ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠵᠢᠴᠢ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠤᠶᠤᠨ ᠤ ᠬᠥᠮᠥᠷᠭᠡ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2017/1/10
     ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠬᠠᠩ ᠱᠤᠸᠠᠨ ᠵᠦ ᠪᠣᠯᠤᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠵᠦ ᠪᠢᠩ ᠸᠧᠨ ᠢᠯᠡᠷᠬᠡᠶᠢᠯᠡᠯ ᠡᠯᠭᠦᠬᠦ ᠶᠣᠰᠣᠯᠠᠯ ᠳᠤ ᠤᠷᠤᠯᠴᠠᠪᠠ      1 ᠳ᠋ᠦ᠋ᠭᠡᠷ ᠰᠠᠷ᠎ᠠ ᠶᠢᠨ 9᠎ ᠤ ᠡᠳᠦᠷ ᠤᠨ ᠦᠳᠡ ᠶᠢᠨ ᠬᠤᠶᠢᠨ᠎ᠠ᠂ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠵᠢᠴᠢ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠤᠶᠤᠨ ᠤ ᠬᠥᠮᠥᠷᠭᠡ ᠪᠠᠶᠢᠭᠤᠯᠤᠭᠳᠠᠪᠠ᠃      ᠬᠤᠷᠠᠯ ᠳᠡᠭᠡᠷ᠎ᠡ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢᠨ ᠨᠢᠭᠡᠨᠲᠡ ᠣᠯᠤᠭᠰᠠᠨ ᠴᠢᠬᠤᠯᠠ ᠦᠷ᠎ᠡ ᠪᠦᠲᠦᠭᠡᠯ ᠵᠢᠴᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢᠨ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠨᠡᠶᠢᠲᠡᠯᠡᠪᠡ᠃ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠪᠣᠯ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠢ ᠨᠡᠶᠢᠭᠡᠮ ᠳᠤ ᠲᠦᠭᠡᠮᠡᠯᠵᠢᠭᠦᠯᠬᠦ ᠰᠠᠭᠤᠷᠢᠨ ᠭᠠᠵᠠᠷ ᠮᠦᠨ᠂ ᠪᠠᠰᠠ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠳᠣᠲᠣᠷ᠎ᠠ ᠨᠡᠶᠢᠭᠡᠮ ᠤᠨ ᠰᠢᠨᠵᠢᠯᠡᠬᠦ ᠤᠬᠠᠭᠠᠨ ᠤ ᠭᠠᠵᠠᠷ ᠪᠠᠶᠢᠭᠤᠯᠤᠭᠰᠠᠨ ᠴᠤᠷ ᠤᠨ ᠭᠠᠭᠴᠠ ᠶᠡᠭᠡ ᠰᠤᠷᠭᠠᠭᠤᠯᠢ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号