2017 ᠣᠨ ᠤ ᠪᠦᠬᠦ ᠤᠷᠤᠨ ᠤ ᠲᠠᠮᠢᠷ ᠤᠨ ᠠᠵᠢᠯ ᠤᠨ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2017/1/11
     1 ᠳ᠋ᠦ᠋ᠭᠡᠷ ᠰᠠᠷ᠎ᠠ ᠶᠢᠨ 10 ᠤ ᠡᠳᠦᠷ᠂ 2017 ᠣᠨ ᠤ ᠪᠦᠬᠦ ᠤᠷᠤᠨ ᠤ ᠲᠠᠮᠢᠷ ᠤᠨ ᠠᠵᠢᠯ ᠤᠨ ᠬᠤᠷᠠᠯ ᠦᠪᠦᠷ ᠮᠤᠩᠭᠤᠯ ᠤᠨ ᠵᠤᠴᠢᠳ ᠤᠨ ᠪᠠᠭᠤᠳᠠᠯ ᠳᠤ ᠬᠤᠷᠠᠯᠳᠤᠵᠤ᠂ ᠬᠤᠷᠠᠯ ᠠᠴᠠ 2016 ᠣᠨ ᠤ ᠪᠦᠬᠦ ᠤᠷᠤᠨ ᠤ ᠲᠠᠮᠢᠷ ᠤᠨ ᠠᠵᠢᠯ ᠢ ᠳ᠋ᠦᠩᠨᠡᠬᠦ ᠶᠢᠨ ᠬᠠᠮᠳᠤ 2017 ᠣᠨ ᠤ ᠪᠦᠬᠦ ᠤᠷᠤᠨ ᠤ ᠲᠠᠮᠢᠷ ᠤᠨ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠳᠠ ᠬᠢᠵᠡᠢ᠃      ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢᠦ ᠰᠢᠨ ᠯᠧ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃ ᠯᠢᠦ ᠰᠢᠨ ᠯᠧ ᠴᠢᠬᠤᠯᠠᠴᠢᠯᠠᠬᠰᠠᠨ ᠨᠢ᠂ ᠬᠤᠶᠢᠰᠢᠳᠠ ᠶᠢᠨ ᠬᠡᠳᠦᠨ ᠵᠢᠯ ᠪᠤᠯ ᠮᠠᠨ ᠤ ᠤᠷᠤᠨ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠡᠯᠡᠬᠦᠯᠬᠦ ᠪᠤᠭᠤᠮᠳᠠ ᠰᠢᠪᠳᠤᠯᠬᠤ ᠵᠠᠩᠬᠢᠯᠠᠭ᠎ᠠ ᠶᠢᠨ ᠱᠠᠳᠤ ᠦᠶ᠎ᠠ ᠪᠠᠶᠢᠵᠤ᠂ ᠮᠦᠨᠴᠤ ᠲᠠᠮᠢᠷ ᠤᠨ ᠦᠢᠯᠡᠰ ᠬᠡᠯᠪᠡᠷᠢ ᠪᠠᠨ ᠬᠤᠪᠢᠷᠠᠭᠤᠯᠵᠤ ᠬᠦᠭᠵᠢᠬᠦ ᠵᠠᠩᠬᠢᠯᠠᠭ᠎ᠠ ᠶᠢᠨ ᠬᠤᠭᠤᠴᠠᠭ᠎ᠠ ᠪᠤᠯᠤᠨ᠎ᠠ᠃ ᠪᠢᠳᠠ ᠵᠠᠪᠠᠯ ᠭᠤᠤᠯᠳᠠᠯᠭ᠎ᠠ ᠲᠠᠢ ᠠᠵᠢᠯ ᠡᠬᠦᠷᠬᠡ ᠪᠠᠨ ᠴᠢᠩᠭ᠎ᠠ ᠠᠳᠬᠤᠵᠤ᠂ ᠮᠠᠨ ᠤ ᠤᠷᠤᠨ ᠤ ᠲᠠᠮᠢᠷ ᠤᠨ ᠠᠵᠢᠯ  ᠤᠨ ᠰᠢᠨ᠎ᠠ ᠪᠠᠶᠢᠳᠠᠯ ᠢ ᠲᠠᠰᠤᠷᠠᠯᠳᠠ ᠦᠬᠡᠢ ᠡᠬᠦᠳᠬᠦ ᠪᠠᠷ ᠴᠢᠷᠮᠠᠶᠢᠬᠤ ᠬᠡᠷᠡᠭᠳᠡᠢ᠃ ᠲᠢᠶᠠᠨᠵᠢᠨ ᠳᠤ ᠪᠤᠯᠬᠤ ᠪᠦᠬᠦ ᠤᠯᠤᠰ ᠤᠨ ᠲᠠᠮᠢᠷ ᠤᠨ ᠴᠤᠭᠯᠠᠭᠠᠨ᠂ ᠦᠪᠡᠷᠳᠡᠬᠡᠨ ᠵᠠᠰᠠᠬᠤ ᠤᠷᠤᠨ ᠤ ᠴᠦᠬᠡᠨ ᠲᠤᠭᠠᠳᠤ ᠦᠨᠳᠦᠰᠦᠳᠠᠨ ᠤ ᠲᠠᠮᠢᠷ ᠤᠨ ᠴᠤᠭᠯᠠᠭᠠᠨ᠂ ᠪᠦᠬᠦ ᠤᠯᠤᠰ ᠤᠨ ᠲᠠᠮᠢᠷ ᠤᠨ ᠰᠤᠶᠤᠯ · ᠲᠠᠮᠢᠷ ᠵᠤᠭᠠᠴᠠᠯ ᠤᠨ ᠦᠵᠡᠰᠬᠦᠯᠡᠩ ᠪᠤᠯᠤᠨ ᠠᠷᠪᠠᠨ ᠲᠦᠷᠪᠡᠳᠦᠬᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠤ᠂ ᠪᠦᠬᠦ ᠠᠷᠠᠳ ᠤᠨ ᠪᠡᠶ᠎ᠠ ᠴᠢᠬᠢᠷᠠᠭᠵᠢᠭᠤᠯᠬᠤ ᠠᠵᠢᠯᠯᠠᠭ᠎ᠠ ᠶᠢ ᠬᠦᠴᠦ ᠲᠠᠯᠪᠢᠨ ᠦᠷᠨᠢᠬᠦᠯᠵᠤ᠂ ᠲᠠᠮᠢᠷ ᠤᠨ ᠠᠵᠤ ᠦᠢᠯᠡᠰ ᠤᠨ ᠬᠦᠭᠵᠢᠯᠳᠠ ᠶᠢ ᠦᠷᠬᠦᠯᠵᠢᠯᠠᠨ ᠠᠬᠢᠭᠤᠯᠵᠤ᠂ ᠮᠠᠨ ᠤ ᠤᠷᠤᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠬᠦ ᠳᠤ ᠬᠦᠴᠦᠨ ᠨᠡᠮᠡᠷᠢᠯᠡᠬᠦ ᠬᠡᠷᠡᠭᠳᠡᠢ ᠬᠡᠵᠡᠢ᠃      ᠯᠢᠦ ᠰᠢᠨ ᠯᠧ ᠱᠠᠭᠠᠷᠳᠠᠬᠰᠠᠨ ᠨᠢ᠂ ᠵᠤᠬᠢᠶᠠᠨ ᠪᠠᠶᠢᠭᠤᠯᠵᠤ ᠵᠤᠬᠢᠴᠠᠭᠤᠯᠬᠤ ᠠᠵᠢᠯ ᠢᠶᠠᠨ ᠴᠢᠩᠭᠠᠳᠬᠠᠵᠤ᠂ ᠡᠯ᠎ᠠ ᠲᠦᠷᠦᠯ ᠤᠨ ᠠᠵᠢᠯ ᠤᠨ ᠪᠠᠶᠢᠷᠢᠯᠠᠭᠤᠯᠤᠯᠳᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠡᠢ᠃ ᠤᠳᠤᠷᠢᠳᠤᠯᠭ᠎ᠠ ᠪᠠᠨ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ᠂ ᠶᠠᠷᠢᠶ᠎ᠠ ᠬᠡᠯᠡᠯᠴᠡᠭᠡ ᠰᠤᠷᠳᠠᠯ ᠤᠬᠠᠭᠤᠯᠭ᠎ᠠ ᠪᠠᠨ ᠴᠢᠩᠭᠠᠳᠬᠠᠬᠤ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠤᠯᠢᠮᠫᠢᠺ  ᠤᠨ ᠵᠤᠷᠢᠬ ᠰᠠᠨᠠᠭ᠎ᠠ ᠪᠤᠯᠤᠨ ︽ᠮᠤᠩᠭᠤᠯ ᠮᠤᠷᠢᠨ︾ ᠤ ᠡᠷᠡᠯᠬᠡᠭᠯᠡᠨ ᠤᠷᠤᠭᠰᠢᠯᠠᠬᠤ ᠵᠤᠷᠢᠬ ᠰᠠᠨᠠᠭ᠎ᠠ ᠶᠢ ᠪᠠᠳᠠᠷᠠᠭᠤᠯᠵᠤ᠂ 2017 ᠣᠨ ᠤ ᠲᠠᠮᠢᠷ ᠤᠨ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠤ᠂ ᠰᠢᠯᠢᠳᠡᠭ ᠬᠢᠷᠢ ᠪᠦᠳᠦᠮᠵᠢ ᠪᠠᠷ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠠ 70 ᠵᠢᠯ ᠤᠨ ᠤᠢ ᠶᠢ ᠪᠡᠯᠬᠡᠯᠡᠬᠦ ᠪᠠᠷ ᠴᠢᠷᠮᠠᠶᠢᠬᠤ ᠬᠡᠷᠡᠭᠳᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号