ᠤᠯᠠᠭᠠᠨᠬᠠᠳᠠ ᠬᠤᠲᠠ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ 4.6 ᠳ᠋ᠦᠩᠰᠢᠭᠤᠷ ᠲᠥᠭᠦᠷᠢᠭ ᠤᠨ ᠳᠠᠷᠤᠭᠠᠰᠤ ᠶᠢ ᠨᠢ ᠬᠥᠩᠭᠡᠷᠡᠭᠦᠯᠵᠦ ᠥᠭᠪᠡ
ᠨᠡᠶᠢᠲᠡᠯᠡᠭᠰᠡᠨ ᠴᠠᠭ᠄
2017/1/10
     ᠤᠯᠠᠭᠠᠨᠬᠠᠳᠠ ᠬᠤᠲᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠡᠯ᠎ᠡ ᠲᠥᠷᠥᠯ ᠤᠨ ᠭᠠᠶᠢᠯᠢ ᠰᠦᠢᠳᠬᠡᠯ ᠢ ᠬᠥᠩᠭᠡᠯᠡᠵᠦ ᠬᠡᠯᠲᠦᠷᠢᠭᠦᠯᠬᠦ ᠳᠦᠷᠦ ᠶᠢᠨ ᠪᠤᠳᠤᠯᠭ᠎ᠠ᠂ ᠡᠵᠡᠩᠨᠡᠯᠲᠡ ᠶᠢᠨ ᠭᠠᠶᠢᠯᠢ ᠶᠢ ᠦᠷᠳᠡᠭ ᠤᠨ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠦᠷᠦ ᠶᠢᠨ ᠪᠤᠳᠤᠯᠭ᠎ᠠ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠤᠰ ᠱᠠᠲᠤᠨ ᠤ ᠠᠵᠤ ᠠᠬᠤᠶᠢᠯᠠᠯ ᠤᠨ ᠭᠠᠶᠢᠯᠢ ᠲᠠᠲᠠᠪᠤᠷᠢ ᠲᠤᠰᠢᠶᠠᠬᠤ ᠳᠠᠷᠤᠭᠠᠰᠤ ᠶᠢ ᠬᠥᠩᠭᠡᠷᠡᠭᠦᠯᠬᠦ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠭᠰᠠᠨ ᠤ ᠬᠠᠮᠲᠤ ᠴᠠᠬᠢᠯᠭᠠᠨ ᠤ ᠦᠨ᠎ᠡ ᠶᠢᠨ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠲᠤᠮᠤ ᠬᠡᠷᠡᠭᠯᠡᠭᠴᠢᠳ ᠲᠤ ᠰᠢᠭᠤᠳ ᠴᠠᠬᠢᠯᠭᠠᠨ ᠬᠠᠩᠭᠠᠬᠤ ᠲᠦᠷᠦ ᠶᠢᠨ ᠪᠤᠳᠤᠯᠭ᠎ᠠ ᠶᠢ ᠢᠳᠡᠪᠬᠢᠲᠡᠶ ᠲᠦᠯᠬᠢᠨ ᠠᠬᠢᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠳᠠᠷᠤᠭᠠᠰᠤ ᠶᠢ ᠨᠢ ᠦᠨᠡᠨ ᠬᠦ ᠬᠥᠩᠭᠡᠷᠡᠭᠦᠯᠵᠦ ᠥᠪᠡᠷ ᠤᠨ ᠦᠷᠳᠡᠭ ᠢ ᠨᠢ ᠦᠨᠡᠨ ᠬᠦ ᠪᠠᠭᠤᠷᠠᠭᠤᠯᠵᠤ ᠥᠭᠪᠡ᠃ ᠡᠭᠦᠨ ᠳᠤ᠂ ᠵᠠᠮᠪᠠᠷᠠᠭ᠎ᠠ ᠦᠭᠡᠢ ᠶᠢ ᠵᠠᠰᠠᠵᠦ ᠳᠠᠷᠤᠭᠠᠰᠤ ᠶᠢ ᠬᠥᠩᠭᠡᠷᠡᠭᠦᠯᠬᠦ ᠠᠵᠢᠯ ᠨᠢ ᠠᠵᠤ ᠠᠬᠤᠶᠢᠯᠠᠯ ᠳᠤ 1. 6 ᠳ᠋ᠦᠩᠰᠢᠭᠤᠷ ᠲᠥᠭᠦᠷᠢᠭ ᠤᠨ ᠳᠠᠷᠤᠭᠠᠰᠤ ᠶᠢ ᠬᠥᠩᠭᠡᠷᠡᠭᠦᠯᠦᠨ ᠥᠭᠴᠦ᠂ ᠲᠤᠮᠤ ᠬᠡᠷᠡᠭᠯᠡᠭᠴᠢᠳ ᠲᠤ ᠰᠢᠭᠤᠳ ᠴᠠᠬᠢᠯᠭᠠᠨ ᠬᠠᠩᠭᠠᠬᠤ ᠠᠷᠠᠯᠵᠢᠶ᠎ᠠ ᠰᠣᠯᠢᠯᠴᠠᠭ᠎ᠠ ᠨᠢ ᠠᠵᠤ ᠠᠬᠤᠶᠢᠯᠠᠯ ᠳᠤ 3 ᠳ᠋ᠦᠩᠰᠢᠭᠤᠷ ᠲᠥᠭᠦᠷᠢᠭ ᠤᠨ ᠴᠠᠬᠢᠯᠭᠠᠨ ᠤ ᠵᠠᠷᠤᠳᠠᠯ ᠢ ᠪᠠᠭᠠᠰᠬᠠᠨ ᠥᠭᠴᠦ᠂ ᠪᠦᠬᠦ ᠵᠢᠯ ᠳᠤ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠳᠤ 4000 ᠲᠦᠮᠡᠨ ᠲᠥᠭᠦᠷᠢᠭ ᠤᠨ ᠴᠠᠬᠢᠯᠭᠠᠨ ᠤ ᠦᠨ᠎ᠡ ᠶᠢᠨ ᠨᠥᠬᠦᠪᠥᠷᠢ ᠥᠭᠪᠡ᠃ ᠨᠢᠭᠡ ᠪᠦᠯᠦᠭ ᠭᠤᠣᠯᠯᠠᠬᠤ ᠮᠡᠷᠭᠡᠵᠢᠯ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ᠂ ᠪᠡᠶ᠎ᠡ ᠪᠠᠨ ᠳᠠᠭᠠᠭᠠᠭᠰᠠᠨ ᠲᠦᠷᠥᠯ ᠳᠡᠮᠳᠡᠭ ᠪᠣᠯᠤᠨ ᠨᠡᠯᠢᠶᠡᠳ ᠴᠢᠩᠭ᠎ᠠ ᠥᠷᠢᠰᠥᠯᠳᠦᠬᠦ ᠴᠢᠳᠠᠪᠤᠷᠢ ᠲᠠᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠵᠤ᠂ ᠠᠵᠤ ᠠᠬᠤᠶᠢᠯᠠᠯ ᠨᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ ᠯᠤᠭ᠎ᠠ ᠬᠠᠮᠲᠤᠷᠠᠨ ᠠᠵᠢᠯᠯᠠᠬᠤ ᠮᠠᠰᠢ ᠰᠠᠶᠢᠨ ᠬᠠᠨᠳᠤᠰᠢ ᠲᠠᠢ ᠪᠤᠯᠵᠤ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠤᠯᠪᠣᠭ᠎ᠠ ᠶᠢᠨ ᠦᠢᠯᠡᠳᠦᠯ ᠤᠯᠠᠮ ᠠᠴᠠ ᠤᠯᠠᠮ ᠶᠡᠬᠡᠳᠴᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠬᠠᠨᠳᠤᠭᠤᠯᠤᠭᠰᠠᠨ ᠨᠡᠶᠢᠭᠡᠮᠴᠢᠯᠡᠭᠰᠡᠨ᠂ ᠲᠤᠰᠬᠠᠶᠢᠵᠢᠭᠰᠠᠨ᠂ ᠰᠥᠯᠵᠢᠶᠡᠵᠢᠬᠦᠯᠦᠭᠰᠡᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号