ᠵᠠᠩ ᠵᠢᠶᠠᠨ ᠮᠢᠨ ᠪᠦᠬᠦ ᠤᠷᠤᠨ ᠤ ᠬᠦᠭᠵᠢᠬᠦᠯᠥᠯᠳᠡ ᠪᠤᠯᠤᠨ ᠦᠭᠡᠷᠡᠴᠢᠯᠡᠯᠳᠡ ᠶᠢᠨ ᠠᠵᠢᠯ ᠤᠨ ᠬᠤᠷᠠᠯ  ᠳᠤ ᠤᠷᠤᠯᠴᠠᠪᠠ
ᠨᠡᠶᠢᠲᠡᠯᠡᠭᠰᠡᠨ ᠴᠠᠭ᠄
2017/1/12
      1 ᠳ᠋ᠦ᠋ᠭᠡᠷ ᠰᠠᠷ᠎ᠠ ᠶᠢᠨ 8 ᠤ ᠡᠳᠤᠷ᠂ ᠪᠦᠬᠦ ᠤᠷᠤᠨ ᠤ ᠬᠦᠭᠵᠢᠬᠦᠯᠥᠯᠳᠡ ᠪᠤᠯᠤᠨ ᠦᠭᠡᠷᠡᠴᠢᠯᠡᠯᠳᠡ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠳᠡᠭᠡᠷ᠎ᠡ ᠲᠦᠪ ᠤᠨ ᠠᠵᠥ ᠠᠬᠤᠢ ᠶᠢᠨ ᠠᠵᠢᠯ ᠤᠨ ᠬᠤᠷᠠᠯ᠂ ᠪᠦᠬᠦ ᠤᠯᠤᠰ ᠤᠨ ᠬᠦᠭᠵᠢᠬᠦᠯᠥᠯᠳᠡ ᠪᠤᠯᠤᠨ ᠦᠭᠡᠷᠡᠴᠢᠯᠡᠯᠳᠡ ᠶᠢᠨ ᠠᠵᠢᠯ ᠤᠨ ᠬᠤᠷᠠᠯ ᠵᠢᠴᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠥ᠂ 2016 ᠣᠨ ᠤ ᠪᠦᠬᠦ ᠤᠷᠤᠨ ᠤ ᠬᠦᠭᠵᠢᠬᠦᠯᠥᠯᠳᠡ ᠦᠭᠡᠷᠡᠴᠢᠯᠡᠯᠳᠡ ᠶᠢᠨ ᠠᠵᠢᠯ ᠢ ᠳ᠋ᠦᠩᠨᠡᠵᠥ᠂ 2017 ᠣᠨ ᠤ ᠭᠤᠤᠯᠳᠠᠯᠭ᠎ᠠ ᠲᠠᠢ ᠡᠬᠦᠷᠬᠡ ᠶᠢ ᠪᠠᠶᠢᠷᠢᠯᠠᠭᠤᠯᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠵᠠᠩ ᠵᠢᠶᠠᠨ ᠮᠢᠨ ᠬᠤᠷᠠᠯ ᠳᠤ ᠤᠷᠤᠯᠴᠠᠵᠥ ᠶᠠᠷᠢᠶ᠎ᠠ ᠲᠠᠯᠪᠢᠪᠠ᠃      ᠵᠠᠩ ᠵᠢᠶᠠᠨ ᠮᠢᠨ᠂ 2016 ᠣᠨ ᠳᠤ᠂ ᠪᠦᠬᠦ ᠤᠷᠤᠨ ᠤ ᠬᠦᠭᠵᠢᠬᠦᠯᠥᠯᠳᠡ ᠦᠭᠡᠷᠡᠴᠢᠯᠡᠯᠳᠡ ᠶᠢᠨ ᠰᠢᠰᠲ᠋ᠧᠮ ᠤᠨ ᠬᠢᠨ ᠠᠵᠥ ᠠᠬᠤᠢ ᠶᠢᠨ ᠪᠠᠶᠢᠳᠠᠯ ᠤᠨ ᠵᠠᠳᠠᠯᠤᠯᠳᠡ ᠲᠤᠬᠢᠷᠠᠭᠤᠯᠤᠯᠳᠠ ᠪᠠᠨ ᠴᠢᠩᠭᠠᠳᠬᠠᠵᠥ᠂ ᠪᠡᠯᠡ ᠤᠷᠤᠭᠤᠯᠤᠯᠳᠠ ᠪᠤᠯᠤᠨ ᠲᠦᠷᠦᠯ ᠵᠦᠢᠯ ᠤᠨ ᠪᠠᠶᠢᠭᠤᠯᠤᠯᠳᠠ ᠶᠢ ᠬᠦᠴᠦᠯᠡᠨ ᠰᠠᠶᠢᠳᠤᠷ ᠠᠳᠬᠤᠵᠥ᠂ ᠤᠷᠤᠨ ᠪᠦᠰᠡ ᠶᠢᠨ ᠬᠦᠭᠵᠢᠯᠳᠡ ᠶᠢ ᠨᠢᠬᠡᠳᠤᠯᠳᠡᠢ ᠲᠦᠯᠥᠪᠵᠢᠬᠦᠯᠵᠥ᠂ ᠦᠭᠡᠷᠡᠴᠢᠯᠡᠯᠳᠡ ᠨᠡᠬᠡᠬᠡᠯᠳᠡ ᠶᠢ ᠪᠦᠬᠦ ᠬᠦᠴᠦ ᠪᠠᠷ  ᠢᠶᠠᠨ ᠠᠬᠢᠭᠤᠯᠵᠥ᠂ ᠪᠦᠬᠦ ᠤᠷᠤᠨ ᠤ ᠠᠵᠥ ᠠᠬᠤᠢ ᠶᠡᠷᠤᠩᠬᠡᠢ ᠳᠡᠭᠡᠨ ᠲᠤᠭᠳᠠᠭᠤᠨ ᠪᠠᠶᠢᠬᠤ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ᠂ ᠲᠤᠭᠳᠠᠭᠤᠨ ᠤ ᠲᠤᠮᠳᠡ ᠶᠠᠰᠤ ᠴᠢᠨᠠᠷ ᠢ ᠲᠡᠭᠡᠭᠰᠢᠯᠡᠬᠦᠯᠬᠦ ᠶᠢ ᠪᠡᠶᠡᠯᠡᠬᠦᠯᠬᠦ ᠳᠤ ᠶᠡᠬᠡᠬᠡᠨ ᠠᠵᠢᠯ ᠬᠢᠭᠰᠡᠡ ᠪᠠᠶᠢᠨ᠎ᠠ ᠬᠡᠵᠥ ᠵᠢᠭᠠᠵᠥ ᠭᠠᠷᠭᠠᠪᠠ᠃      ᠵᠠᠩ ᠵᠢᠶᠠᠨ ᠮᠢᠨ᠂ ᠰᠢᠨ᠎ᠡ ᠨᠢᠬᠡ ᠵᠢᠯ ᠳᠤ᠂ ᠡᠯ᠎ᠡ ᠱᠠᠳᠤᠨ ᠤ ᠬᠦᠭᠵᠢᠬᠦᠯᠥᠯᠳᠡ ᠦᠭᠡᠷᠡᠴᠢᠯᠡᠯᠳᠡ ᠶᠢᠨ ᠰᠠᠯᠠᠭ᠎ᠠ ᠮᠦᠴᠢᠷ ᠠᠵᠥ ᠠᠬᠤᠢ ᠶᠢᠨ ᠲᠤᠭᠳᠠᠭᠤᠨ ᠡᠷᠡᠬᠦᠯ ᠢᠶᠠᠷ ᠬᠦᠭᠵᠢᠬᠦ ᠶᠢ ᠪᠦᠬᠦ ᠬᠦᠴᠦ ᠪᠠᠷ ᠢᠶᠠᠨ ᠠᠬᠢᠭᠤᠯᠵᠥ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠬᠡᠢ ᠠᠬᠢᠭᠤᠯᠵᠥ ᠂ ᠠᠷᠭ᠎ᠠ ᠪᠦᠬᠦᠨ ᠢ ᠰᠦᠪᠡᠭᠴᠢᠯᠡᠨ ᠠᠵᠥ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠠᠬᠢᠭᠤᠯᠵᠥ᠂ ᠪᠤᠬᠢᠷᠳᠤᠯ ᠦᠭᠡᠢ ᠡᠷᠬᠢᠯᠳᠡᠳᠤ ᠪᠠᠭ᠎ᠠ ᠨᠡᠬᠦᠷᠡᠰᠦᠳᠥ᠋ᠷᠦᠭᠴᠢᠳᠤ ᠬᠦᠭᠵᠢᠯᠳᠡ ᠶᠢᠨ ᠲᠦᠪᠰᠢᠨ ᠢ ᠲᠠᠰᠤᠷᠠᠯᠳᠡ ᠦᠭᠡᠢ ᠲᠡᠭᠡᠭᠰᠢᠯᠡᠬᠦᠯᠵᠥ᠂ ᠵᠠᠩᠬᠢᠯᠠᠭ᠎ᠠ ᠶᠢᠨ ᠴᠢᠨᠠᠷᠳᠠᠢ ᠦᠭᠡᠷᠡᠴᠢᠯᠡᠯᠳᠡ ᠶᠢ ᠤᠯᠠᠮ ᠴᠢᠨᠠᠭᠰᠢᠳᠠ ᠬᠦᠨᠵᠡᠬᠡᠶᠢᠷᠡᠬᠦᠯᠵᠥ᠂ ᠭᠠᠳᠠᠭᠠᠳᠤ ᠨᠡᠬᠡᠬᠡᠯᠳᠡ ᠶᠢ ᠪᠦᠬᠦ ᠲᠠᠯ᠎ᠠ ᠪᠠᠷ ᠦᠷᠭᠡᠳᠭᠡᠵᠥ᠂ ᠨᠡᠶᠢᠭᠡᠮ ᠤᠨ ᠦᠢᠯᠡᠰ ᠤᠨ ᠬᠦᠭᠵᠢᠯᠳᠡ ᠶᠢᠨ 6 ᠲᠠᠯ᠎ᠠ ᠶᠢᠨ ᠭᠤᠤᠯᠳᠠᠯᠭ᠎ᠠ ᠲᠠᠢ ᠠᠵᠢᠯ ᠢ ᠬᠦᠴᠦᠯᠠᠨ ᠠᠬᠢᠭᠤᠯᠬᠤ ᠬᠡᠷᠡᠭᠳᠡᠢ᠃ ︽ᠲᠦᠷᠪᠡᠨ ᠤᠬᠠᠮᠰᠠᠷ︾ ᠢ ᠪᠤᠢ ᠪᠤᠯᠭᠠᠵᠥ᠂ ᠵᠦᠪᠯᠡᠭᠴᠢ ᠲᠤᠰᠠᠯᠠᠭᠴᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠥ᠂ ᠨᠢᠬᠡᠳᠤᠯᠳᠡᠢ ᠲᠦᠯᠥᠪᠵᠢᠬᠦᠯᠥᠨ ᠵᠤᠬᠢᠴᠠᠭᠤᠯᠬᠤ ᠠᠵᠢᠯ ᠢ ᠪᠦᠬᠦ ᠬᠦᠴᠦ ᠪᠠᠷ ᠢᠶᠠᠨ ᠰᠠᠶᠢᠳᠤᠷ ᠬᠢᠵᠥ᠂ ᠪᠦᠬᠦ ᠤᠷᠤᠨ ᠤ ᠠᠵᠥ ᠠᠬᠤᠢ ᠶᠢᠨ ᠲᠤᠭᠳᠠᠭᠤᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ ᠬᠡᠵᠥ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号