2016 ᠣᠨ ᠳᠤ ︽ ︿ᠡᠷᠢᠶᠡᠨ ᠬᠤᠳᠠ ᠶᠢᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ | ᠲᠦᠯᠬᠢᠨ ᠠᠬᠢᠭᠤᠯᠬᠤ ᠳᠣᠯᠣᠳᠤᠭᠠᠷ ᠵᠦᠢᠯ ᠤᠨ ᠲᠣᠭᠲᠠᠭᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠡᠷᠢᠶᠡᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠡᠷᠢᠶᠡᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ ᠬᠠᠮᠢᠶ᠎ᠠ ᠪᠦᠬᠦᠢ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠬᠥᠮᠦᠰ ᠲᠤ ᠡᠷᠦᠬᠡ ᠠᠮᠠ ᠣᠷᠣᠬᠤ ᠭᠠᠷᠲᠠᠮ | ᠬᠢᠵᠦ ᠥᠭᠪᠡ᠃ 2016 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ 124 ᠬᠥᠮᠦᠨ ᠳᠤ | ᠡᠷᠦᠬᠡ ᠠᠮᠠ ᠣᠷᠣᠬᠤ ᠭᠠᠷᠲᠠᠮ ᠬᠢᠵᠦ ᠥᠭᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ | 25 ᠬᠥᠮᠦᠨ ᠨᠡᠮᠡᠭᠳᠡᠪᠡ᠃ ᠡᠭᠦᠨ ᠳᠤ᠂ ᠴᠢᠳᠠᠪᠤᠷᠢᠲᠠᠨ ᠪᠠ ᠤᠶᠤᠨ ᠤᠬᠠᠭᠠᠨ ᠲᠠᠳᠠᠨ ᠣᠷᠣᠭᠤᠯᠣᠭᠰᠠᠨ 75 | ᠬᠥᠮᠥᠨ᠂ ᠵᠠᠰᠠᠭ ᠵᠠᠬᠢᠷᠭ᠎ᠠ᠂ ᠠᠵᠢᠯ ᠦᠢᠯᠡᠰ ᠤᠨ ᠨᠢᠭᠡᠴᠡ ᠶᠢᠨ ᠵᠢᠩᠬᠢᠨᠢ ᠠᠵᠢᠯᠲᠠᠨ ᠠᠵᠢᠯᠴᠢᠨ 34 ᠬᠥᠮᠥᠨ᠂ | ᠴᠡᠷᠢᠭ ᠠᠴᠠ ᠬᠠᠯᠠᠭᠳᠠᠭᠰᠠᠨ ᠺᠠᠳ᠋ᠷ 3 ᠬᠥᠮᠦᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ 12 | ᠬᠥᠮᠦᠨ ᠳᠤ ᠡᠷᠦᠬᠡ ᠠᠮᠠ ᠣᠷᠣᠭᠤᠯᠵᠠᠢ᠃ ᠡᠷᠢᠶᠡᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠴᠢᠳᠠᠪᠤᠷᠢᠲᠠᠨ ᠪᠠ ᠤᠶᠤᠨ ᠤᠬᠠᠭᠠᠨ ᠲᠠᠳᠠᠨ ᠣᠷᠣᠭᠤᠯᠬᠤ ᠠᠵᠢᠯ ᠢ | ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠨ᠂ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠣᠷᠣᠨ ᠤ | ᠴᠢᠳᠠᠪᠤᠷᠢᠲᠠᠨ ᠡᠯᠰᠡᠨ ᠠᠪᠬᠤ ᠂ ᠴᠢᠳᠠᠪᠤᠷᠢᠲᠠᠨ ᠢ ᠦᠯᠡᠳᠡᠭᠡᠬᠦ ᠶᠢ ᠠᠬᠢᠭᠤᠯᠵᠤ᠂ ᠴᠢᠳᠠᠪᠤᠷᠢᠲᠠᠨ ᠤ ᠣᠨᠴᠣᠭᠤᠶ | ᠣᠷᠣᠨ ᠢ ᠲᠠᠰᠤᠷᠠᠯᠳᠠ ᠦᠭᠡᠢ ᠪᠤᠢ ᠪᠣᠯᠭᠠᠪᠠ᠃ |