ᠤᠯᠠᠭᠠᠨᠴᠠᠪ ᠬᠤᠲᠠ 2016 ᠣᠨ ᠤ ᠦᠢᠯᠡᠳᠪᠦᠷᠢᠯᠡᠯ ᠤᠨ ᠦᠯᠡᠬᠦᠦ ᠴᠢᠳᠠᠪᠤᠷᠢ ᠶᠢ ᠠᠷᠢᠯᠭᠠᠬᠤ ᠡᠭᠦᠷᠭᠡ ᠶᠢ ᠪᠡᠶᠡᠯᠡᠬᠦᠯᠪᠡ
ᠨᠡᠶᠢᠲᠡᠯᠡᠭᠰᠡᠨ ᠴᠠᠭ᠄
2017/1/12
      ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠪᠣᠯᠣᠳ ᠲᠡᠮᠦᠷ ᠤᠨ ᠠᠵᠢᠯ ᠲᠥᠷᠥᠯ ᠤᠨ ᠦᠢᠯᠡᠳᠪᠦᠷᠢᠯᠡᠯ ᠤᠨ ᠦᠯᠡᠬᠦᠦ ᠴᠢᠳᠠᠪᠤᠷᠢ ᠶᠢ ᠠᠷᠢᠯᠭᠠᠵᠤ ᠬᠦᠴᠢᠷᠳᠡᠯ ᠠᠴᠠ ᠠᠩᠬᠢᠵᠢᠷᠠᠭᠤᠯᠬᠤ ᠬᠥᠭᠵᠢᠯᠲᠡ ᠶᠢ ᠪᠡᠶᠡᠯᠡᠭᠦᠯᠬᠦ ᠲᠤᠬᠠᠶ ᠰᠠᠨᠠᠯ︾ ᠪᠤᠯᠤᠨ ᠤᠯᠤᠰ ᠤᠨ ᠠᠵᠤ ᠠᠬᠤᠢ ᠮᠡᠳᠡᠭᠡ ᠵᠠᠩᠭᠢᠵᠢᠯᠲᠠ ᠶᠢᠨ ᠶᠠᠮᠤᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠡᠨᠧᠷᠭᠢ ᠶᠢᠨ ᠲᠣᠪᠴᠢᠶ᠎ᠠ᠂ ᠤᠯᠤᠰ ᠤᠨ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ ᠶᠢᠨ ︽ᠪᠣᠯᠣᠳ ᠲᠡᠮᠦᠷ ᠨᠡᠭᠦᠷᠡᠰᠦᠨ ᠤ ᠠᠵᠢᠯ ᠲᠦᠷᠦᠯ ᠤᠨ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠲᠤᠰᠬᠠᠢ ᠠᠵᠢᠯᠯᠠᠭ᠎ᠠ ᠶᠢᠨ ᠬᠡᠷᠡᠭᠵᠢᠬᠦᠯᠬᠦ ᠲᠦᠰᠦᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾᠎ ᠤᠨ ᠱᠠᠭᠠᠷᠳᠠᠯᠭ᠎ᠠ ᠶᠤᠰᠤᠭᠠᠷ᠂ ᠤᠯᠠᠭᠠᠨᠴᠠᠪ ᠬᠤᠲᠠ ᠪᠦᠬᠦ ᠬᠦᠴᠦᠨ ᠢᠶᠠᠷ ᠢᠶᠠᠨ ᠪᠠᠶᠢᠷᠢᠯᠠᠭᠤᠯᠵᠤ᠂ ᠴᠢᠩᠭ᠎ᠠ ᠠᠳᠬᠤᠨ ᠨᠠᠶᠢᠳᠠᠪᠤᠷᠢᠵᠢᠭᠤᠯᠵᠤ᠂ ︽ᠦᠢᠯᠡᠳᠪᠦᠷᠢᠯᠡᠯ ᠤᠨ ᠦᠯᠡᠬᠦᠦ ᠴᠢᠳᠠᠪᠤᠷᠢ ᠶᠢ ᠦᠭᠡᠶᠢᠰᠬᠡᠬᠦ︾ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠲᠦᠯᠬᠢᠨ ᠠᠬᠢᠭᠤᠯᠪᠠ᠃      ᠲᠤᠰ ᠬᠤᠲᠠ ᠨᠢ 7 ᠳ᠋ᠤᠭᠠᠷ ᠰᠠᠷ᠎ᠠ ᠶᠢᠨ ᠰᠡᠬᠦᠯᠴᠢ ᠪᠠᠷ ︽ᠤᠯᠠᠭᠠᠨᠴᠠᠪ ᠬᠤᠳᠠ ᠶᠢᠨ ᠪᠤᠯᠤᠳ ᠲᠡᠮᠦᠷ ᠤᠨ ᠠᠵᠢᠯ ᠲᠥᠷᠥᠯ ᠤᠨ ᠦᠢᠯᠡᠳᠪᠦᠷᠢᠯᠡᠯ ᠤᠨ ᠦᠯᠡᠬᠦᠦ ᠴᠢᠳᠠᠪᠤᠷᠢ ᠶᠢ ᠠᠷᠢᠯᠭᠠᠬᠤ ᠬᠡᠷᠡᠭᠵᠢᠭᠦᠯᠬᠦ ᠲᠥᠰᠦᠯ︾᠎ ᠢ ᠨᠠᠶᠢᠷᠠᠭᠤᠯᠤᠨ ᠲᠤᠭᠤᠷᠪᠢᠭᠰᠠᠨ ᠤ ᠬᠠᠮᠲᠤ ᠬᠤᠳᠡ ᠶᠢᠨ ᠵᠠᠰᠠᠭ ᠤᠨ ᠣᠷᠳᠣᠨ ᠠᠴᠠ ᠡᠯ᠎ᠡ ᠭᠠᠵᠠᠷ ᠲᠤ ᠳᠠᠷᠤᠮᠠᠯᠯᠠᠨ ᠲᠠᠷᠬᠠᠭᠠᠵᠤ ᠬᠡᠷᠡᠭᠵᠢᠬᠦᠯᠪᠡ᠃ ᠦᠢᠯᠡᠳᠪᠦᠷᠢᠯᠡᠯ ᠤᠨ ᠦᠯᠡᠬᠦᠦ ᠴᠢᠳᠠᠪᠤᠷᠢ ᠶᠢ ᠠᠷᠢᠯᠭᠠᠬᠤ ᠠᠵᠢᠯ ᠤᠨ ᠲᠤᠬᠢᠷᠠᠭᠤᠯᠤᠯᠲᠠ ᠶᠢ ᠦᠨᠳᠦᠰᠦᠯᠡᠨ᠂ ᠦᠢᠯᠡᠳᠪᠦᠷᠢᠯᠡᠯ ᠤᠨ ᠦᠯᠡᠬᠦᠦ ᠴᠢᠳᠠᠪᠤᠷᠢ ᠶᠢ ᠠᠷᠢᠯᠭᠠᠬᠤ ᠶᠢ ᠰᠢᠮᠳᠠᠭᠤᠯᠤᠨ ᠪᠠᠶᠢᠴᠠᠭᠠᠬᠤ ᠲᠤᠰᠬᠠᠶ ᠳᠤᠭᠤᠶᠢᠯᠠᠩ ᠪᠠᠶᠢᠭᠤᠯᠵᠤ᠂ ᠲᠤᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠵᠤ᠂ ᠠᠵᠤ ᠠᠬᠤᠶᠢᠯᠠᠯ ᠤᠨ ᠠᠵᠢᠯᠳᠠᠨ ᠤ ᠪᠠᠶᠢᠳᠠᠯ᠂ ᠲᠥᠬᠦᠭᠡᠷᠦᠮᠵᠢ ᠶᠢᠨ ᠪᠠᠶᠢᠳᠠᠯ᠂ ᠡᠳ᠋ ᠤᠨ ᠶᠠᠪᠤᠳᠠᠯ ᠤᠨ ᠪᠠᠶᠢᠳᠠᠯ ᠵᠡᠷᠭᠡ ᠳᠤ ᠪᠦᠬᠦ ᠲᠠᠯ᠎ᠠ ᠪᠠᠷ ᠬᠢᠨᠠᠨ ᠪᠠᠶᠢᠴᠠᠭᠠᠯᠲᠠ ᠬᠢᠭᠰᠡᠨ ᠤ ᠬᠠᠮᠲᠤ ᠬᠤᠯᠪᠣᠭᠳᠠᠯ ᠪᠦᠭᠦᠢ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠬᠢᠵᠢᠯᠲᠠ ᠶᠢᠨ ᠵᠥᠪᠯᠡᠯ ᠳᠤ ᠴᠠᠭ ᠲᠤᠬᠠᠶ ᠳᠤᠨᠢ ᠮᠡᠳᠡᠭᠦᠯᠪᠡ᠃      2016 ᠣᠨ ᠳᠤ᠂ ᠤᠯᠠᠭᠠᠨᠴᠠᠪ ᠬᠤᠲᠠ ᠶᠢᠨ ᠴᠣᠷ ᠤᠨ ᠭᠠᠭᠴᠠ ᠦᠢᠯᠡᠳᠪᠦᠷᠢᠯᠡᠯ ᠤᠨ ᠴᠢᠳᠠᠪᠤᠷᠢ ᠪᠠᠷ ᠦᠯᠡᠬᠦᠳᠡᠭᠰᠡᠨ ᠠᠵᠤ ᠠᠬᠤᠶᠢᠯᠠᠯ ᠪᠤᠯᠬᠤ ᠳ᠋ᠦᠩ ᠬᠤᠤ ᠺᠣᠮᠫᠠᠨᠢ ᠨᠢ 8 ᠰᠠᠭᠤᠷᠢ 30 ᠲᠣᠨ ᠤ ᠴᠠᠬᠢᠯᠭᠠᠨ ᠵᠤᠤᠬ᠎ᠠ ᠶᠢ ᠨᠤᠷᠠᠭᠠᠬᠤ ᠠᠵᠢᠯ ᠢ ᠪᠡᠶᠡᠯᠡᠭᠦᠯᠵᠦ᠂ ᠪᠦᠳᠦᠭᠦᠯᠢᠭ ᠪᠣᠯᠣᠳ ᠦᠢᠯᠡᠳᠪᠦᠷᠢᠯᠡᠬᠦ 60 ᠲᠦᠮᠡᠨ ᠲᠣᠨ ᠤ ᠦᠢᠯᠡᠳᠪᠦᠷᠢᠯᠡᠯ ᠤᠨ ᠦᠯᠡᠬᠦᠦ ᠴᠢᠳᠠᠪᠤᠷᠢ ᠶᠢ ᠪᠠᠭᠠᠰᠬᠠᠭᠰᠠᠨ ᠤ ᠬᠠᠮᠲᠤ ︽ᠳ᠋ᠦᠩ ᠬᠤᠤ ᠲᠡᠮᠦᠷᠯᠢᠭ ᠪᠣᠯᠪᠠᠰᠤᠷᠠᠭᠤᠯᠬᠤ ᠦᠢᠯᠡᠳᠬᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠵᠢᠯᠳᠠᠨ ᠢ ᠬᠤᠪᠢᠶᠠᠷᠢᠯᠠᠨ ᠲᠦᠪᠬᠢᠨᠡᠭᠦᠯᠬᠦ ᠲᠤᠬᠠᠶ ᠬᠡᠷᠡᠭᠵᠢᠭᠦᠯᠬᠦ ᠲᠥᠰᠦᠯ︾᠂ ︽ᠥᠷᠢ ᠥᠭᠴᠡᠭᠡ ᠶᠢ ᠠᠷᠭᠠᠴᠠᠬᠤ ᠲᠤᠬᠠᠶ ᠪᠠᠶᠢᠳᠠᠯ ᠤᠨ ᠲᠣᠳᠣᠷᠬᠠᠶᠢᠯᠠᠯᠲᠠ︾ ᠪᠤᠯᠤᠨ ︽ᠥᠷᠢ ᠥᠭᠴᠡᠭᠡ ᠶᠢ ᠠᠷᠢᠯᠭᠠᠬᠤ ᠲᠥᠰᠦᠯ︾ ᠲᠤᠭᠲᠠᠭᠠᠪᠠ᠃ ᠬᠤᠰᠢᠭᠤ ᠰᠢᠶᠠᠨ᠂ ᠬᠤᠳᠠ᠂ ᠥᠪᠡᠷᠲᠡᠭᠡᠨ ᠵᠠᠰᠠᠬᠤ ᠣᠷᠣᠨ᠂ ᠲᠦᠷᠦ ᠶᠢᠨ ᠶᠠᠪᠤᠳᠠᠯ ᠤᠨ ᠬᠤᠷᠢᠶ᠎ᠠ ᠵᠡᠷᠭᠡ ᠳᠦᠷᠪᠡᠨ ᠱᠠᠲᠤ ᠳ᠋ᠦᠩ ᠬᠤᠤ ᠺᠣᠮᠫᠠᠨᠢ ᠶᠢ ᠰᠢᠯᠭᠠᠨ ᠬᠤᠷᠢᠶᠠᠬᠤ ᠠᠵᠢᠯ ᠢᠶᠠᠨ ᠪᠡᠶᠡᠯᠡᠭᠦᠯᠵᠦ᠂ ︽ᠪᠣᠯᠣᠳ ᠲᠡᠮᠦᠷ ᠤᠨ ᠠᠵᠢᠯ ᠲᠥᠷᠥᠯ ᠤᠨ ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠠᠷᠢᠯᠭᠠᠬᠤ ᠶᠢ ᠰᠢᠯᠭᠠᠨ ᠠᠪᠬᠤ ᠮᠡᠳᠡᠭᠦᠯᠦᠯᠲᠡ ᠶᠢᠨ ᠪᠢᠴᠢᠭ︾᠎ ᠢ ᠪᠢᠴᠢᠵᠤ᠂ ᠨᠢᠭᠡᠨᠲᠡ ᠲᠥᠷᠥ ᠶᠢᠨ ᠶᠠᠪᠤᠳᠠᠯ ᠤᠨ ᠬᠤᠷᠢᠶ᠎ᠠ ᠳᠤ ᠳᠡᠪᠰᠢᠬᠦᠯᠵᠤ᠂ 2016 ᠣᠨ ᠳᠤ ᠤᠯᠤᠰ ᠠᠴᠠ ᠪᠠᠭᠤᠯᠭᠠᠭᠰᠠᠨ ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠠᠷᠢᠯᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠬᠦᠯᠦᠭᠰᠡᠨ ᠪᠠᠶᠢᠨ᠎ᠠ᠃ ᠡᠭᠦᠨ ᠤ ᠬᠠᠮᠲᠤ᠂ ᠤᠯᠠᠭᠠᠨᠴᠠᠪ ᠬᠤᠲᠠ ᠵᠠᠰᠠᠭ ᠤᠨ ᠣᠷᠳᠣᠨ ᠤ ᠫᠤᠷᠲ᠋ᠧᠯ  ᠰᠦᠯᠵᠢᠶ᠎ᠡ ᠳᠡᠭᠡᠷ᠎ᠡ ᠤᠯᠠᠭᠠᠨᠴᠠᠪ ᠬᠤᠳᠠ ᠶᠢᠨ ᠪᠤᠯᠤᠳ ᠲᠡᠮᠦᠷ ᠤᠨ ᠠᠵᠢᠯ ᠲᠥᠷᠥᠯ ᠤᠨ ᠦᠢᠯᠡᠳᠪᠦᠷᠢᠯᠡᠯ ᠤᠨ ᠦᠯᠡᠬᠦᠦ ᠴᠢᠳᠠᠪᠤᠷᠢ ᠶᠢ ᠠᠷᠢᠯᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ 1 ᠳ᠋ᠤᠭᠡᠷ ᠲᠣᠭᠠᠲᠤ ᠠᠯᠪᠠᠨ ᠵᠠᠷ ᠪᠤᠯᠤᠨ 2 ᠳ᠋ᠤᠭᠠᠷ ᠲᠣᠭᠠᠲᠤ ᠵᠠᠷ ᠢ ᠨᠡᠶᠢᠲᠡᠯᠡᠵᠤ᠂ ᠲᠤᠰ ᠲᠤᠰ ᠵᠠᠳᠠᠯᠤᠨ ᠰᠠᠯᠭᠠᠬᠤ ᠬᠠᠷᠠᠯᠲᠠ ᠵᠢᠴᠢ ᠴᠠᠭ ᠤᠨ ᠠᠬᠢᠴᠠ ᠶᠢᠨ ᠲᠤᠬᠢᠷᠠᠭᠤᠯᠤᠯᠲᠠ ᠪᠤᠯᠤᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠳᠠᠬᠢᠨ ᠦᠯᠦ ᠰᠡᠷᠭᠦᠭᠡᠬᠦ ᠪᠠ ᠦᠢᠯᠡᠳᠪᠦᠷᠢᠯᠡᠯ ᠤᠨ ᠲᠤᠨᠤᠬ ᠲᠥᠬᠦᠭᠡᠷᠦᠮᠵᠢ ᠶᠢ ᠲᠣᠭᠲᠠᠭᠰᠠᠨ ᠬᠤᠭᠤᠴᠠᠭᠠᠨ ᠳᠤ ᠨᠤᠷᠠᠭᠠᠬᠤ ᠠᠮᠠᠯᠠᠯᠲᠠ ᠶᠢᠨ ᠪᠢᠴᠢᠭ ᠢ ᠨᠡᠶᠢᠭᠡᠮ ᠳᠤ ᠨᠡᠶᠢᠲᠡᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号