ᠰᠤᠳᠤᠯᠬᠤ ᠰᠤᠷᠤᠭᠴᠢ ᠶᠢᠨ ᠰᠢᠯᠭᠠᠯᠲᠠ ᠶᠢᠨ ᠨᠡᠷ᠎ᠡ ᠮᠡᠳᠡᠭᠦᠯᠦᠯᠲᠡ᠄ ᠰᠢᠯᠭᠠᠭᠤᠯᠤᠭᠰᠠᠳ ᠤᠨ ᠬᠢᠷᠢ ᠬᠡᠮ ᠤᠨ ᠪᠣᠭᠤᠮᠲᠠ ᠶᠢ ᠴᠢᠩᠭ᠎ᠠ ᠠᠳᠬᠤᠨ᠎ᠠ
ᠨᠡᠶᠢᠲᠡᠯᠡᠭᠰᠡᠨ ᠴᠠᠭ᠄
2016/9/8
      ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ ᠶᠢᠨ 5᠎ ᠤ ᠡᠳᠦᠷ ᠤᠨ ᠨᠡᠶᠢᠲᠡᠯᠡᠭᠰᠡᠨ ᠮᠡᠳᠡᠭᠳᠡᠯ ᠢ ᠦᠨᠳᠦᠰᠦᠯᠡᠪᠡᠯ᠂ 2017 ᠣᠨ ᠤ ᠪᠦᠬᠦ ᠤᠯᠤᠰ ᠤᠨ ᠠᠰᠫᠢᠷᠠᠨᠲ ᠤᠨ ᠰᠤᠳᠤᠯᠬᠤ ᠰᠤᠷᠤᠭᠴᠢ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ ᠴᠠᠭ ᠨᠢ ᠡᠨᠡ ᠵᠢᠯ ᠤᠨ 9 ᠳ᠋ᠦ᠋ᠭᠡᠷ ᠰᠠᠷ᠎ᠠ ᠶᠢᠨ 24 ~27᠎ ᠤ ᠡᠳᠦᠷ᠂ ᠨᠡᠷ᠎ᠡ ᠮᠡᠳᠡᠭᠦᠯᠬᠦ ᠴᠠᠭ ᠨᠢ 10 ᠳ᠋ᠤᠭᠠᠷ ᠰᠠᠷ᠎ᠠ ᠶᠢᠨ10 ~31᠎ ᠤ ᠡᠳᠦᠷ ᠪᠠᠷ ᠲᠣᠭᠲᠠᠭᠠᠵᠠᠢ᠂ ᠬᠤᠭᠤᠴᠠᠭ᠎ᠠ ᠬᠡᠲᠦᠷᠡᠪᠡᠯ ᠨᠥᠬᠦᠪᠥᠷᠢᠯᠡᠨ ᠮᠡᠳᠡᠭᠦᠯᠵᠦ ᠪᠣᠯᠬᠤ ᠦᠭᠡᠢ ᠪᠥᠭᠡᠳ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠳᠠᠭᠠᠨ ᠵᠠᠰᠠᠪᠤᠷᠢ ᠣᠷᠣᠭᠤᠯᠵᠤ ᠪᠣᠯᠬᠤ ᠦᠭᠡᠢ᠃      ᠮᠡᠳᠡᠭᠳᠡᠯ ᠢ ᠦᠨᠳᠦᠰᠦᠯᠡᠪᠡᠯ᠂ ᠰᠢᠯᠭᠠᠭᠤᠯᠤᠭᠰᠠᠳ ᠲᠣᠭᠲᠠᠭᠰᠠᠨ ᠴᠠᠭ ᠲᠣᠲᠣᠷ᠎ᠠ ᠳᠤᠮᠳᠠᠳᠤ ᠤᠯᠤᠰ ᠤᠨ ᠰᠤᠳᠤᠯᠬᠤ ᠰᠤᠷᠤᠭᠴᠢ ᠡᠯᠰᠡᠬᠦ ᠮᠡᠳᠡᠭᠡ ᠵᠠᠩᠭᠢ ᠶᠢᠨ ᠰᠦᠯᠵᠢᠶ᠎ᠡ ᠳᠤ ᠭᠠᠷᠴᠤ ︵ᠨᠡᠶᠢᠲᠡ ᠶᠢᠨ ᠦᠢᠯᠡᠴᠢᠯᠡᠭᠡᠨ ᠤ ᠰᠦᠯᠵᠢᠶ᠎ᠡ ᠶᠢᠨ ᠬᠠᠶ᠋ᠢᠭ᠄ http://yc.chsi.com.cn᠂ ᠰᠤᠷᠭᠠᠨ ᠬᠥᠮᠦᠵᠢᠯ ᠤᠨ ᠰᠦᠯᠵᠢᠶ᠎ᠠ ᠶᠢᠨ ᠬᠠᠶ᠋ᠢᠭ http://yc.chsi.cn᠂ ᠳᠣᠷᠣᠭᠰᠢ ︽ᠰᠤᠳᠤᠯᠬᠤ ᠰᠤᠷᠤᠭᠴᠢ ᠡᠯᠰᠡᠬᠦ ᠰᠦᠯᠵᠢᠶ᠎ᠡ︾ ᠭᠡᠵᠦ ᠲᠣᠪᠴᠢᠯᠠᠨ᠎ᠠ︶ ᠨᠡᠷ᠎ᠡ ᠮᠡᠳᠡᠭᠦᠯᠬᠦ ᠳᠤ ᠠᠩᠬᠠᠷᠬᠤ ᠵᠦᠢᠯ ᠢ ᠦᠵᠡᠬᠦ ᠪᠥᠭᠡᠳ ᠰᠤᠷᠭᠠᠨ ᠬᠥᠮᠦᠵᠢᠯ ᠤᠨ ᠶᠠᠮᠤᠨ᠂ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ᠂ ᠨᠡᠷ᠎ᠡ ᠮᠡᠳᠡᠭᠦᠯᠬᠦ ᠴᠢᠭ᠋ ᠵᠢᠴᠢ ᠨᠡᠷ᠎ᠡ ᠮᠡᠳᠡᠭᠦᠯᠦᠨ ᠰᠢᠯᠭᠠᠭᠤᠯᠬᠤ ᠰᠤᠷᠤᠭᠴᠢ ᠡᠯᠰᠡᠬᠦ ᠨᠢᠭᠡᠴᠡ ᠶᠢᠨ ᠰᠦᠯᠵᠢᠶᠡᠨ ᠳᠡᠭᠡᠷᠡᠬᠢ ᠠᠯᠪᠠᠨ ᠵᠠᠷ ᠤᠨ ᠱᠠᠭᠠᠷᠳᠠᠯᠭ᠎ᠠ ᠶᠣᠰᠣᠭᠠᠷ ᠨᠡᠷ᠎ᠡ ᠮᠡᠳᠡᠭᠦᠯᠬᠦ ᠬᠡᠷᠡᠭᠲᠡᠶ᠃ ᠰᠢᠯᠭᠠᠭᠤᠯᠤᠭᠰᠠᠳ ᠨᠡᠷ᠎ᠡ ᠮᠡᠳᠡᠭᠦᠯᠬᠦ ᠳᠡᠭᠡᠨ ᠵᠥᠪᠬᠡᠨ ᠨᠢᠭᠡ ᠯᠡ ᠰᠤᠷᠤᠭᠴᠢ ᠡᠯᠰᠡᠬᠦ ᠨᠢᠭᠡᠴᠡ ᠶᠢᠨ ᠨᠢᠭᠡ ᠯᠡ ᠲᠤᠰᠬᠠᠶ ᠮᠡᠷᠭᠡᠵᠢᠯ ᠳᠤ ᠮᠡᠳᠡᠭᠦᠯᠵᠦ ᠪᠣᠯᠣᠨ᠎ᠠ᠃ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠰᠤᠷᠭᠠᠨ ᠬᠥᠮᠦᠵᠢᠯ ᠤᠨ ᠶᠠᠮᠤᠨ ᠠᠴᠠ  ᠳᠠᠪᠲᠠᠯᠲᠠ ᠰᠢᠯᠭᠠᠯᠲᠠ ᠳᠤ ᠣᠷᠣᠬᠤ ᠠᠩᠬ᠎ᠠ ᠰᠢᠯᠭᠠᠯᠲᠠ ᠶᠢᠨ ᠦᠨᠳᠦᠰᠦᠨ ᠱᠠᠭᠠᠷᠳᠠᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠰᠢᠯᠭᠠᠭᠤᠯᠤᠭᠰᠠᠳ ︽ᠰᠤᠳᠤᠯᠬᠤ ᠰᠤᠷᠤᠭᠴᠢ ᠡᠯᠰᠡᠬᠦ ᠰᠦᠯᠵᠢᠶ᠎ᠡ︾᠎ ᠶᠢᠨ ᠲᠣᠬᠢᠷᠠᠭᠤᠯᠤᠭᠰᠠᠨ ᠦᠢᠯᠡᠴᠢᠯᠡᠭᠡᠨ ᠤ ᠰᠢᠰᠲ᠋ᠧᠮ ᠢᠶᠠᠷ ᠳᠠᠮᠵᠢᠭᠠᠳ ᠰᠤᠷᠤᠭᠴᠢ ᠡᠯᠰᠡᠬᠦ ᠨᠢᠭᠡᠴᠡ ᠶᠢᠨ ᠰᠣᠷᠣᠭᠴᠢ ᠳᠤᠲᠠᠭᠳᠠᠵᠤ ᠪᠠᠶᠢᠬᠤ ᠮᠡᠳᠡᠭᠡ ᠵᠠᠩᠭᠢ ᠶᠢ ᠣᠶᠢᠯᠭᠠᠵᠤ ᠪᠣᠯᠬᠤ ᠪᠥᠭᠡᠳ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠥᠪᠡᠷ ᠢᠶᠠᠨ ᠡᠵᠡᠨ ᠮᠡᠳᠡᠵᠦ ᠲᠣᠬᠢᠷᠠᠭᠤᠯᠬᠤ ᠬᠦᠰᠡᠯ ᠡᠷᠡᠮᠡᠯᠵᠡᠯ ᠢ ᠣᠯᠠᠨ ᠤᠳᠠᠭ᠎ᠠ ᠵᠡᠷᠭᠡᠴᠡᠭᠡ ᠪᠠᠷ ᠲᠠᠭᠯᠠᠨ ᠮᠡᠳᠡᠭᠦᠯᠵᠦ ᠪᠣᠯᠣᠨ᠎ᠠ᠃ ᠰᠢᠯᠭᠠᠭᠤᠯᠤᠭᠰᠠᠳ ᠱᠠᠭᠠᠷᠳᠠᠯᠭ᠎ᠠ ᠶᠣᠰᠣᠭᠠᠷ ᠬᠤᠪᠢ ᠬᠥᠮᠦᠨ ᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠮᠡᠳᠡᠭᠡ ᠵᠠᠩᠭᠢ ᠪᠠᠨ ᠣᠨᠣᠪᠴᠢᠲᠠᠶ ᠲᠠᠭᠯᠠᠬᠤ ᠶᠢᠨ ᠬᠠᠮᠲᠤ ᠦᠨᠡᠨ ᠪᠣᠳᠠᠲᠠᠶ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠶ᠃ ᠰᠢᠯᠭᠠᠭᠤᠯᠤᠭᠰᠠᠳ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠪᠠᠨ ᠪᠤᠷᠤᠭᠤ ᠲᠠᠭᠯᠠᠭᠰᠠᠨ᠂ ᠬᠤᠳᠠᠯ ᠬᠠᠭᠤᠷᠮᠠᠭ ᠮᠡᠳᠡᠭᠡ ᠵᠠᠩᠭᠢ ᠲᠠᠭᠯᠠᠭᠰᠠᠨ ᠠᠴᠠ ᠪᠣᠯᠣᠭᠠᠳ ᠰᠢᠯᠭᠠᠯᠲᠠ᠂ ᠳᠠᠪᠲᠠᠯᠲᠠ ᠰᠢᠯᠭᠠᠯᠲᠠ ᠳᠤ ᠣᠷᠣᠯᠴᠠᠵᠦ ᠲᠡᠶᠢᠯᠦᠭᠰᠡᠨ ᠦᠭᠡᠢ ᠪᠤᠶᠤ ᠡᠯᠰᠡᠭᠳᠡᠵᠦ ᠳᠡᠶᠢᠯᠦᠭᠰᠡᠨ ᠦᠭᠡᠢ ᠦᠷ᠎ᠡ ᠳ᠋ᠦᠩ ᠢᠶᠠᠨ ᠰᠢᠯᠭᠠᠭᠤᠯᠤᠭᠰᠠᠳ ᠥᠪᠡᠷᠲᠡᠭᠡᠨ ᠡᠭᠦᠷᠭᠡᠯᠡᠨ᠎ᠡ᠃      ᠮᠡᠳᠡᠭᠳᠡᠯ ᠳᠤ ᠴᠢᠬᠤᠯᠠᠴᠢᠯᠠᠭᠰᠠᠨ ᠨᠢ᠂ ᠰᠤᠷᠤᠭᠴᠢ ᠡᠯᠰᠡᠬᠦ ᠨᠢᠭᠡᠴᠡ ᠨᠦᠭᠦᠳ ᠰᠢᠯᠭᠠᠭᠤᠯᠤᠭᠰᠠᠳ ᠲᠤ ᠲᠠᠯᠪᠢᠬᠤ ᠦᠨᠡᠨᠴᠢ ᠢᠲᠡᠭᠡᠮᠵᠢ ᠶᠢᠨ ᠱᠠᠭᠠᠷᠳᠠᠯᠭ᠎ᠠ ᠶᠢ ᠴᠢᠩᠭᠠᠳᠬᠠᠵᠤ᠂ ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠰᠢᠯᠭᠠᠭᠤᠯᠤᠭᠰᠠᠳ ᠤᠨ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ︾᠎ ᠤᠨ ᠲᠡᠮᠳᠡᠭᠯᠡᠯ ᠢ ᠭᠦᠢᠴᠡᠳ ᠠᠰᠢᠭᠯᠠᠨ᠂ ᠰᠢᠯᠭᠠᠭᠤᠯᠤᠭᠰᠠᠳ ᠤᠨ ᠨᠡᠷ᠎ᠡ ᠮᠡᠳᠡᠭᠦᠯᠬᠦ ᠦᠶ᠎ᠡ ᠳᠤ ᠲᠠᠭᠯᠠᠭᠰᠠᠨ ᠰᠢᠯᠭᠠᠯᠲᠠ ᠳᠤ ᠬᠡᠮ ᠦᠢᠯᠡᠳᠴᠦ ᠰᠢᠳᠬᠡᠭᠳᠡᠭᠰᠡᠨ ᠪᠠᠶᠢᠳᠠᠯ ᠢ ᠨᠠᠷᠢᠨ ᠬᠢᠨᠠᠮᠠᠭᠠᠶ ᠬᠠᠷᠭᠤᠭᠤᠯᠤᠨ ᠪᠠᠶᠢᠴᠠᠭᠠᠵᠦ᠂ ᠰᠢᠯᠭᠠᠭᠤᠯᠤᠭᠰᠠᠳ ᠤᠨ ᠢᠲᠡᠭᠡᠮᠵᠢ ᠶᠢᠨ ᠪᠠᠶᠢᠳᠠᠯ ᠢ ᠦᠵᠡᠯ ᠰᠠᠨᠠᠭ᠎ᠠ ᠶᠣᠰᠣ ᠮᠣᠷᠠᠯ ᠤᠨ ᠬᠢᠨᠠᠨ ᠪᠠᠶᠢᠴᠠᠭᠠᠯᠲᠠ ᠰᠢᠯᠭᠠᠯᠲᠠ ᠶᠢᠨ ᠴᠢᠬᠤᠯᠠ ᠠᠭᠤᠯᠭ᠎ᠠ ᠪᠠ ᠰᠤᠷᠤᠭᠴᠢ ᠡᠯᠰᠡᠬᠦ ᠴᠢᠬᠤᠯᠠ ᠦᠨᠳᠦᠰᠦ ᠪᠠᠷᠢᠮᠲᠠ ᠪᠣᠯᠭᠠᠬᠤ ᠬᠡᠷᠡᠭᠲᠡᠶ᠃ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠲᠠᠭᠠᠯ ᠢ ᠵᠥᠷᠢᠴᠡᠭᠰᠡᠨ᠂ ᠤᠢᠢᠯᠠ ᠪᠠᠶᠢᠳᠠᠯ ᠨᠢ ᠬᠦᠨᠳᠦ ᠨᠣᠴᠢᠲᠠᠶ ᠠᠴᠠ ᠪᠣᠯᠣᠭᠠᠳ ᠰᠢᠯᠭᠠᠭᠤᠯᠬᠤ ᠶᠢ ᠨᠢ ᠵᠣᠭᠰᠣᠭᠠᠬᠤ ᠪᠠᠷ ᠰᠢᠳᠬᠡᠯ ᠣᠯᠣᠭᠰᠠᠨ ᠪᠠᠶᠢᠭᠠᠳ᠂ ᠰᠢᠳᠬᠡᠯ ᠳᠠᠭᠤᠰᠤᠭᠰᠠᠨ ᠤ ᠳᠠᠷᠠᠭ᠎ᠠ ᠦᠷᠭᠦᠯᠵᠢᠯᠡᠨ ᠰᠤᠳᠤᠯᠬᠤ ᠰᠤᠷᠤᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠦᠨ ᠣᠷᠣᠯᠴᠠᠭᠰᠠᠨ ᠪᠠᠶᠢᠪᠠᠯ ᠰᠤᠷᠤᠭᠴᠢ ᠡᠯᠰᠡᠬᠦ ᠨᠢᠭᠡᠴᠡ ᠨᠢ ᠡᠯᠰᠡᠬᠦ ᠡᠰᠡᠬᠦ ᠪᠠᠨ ᠲᠣᠭᠲᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号