ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠠᠮᠢ ᠠᠬᠤᠢ ᠪᠠ ᠤᠷᠴᠢᠨ ᠲᠤᠭᠤᠷᠢᠨ ᠤ ᠳᠡᠭᠡᠳᠦ ᠰᠤᠷᠭᠠᠭᠤᠯᠢ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2017/1/12
     1 ᠳ᠋ᠦ᠋ᠭᠡᠷ ᠰᠠᠷ᠎ᠠ ᠶᠢᠨ 10᠎ ᠤ ᠦᠳᠡ ᠶᠢᠨ ᠬᠤᠶᠢᠨ᠎ᠠ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠠᠮᠢ ᠠᠬᠤᠢ ᠪᠠ ᠤᠷᠴᠢᠨ ᠳᠤᠭᠤᠷᠢᠨ ᠤ ᠳᠡᠬᠡᠳᠤ ᠰᠤᠷᠭᠠᠭᠤᠯᠢ ᠪᠠᠶᠢᠭᠤᠯᠤᠭᠳᠠᠬᠤ ᠶᠤᠰᠤᠯᠠᠯ ᠦᠪᠦᠷ ᠮᠤᠩᠭᠤᠯ ᠤᠨ ᠶᠡᠭᠡ ᠰᠤᠷᠭᠠᠭᠤᠯᠢ ᠳᠤ ᠶᠠᠪᠤᠭᠳᠠᠪᠠ᠃      ᠦᠪᠦᠷ ᠮᠤᠩᠭᠤᠯ ᠤᠨ ᠶᠡᠭᠡ ᠰᠤᠷᠭᠠᠭᠤᠯᠢ ᠪᠤᠯ ᠦᠪᠡᠷᠳᠡᠬᠡᠨ ᠵᠠᠰᠬᠠᠤ ᠤᠷᠤᠨ ᠤ ᠵᠠᠰᠠᠭ ᠤᠨ ᠤᠷᠳᠤᠨ ᠠᠴᠠ ︽ᠳᠡᠯᠡᠬᠡᠢ ᠶᠢᠨ ᠳᠡᠷᠢᠬᠦᠨ ᠤ ᠶᠡᠭᠡ ᠰᠤᠷᠭᠠᠭᠤᠯᠢ︾᠎ ᠶᠢ ᠤᠷᠢᠳᠡᠪᠡᠷ ᠪᠠᠶᠢᠭᠤᠯᠬᠤ ᠪᠠᠷ ᠳᠤᠭᠳᠠᠬᠰᠠᠨ ᠰᠤᠷᠭᠠᠭᠤᠯᠢ ᠪᠤᠯᠤᠨ᠎ᠠ᠃ ᠠᠮᠢ ᠠᠬᠤᠢ ᠶᠢᠨ ᠰᠤᠳᠤᠯᠤᠯ ᠪᠤᠯ ᠲᠦᠯᠦᠪᠵᠢᠬᠦᠯᠬᠡ ᠳᠠᠬᠢ ᠤᠷᠢᠳᠡᠪᠡᠷ ᠪᠦᠳᠦᠬᠡᠨ ᠪᠠᠶᠢᠭᠤᠯᠬᠤ ︽ᠳᠡᠷᠢᠬᠦᠨ ᠤ ᠰᠢᠨᠵᠢᠯᠡᠬᠡᠨ ᠤ ᠰᠠᠯᠠᠭ᠎ᠠ︾ ᠪᠤᠯᠤᠨ᠎ᠠ᠃ ᠠᠮᠢ ᠠᠬᠤᠢ ᠪᠠ ᠤᠷᠴᠢᠨ ᠳᠤᠭᠤᠷᠢᠨ ᠤ ᠳᠡᠬᠡᠳᠤ ᠰᠤᠷᠭᠠᠭᠤᠯᠢ ᠪᠠᠶᠢᠭᠤᠯᠤᠭᠳᠠᠭᠰᠠᠨ ᠨᠢ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠳᠡᠯᠡᠬᠡᠢ ᠶᠢᠨ ᠳᠡᠷᠢᠬᠦᠨ ᠤ ᠰᠢᠨᠵᠢᠯᠡᠬᠡᠨ ᠤ ᠰᠠᠯᠠᠭ᠎ᠠ ᠶᠢᠨ ᠪᠠᠶᠢᠭᠤᠯᠤᠯᠲᠠ ᠶᠢ ᠠᠬᠢᠭᠤᠯᠬᠤ᠂ ᠨᠡᠶᠢᠭᠡᠮ ᠤᠨ ᠦᠢᠯᠡᠴᠢᠯᠡᠬᠡᠨ ᠤ ᠴᠢᠳᠠᠪᠤᠷᠢ ᠪᠠᠨ ᠳᠡᠬᠡᠭᠰᠢᠯᠡᠬᠦᠯᠬᠦ ᠴᠢᠬᠤᠯᠠ ᠠᠷᠭ᠎ᠠ ᠠᠪᠴᠠᠯ ᠪᠤᠯᠤᠨ᠎ᠠ᠃      ᠳᠤᠰ ᠳᠡᠬᠡᠳᠤ ᠰᠤᠷᠭᠠᠭᠤᠯᠢ ᠶᠢᠨ ᠪᠠᠶᠢᠭᠤᠯᠤᠭᠳᠠᠭᠰᠠᠨ ᠨᠢ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠶᠢᠨ ᠤᠬᠠᠭᠠᠨ ᠪᠠ ᠤᠷᠴᠢᠨ ᠳᠤᠭᠤᠷᠢᠨ ᠤ ᠰᠢᠨᠵᠢᠯᠡᠬᠦ ᠤᠬᠠᠭᠠᠨ ᠤ ᠳᠡᠷᠢᠬᠦᠨ ᠤ ᠰᠢᠨᠵᠢᠯᠡᠬᠡᠨ ᠤ ᠰᠠᠯᠠᠭ᠎ᠠ ᠶᠢᠨ ᠪᠠᠶᠢᠭᠤᠯᠤᠯᠲᠠ ᠶᠢ ᠶᠡᠬᠡᠪᠡᠷ ᠠᠬᠢᠭᠤᠯᠬᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠳᠡᠯᠡᠬᠡᠢ ᠶᠢᠨ ᠳᠡᠷᠢᠬᠦᠨ ᠤ ᠶᠡᠭᠡ ᠰᠤᠷᠭᠠᠭᠤᠯᠢ ᠶᠢᠨ ᠪᠠᠶᠢᠭᠤᠯᠤᠯᠲᠠ ᠳᠤ ᠳᠠᠭᠠᠭᠤᠯᠬᠤ ᠦᠢᠯᠡᠳᠦᠯ ᠦᠵᠡᠬᠦᠯᠬᠦ ᠪᠤᠯᠤᠨ᠎ᠠ᠃ ᠠᠮᠢ ᠠᠬᠤᠢ ᠪᠠ ᠤᠷᠴᠢᠨ ᠳᠤᠭᠤᠷᠢᠨ ᠤ ᠳᠡᠬᠡᠳᠤ ᠰᠤᠷᠭᠠᠭᠤᠯᠢ ᠶᠢ ᠪᠠᠶᠢᠭᠤᠯᠤᠭᠰᠠᠨ ᠨᠢ ᠦᠪᠦᠷ ᠮᠤᠩᠭᠤᠯ ᠤᠨ ᠶᠡᠭᠡ ᠰᠤᠷᠭᠠᠭᠤᠯᠢ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠳᠤ ᠳᠤᠷᠠᠳᠤᠭᠰᠠᠨ ᠠᠮᠢ ᠠᠬᠤᠢ ᠶᠢᠨ ᠬᠤᠷᠢᠭ᠎ᠠ ᠱᠤᠭᠤᠮ ᠢ ᠰᠠᠬᠢᠬᠤ ᠱᠠᠭᠠᠷᠳᠠᠯᠭ᠎ᠠ ᠪᠠᠷ᠂ ᠪᠤᠬᠢᠷᠳᠤᠯ ᠦᠬᠡᠢ ᠬᠦᠭᠵᠢᠯᠳᠡ ᠳᠤ ᠦᠢᠯᠡᠴᠢᠯᠡᠬᠦ᠂ ᠪᠤᠬᠢᠷᠳᠤᠯ ᠦᠬᠡᠢ ᠦᠢᠯᠡᠰ ᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠳᠤ ᠦᠢᠯᠡᠴᠢᠯᠡᠨ᠂ ᠡᠬᠡ ᠤᠯᠤᠰ ᠤᠨ ᠤᠮᠠᠷᠠᠳᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠬᠡᠨ ᠪᠠᠶᠢᠭᠤᠯᠬᠤ ᠳᠤ ᠠᠪᠴᠤ ᠪᠠᠶᠢᠭ᠎ᠠ ᠴᠢᠬᠤᠯᠠ ᠠᠷᠭ᠎ᠠ ᠪᠠᠷᠢᠯ ᠪᠤᠯᠤᠨ᠎ᠠ᠃      ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠠᠮᠢ ᠠᠬᠤᠢ ᠶᠢᠨ ᠰᠤᠳᠤᠯᠤᠯ ᠤᠨ ᠳᠤᠰᠬᠠᠢ ᠮᠡᠷᠬᠡᠵᠢᠯ ᠨᠢ 1957 ᠤᠨ ᠳᠤ ᠰᠤᠷᠭᠠᠭᠤᠯᠢ ᠪᠠᠶᠢᠭᠤᠯᠤᠭᠳᠠᠬᠤ ᠶᠢᠨ ᠦᠶ᠎ᠡ ᠪᠠᠷ ᠪᠠᠶᠢᠵᠤ᠂ 60 ᠵᠢᠯ ᠤᠨ ᠳᠤᠷᠰᠢ᠂ ᠦᠪᠦᠷ ᠮᠤᠩᠭᠤᠯ ᠤᠨ ᠶᠡᠭᠡ ᠰᠤᠷᠭᠠᠭᠤᠯᠢ ᠨᠢ ᠤᠯᠤᠰ ᠤᠨ ᠳᠤᠳᠤᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠪᠠ ᠶᠡᠭᠡ ᠳᠡᠬᠡᠳᠤ ᠰᠤᠷᠭᠠᠭᠤᠯᠢ ᠳᠤ ᠨᠢᠬᠡ ᠪᠦᠯᠦᠭ ᠰᠢᠯᠢᠳᠡᠭ ᠴᠢᠳᠠᠪᠤᠷᠢᠳᠠᠨ ᠬᠦᠮᠦᠵᠢᠭᠦᠯᠵᠦ ᠦᠭᠭᠦᠭᠰᠡᠨ ᠪᠠᠶᠢᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号