰᠠᠯᠠᠭᠤᠯᠤᠭᠰᠠᠨ ᠭᠡᠷᠡᠴᠢ ᠪᠢᠴᠢᠭ︾᠎ ᠢ ᠣᠯᠣᠭᠰᠠᠨ ᠪᠥᠭᠡᠳ ᠬᠡᠪ ᠤᠨ ᠡᠵᠡᠩᠨᠡᠯᠲᠡ ᠬᠢᠵᠦ ᠪᠠᠶᠢᠬᠤ ᠶᠢ ᠱᠠᠭᠠᠷᠳᠠᠨ᠎ᠠ︔ ᠡᠮᠨᠡᠯᠭᠡ ᠳᠤ ᠰᠠᠭᠤᠯᠭᠠᠬᠤ ᠡᠮ ᠡᠮᠨᠡᠯᠭᠡ ᠶᠢᠨ ᠪᠠᠶᠢᠭᠤᠯᠤᠮᠵᠢ ᠪᠣᠯ 2014 ᠣᠨ ᠤ 9 ᠳ᠋ᠦ᠋ᠭᠡᠷ ᠰᠠᠷ᠎ᠠ ᠠᠴᠠ ᠡᠮᠦᠨ᠎ᠡ ︽ᠡᠮ ᠡᠮᠨᠡᠯᠭᠡ ᠶᠢᠨ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ︾᠂ ︽ᠡᠵᠡᠩᠨᠡᠯᠲᠡ ᠶᠢᠨ ᠦᠨᠡᠮᠯᠡᠯ︾ ᠪᠤᠶᠤ ︽ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠳᠠᠩᠰᠠᠯᠠᠭᠤᠯᠤᠭᠰᠠᠨ ᠭᠡᠷᠡᠴᠢ ᠪᠢᠴᠢᠭ︾᠎ ᠢ ᠣᠯᠣᠭᠰᠠᠨ ᠪᠥᠭᠡᠳ ᠬᠡᠪ ᠤᠨ ᠡᠵᠡᠩᠨᠡᠯᠲᠡ ᠬᠢᠵᠦ ᠪᠠᠶᠢᠬᠤ ᠶᠢ ᠱᠠᠭᠠᠷᠳᠠᠨ᠎ᠠ᠃      ᠡᠮ ᠤᠨ ᠳᠡᠯᠭᠡᠭᠦᠷ ᠤᠨ ᠬᠠᠮᠢᠶ᠎ᠠ ᠪᠦᠬᠦᠢ ᠦᠨᠡᠮᠯᠡᠯ ᠣᠯᠣᠭᠰᠠᠨ ᠴᠠᠭ ᠬᠤᠭᠤᠴᠠᠭᠠᠨ ᠤ ᠱᠠᠭᠠᠷᠳᠠᠯᠭ᠎ᠠ ᠪᠣᠯ᠄ 2015 ᠣᠨ ᠤ 3 ᠳ᠋ᠤᠭᠠᠷ ᠰᠠᠷ᠎ᠠ ᠠᠴᠠ ᠡᠮᠦᠨ᠎ᠡ ︽ᠡᠮ ᠤᠨ ᠵᠦᠢᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ︾᠂ ︽ᠡᠮ ᠤᠨ ᠵᠦᠢᠯ ᠢ ᠡᠵᠡᠩᠨᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠯᠠᠯ ᠢ ᠦᠨᠡᠮᠰᠢᠨ ᠮᠠᠭᠠᠳᠯᠠᠭᠰᠠᠨ ᠦᠨᠡᠮᠯᠡᠯ︾ ︵GSP︶᠂ ︽ᠡᠵᠡᠩᠨᠡᠯᠲᠡ ᠶᠢᠨ ᠦᠨᠡᠮᠯᠡᠯ︾᠎ ᠢ ᠣᠯᠣᠭᠰᠠᠨ ᠪᠥᠭᠡᠳ ᠬᠡᠪ ᠤᠨ ᠡᠵᠡᠩᠨᠡᠯᠲᠡ ᠬᠢᠵᠦ ᠪᠠᠶᠢᠬᠤ ᠶᠢ ᠱᠠᠭᠠᠷᠳᠠᠨ᠎ᠠ᠃      ᠡᠨᠡ ᠤᠳᠠᠭ᠎ᠠ ᠶᠢᠨ ᠭᠤᠶᠤᠴᠢᠯᠠᠯ ᠤᠨ ᠮᠠᠲ᠋ᠧᠷᠢᠶᠠᠯ ᠲᠤᠰᠢᠶᠠᠬᠤ ᠭᠠᠵᠠᠷ ᠨᠢ᠄ ᠰᠢᠨᠬᠤᠸᠠ ᠵᠡᠭᠦᠨ ᠵᠡᠭᠡᠯᠢ ᠶᠢᠨ ᠨᠠᠢ ᠯᠦᠨ ᠭᠦᠸᠧ ᠵᠢᠢ B ᠰᠠᠭᠤᠷᠢᠰᠢᠯ ᠳᠠᠬᠢ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 3 ᠳ᠋ᠤᠭᠠᠷ ᠳᠠᠪᠬᠤᠷᠭ᠎ᠠ ᠶᠢᠨ ᠡᠮᠦᠨ᠎ᠡ ᠶᠡᠭᠡ ᠲᠢᠩᠬᠢᠮ ᠤᠨ 4 ᠳ᠋ᠦ᠋ᠭᠡᠷ ᠴᠤᠩᠬᠤᠪᠴᠢ ︵ᠠᠵᠢᠯᠴᠢᠨ ᠠᠵᠢᠯᠲᠠᠨ ᠤ ᠡᠮ ᠡᠮᠨᠡᠯᠭᠡ ᠶᠢᠨ ᠳᠠᠭᠠᠳᠬᠠᠯ ︶᠂ 6 ᠳ᠋ᠤᠭᠠᠷ ᠴᠤᠩᠬᠤᠪᠴᠢ ︵ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ︶ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号