ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 30065 ᠤᠯᠤᠰ ᠤᠨ ᠠᠯᠪᠠᠲᠠᠨ ᠰᠢᠯᠭᠠᠭᠤᠯᠤᠭᠰᠠᠤᠨ ᠰᠢᠯᠭᠠᠯᠲᠠ ᠶᠢᠨ ᠬᠢᠷᠢ ᠪᠦᠲᠦᠮᠵᠢ ᠪᠠᠨ ᠯᠠᠪᠯᠠᠵᠤ ᠪᠣᠯᠬᠤ ᠪᠣᠯᠪᠠ
ᠨᠡᠶᠢᠲᠡᠯᠡᠭᠰᠡᠨ ᠴᠠᠭ᠄
2017/1/13
     1 ᠳ᠋ᠦ᠋ᠭᠡᠷ ᠰᠠᠷ᠎ᠠ ᠶᠢᠨ 11᠎ ᠤ ᠡᠳᠦᠷ᠂ ᠬᠥᠮᠥᠰ ᠤᠨ ᠠᠩᠬᠠᠷᠤᠯ ᠢ ᠶᠡᠬᠡᠳᠡ ᠲᠠᠲᠠᠵᠤ ᠪᠠᠶᠢᠭ᠎ᠠ ᠲᠥᠪ ᠤᠨ ᠪᠠᠶᠢᠭᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2017 ᠣᠨ ᠤ ᠠᠯᠪᠠᠲᠠᠨ ᠡᠯᠰᠡᠬᠦ ᠰᠢᠯᠭᠠᠯᠲᠠ ᠶᠢᠨ ᠨᠡᠶᠢᠲᠡ ᠶᠢᠨ ᠰᠢᠯᠭᠠᠯᠲᠠ ᠶᠢᠨ ᠲᠥᠷᠥᠯ ᠤᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ 1 ᠳ᠋ᠦ᠋ᠭᠡᠷ ᠰᠠᠷ᠎ᠠ ᠶᠢᠨ 10᠎ ᠤ ᠡᠳᠦᠷ ᠨᠡᠶᠢᠲᠡᠯᠡᠪᠡ᠃ 1 ᠳ᠋ᠦ᠋ᠭᠡᠷ ᠰᠠᠷ᠎ᠠ ᠶᠢᠨ 11᠎ ᠤ ᠡᠳᠦᠷ ᠠᠴᠠ 1 ᠳ᠋ᠦ᠋ᠭᠡᠷ ᠰᠠᠷ᠎ᠠ ᠶᠢᠨ 13᠎ ᠤ ᠡᠳᠦᠷ ᠪᠣᠯᠲᠠᠯ᠎ᠠ᠂ ᠨᠢᠭᠤᠷᠲᠠᠨ ᠰᠢᠯᠭᠠᠭᠤᠯᠬᠤ ᠠᠩᠬᠠᠨ ᠤ ᠪᠦᠯᠦᠭ ᠤᠨ ᠨᠡᠷᠡᠰ ᠲᠤ ᠣᠷᠣᠭᠰᠠᠨ ᠦᠭᠡᠢ ᠰᠢᠯᠭᠠᠭᠤᠯᠤᠭᠰᠠᠤᠨ ᠲᠣᠬᠢᠷᠠᠭᠤᠯᠬᠤ ᠳᠤ ᠣᠷᠣᠯᠴᠠᠬᠤ ᠪᠠᠷ ᠰᠦᠯᠵᠢᠶᠡᠨ ᠳᠡᠭᠡᠷ᠎ᠡ ᠭᠤᠶᠤᠴᠢᠯᠠᠵᠤ ᠪᠣᠯᠣᠨ᠎ᠠ᠃ ᠡᠨᠡ ᠤᠳᠠᠭ᠎ᠠ ᠶᠢᠨ ᠤᠯᠤᠰ ᠤᠨ ᠠᠯᠪᠠᠲᠠᠨ ᠤ ᠰᠢᠯᠭᠠᠯᠲᠠ ᠳᠤ ᠪᠦᠬᠦ ᠤᠯᠤᠰ ᠲᠤ 27061 ᠬᠥᠮᠦᠨ ᠢ ᠡᠯᠰᠡᠨ᠎ᠡ᠂ ᠨᠡᠶᠢᠲᠡ 113.68 ᠲᠦᠮᠡᠨ ᠬᠥᠮᠦᠨ ᠰᠢᠯᠭᠠᠯᠲᠠ ᠳᠤ ᠨᠡᠷ᠎ᠡ ᠮᠡᠳᠡᠭᠦᠯᠵᠦ᠂ ᠲᠡᠭᠰᠢᠳᠬᠡᠭᠡᠳ 42 ᠬᠥᠮᠦᠨ 1 ᠠᠵᠢᠯ ᠤᠨ ᠪᠠᠶᠢᠷᠢ ᠶᠢ ᠥᠷᠢᠰᠦᠯᠳᠦᠬᠦ ᠪᠣᠯᠣᠨ᠎ᠠ᠃ ᠡᠭᠦᠨ ᠳᠤ᠂ ᠥᠪᠥᠷ ᠮᠣᠩᠭᠤᠯ ᠤᠨ ᠰᠢᠯᠭᠠᠯᠲᠠ ᠶᠢᠨ ᠲᠣᠭᠤᠷᠢᠭ ᠎ ᠲᠤ 30065 ᠬᠥᠮᠦᠨ ᠰᠢᠯᠭᠠᠯᠲᠠ ᠳᠤ ᠣᠷᠣᠯᠴᠠᠪᠠ᠃      ᠲᠠᠨᠢᠯᠴᠠᠭᠤᠯᠤᠭᠰᠠᠨ ᠢᠶᠠᠷ᠂ ᠬᠤᠳᠠ ︵ᠲᠤᠰᠬᠠᠶ ᠣᠷᠣᠨ︶᠂ ᠰᠢᠶᠠᠨ ︵ᠲᠣᠭᠤᠷᠢᠭ︶᠎ ᠤ ᠱᠠᠲᠤᠨ ᠤ ᠲᠤᠰᠢᠶᠠᠯ ᠤᠨ ᠪᠠᠶᠢᠷᠢ ᠳᠤ ᠰᠢᠯᠭᠠᠭᠤᠯᠤᠭᠰᠠᠳ ᠤᠨ ᠬᠢᠷᠢ ᠲᠡᠩᠴᠡᠭᠦ ᠬᠤᠪᠢ ᠨᠢ ᠪᠣᠯ᠄ ᠶᠡᠷᠦᠩᠬᠡᠢ ᠬᠤᠪᠢ ᠨᠢ 95 ᠬᠤᠪᠢ ᠠᠴᠠ ᠳᠣᠣᠷ᠎ᠠ ᠪᠠᠶᠢᠵᠤ ᠪᠣᠯᠬᠤ ᠦᠭᠡᠢ ᠪᠥᠭᠡᠳ ᠵᠠᠰᠠᠭ ᠵᠠᠬᠢᠷᠭᠠᠨ ᠤ ᠠᠵᠢᠯ ᠤᠨ ᠴᠢᠳᠠᠪᠤᠷᠢ ᠶᠢᠨ ᠰᠢᠯᠭᠠᠨ ᠪᠠᠶᠢᠴᠠᠭᠠᠯᠲᠠ ᠳᠤ ᠣᠯᠤᠭᠰᠠᠨ ᠬᠤᠪᠢ ᠨᠢ 50 ᠬᠤᠪᠢ ᠠᠴᠠ ᠳᠣᠣᠷ᠎ᠠ ᠪᠠᠶᠢᠵᠤ ᠪᠣᠯᠬᠤ ᠦᠭᠡᠢ᠃ ᠲᠥᠷᠥ ᠶᠢᠨ ᠪᠣᠳᠣᠯᠭ᠎ᠠ ᠶᠢᠨ ᠬᠡᠯᠪᠡᠶᠢᠬᠦ ᠬᠠᠷᠠᠭᠠᠯᠵᠠᠯ ᠦᠵᠡᠭᠦᠯᠬᠦ ᠲᠤᠰᠢᠶᠠᠯ ᠤᠨ ᠪᠠᠶᠢᠷᠢ ᠶᠢᠨ ᠬᠢᠷᠢ ᠲᠡᠩᠴᠡᠭᠦ ᠬᠤᠪᠢ ᠨᠢ ᠪᠣᠯ᠄ ᠪᠠᠷᠠᠭᠤᠨ ᠪᠦᠰᠡ ᠶᠢᠨ ᠭᠠᠵᠠᠷ ᠣᠷᠣᠨ ᠪᠣᠯᠤᠨ ᠬᠠᠲᠠᠭᠤᠵᠢᠯᠲᠠᠶ ᠬᠢᠯᠢ ᠬᠢᠵᠠᠭᠠᠷ ᠤᠨ ᠭᠠᠵᠠᠷ ᠣᠷᠣᠨ ︵ᠱᠠᠨ ᠰᠢ᠂ ᠥᠪᠥᠷ ᠮᠣᠩᠭᠤᠯ᠂ ᠭᠢᠷᠢᠨ᠂ ᠬᠠᠷᠠᠮᠥ᠋ᠷᠡᠨ᠂ ᠭᠤᠸᠠᠩᠰᠢ᠂ ᠰᠧᠴᠤᠸᠠᠨ᠂ ᠴᠦᠩᠴᠢᠩ᠂ ᠭᠦᠢᠵᠧᠦ᠂ ᠶᠦᠨᠨᠠᠨ᠂ ᠲᠥᠪᠡᠳ᠂ ᠱᠠᠨᠰᠢ᠂ ᠭᠠᠨᠰᠦ᠂ ᠨᠢᠩᠰᠢᠶᠠ᠂ ᠬᠥᠬᠡᠨᠠᠭᠤᠷ᠂ ᠰᠢᠨᠵᠢᠶᠠᠩ ᠵᠡᠷᠭᠡ 15 ᠮᠤᠵᠢ ᠣᠷᠣᠨ ᠬᠤᠲᠠ︶᠎ ᠤ ᠬᠤᠲᠠ ︵ᠲᠤᠰᠬᠠᠶ ᠣᠷᠣᠨ︶᠂ ᠰᠢᠶᠠᠨ ︵ᠲᠣᠭᠤᠷᠢᠭ︶᠎ ᠤ ᠱᠠᠲᠤᠨ ᠤ ᠲᠤᠰᠢᠶᠠᠯ ᠤᠨ ᠪᠠᠶᠢᠷᠢ ᠶᠢᠨ ᠬᠢᠷᠢ ᠲᠡᠩᠴᠡᠭᠦ ᠬᠤᠪᠢ ᠨᠢ ᠪᠣᠯ᠄ ᠪᠦᠬᠦ ᠬᠤᠪᠢ ᠨᠢ 90 ᠬᠤᠪᠢ ᠠᠴᠠ ᠳᠣᠣᠷ᠎ᠠ ᠪᠠᠶᠢᠵᠤ ᠪᠣᠯᠬᠤ ᠦᠭᠡᠢ ᠪᠥᠭᠡᠳ ᠵᠠᠰᠠᠭ ᠵᠠᠬᠢᠷᠭᠠᠨ ᠤ ᠠᠵᠢᠯ ᠤᠨ ᠴᠢᠳᠠᠪᠤᠷᠢ ᠶᠢᠨ ᠰᠢᠯᠭᠠᠨ ᠪᠠᠶᠢᠴᠠᠭᠠᠯᠲᠠ ᠳᠤ ᠣᠯᠤᠭᠰᠠᠨ ᠬᠤᠪᠢ ᠨᠢ 45 ᠬᠤᠪᠢ ᠠᠴᠠ ᠳᠣᠣᠷ᠎ᠠ ᠪᠠᠶᠢᠵᠤ ᠪᠣᠯᠬᠤ ᠦᠭᠡᠢ᠃ ᠣᠶᠤᠲᠠᠨ ᠭᠠᠴᠠᠭᠠᠨ ᠳᠠᠷᠤᠭ᠎ᠠ᠂ ︽ᠭᠤᠷᠪᠠ ᠶᠢ ᠳᠡᠮᠵᠢᠵᠤ ᠨᠢᠭᠡ ᠶᠢ ᠲᠡᠳᠬᠦᠬᠦ︾ ᠵᠡᠷᠭᠡ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠬᠥᠮᠦᠰ ᠢ ᠬᠠᠨᠳᠤᠯᠭ᠎ᠠ ᠲᠠᠢ ᠡᠯᠰᠡᠬᠦ ᠲᠤᠰᠢᠶᠠᠯ ᠤᠨ ᠪᠠᠶᠢᠷᠢ ᠶᠢᠨ ᠬᠢᠷᠢ ᠲᠡᠩᠴᠡᠭᠦ ᠬᠤᠪᠢ ᠨᠢ ᠪᠣᠯ᠄ ᠪᠦᠬᠦ ᠬᠤᠪᠢ ᠨᠢ 90 ᠬᠤᠪᠢ ᠠᠴᠠ ᠳᠣᠣᠷ᠎ᠠ ᠪᠠᠶᠢᠵᠤ ᠪᠣᠯᠬᠤ ᠦᠭᠡᠢ ᠪᠥᠭᠡᠳ ᠵᠠᠰᠠᠭ ᠵᠠᠬᠢᠷᠭᠠᠨ ᠤ ᠠᠵᠢᠯ ᠤᠨ ᠴᠢᠳᠠᠪᠤᠷᠢ ᠶᠢᠨ ᠰᠢᠯᠭᠠᠨ ᠪᠠᠶᠢᠴᠠᠭᠠᠯᠲᠠ ᠳᠤ ᠣᠯᠤᠭᠰᠠᠨ ᠬᠤᠪᠢ ᠨᠢ 45 ᠬᠤᠪᠢ ᠠᠴᠠ ᠳᠣᠣᠷ᠎ᠠ ᠪᠠᠶᠢᠵᠤ ᠪᠣᠯᠬᠤ ᠦᠭᠡᠢ᠃ ᠨᠡᠶᠢᠳᠡᠮ ᠪᠤᠰᠤ ᠬᠡᠷᠡᠭᠯᠡᠬᠦ ᠬᠡᠯᠡ ᠤ ᠲᠤᠰᠢᠶᠠᠯ ᠤᠨ ᠪᠠᠶᠢᠷᠢ ᠶᠢᠨ ᠬᠢᠷᠢ ᠲᠡᠩᠴᠡᠭᠦ ᠬᠤᠪᠢ ᠨᠢ ᠪᠣᠯ᠄ ᠪᠦᠬᠦ ᠬᠤᠪᠢ ᠨᠢ 90 ᠬᠤᠪᠢ ᠠᠴᠠ ᠳᠣᠣᠷ᠎ᠠ ᠪᠠᠶᠢᠵᠤ ᠪᠣᠯᠬᠤ ᠦᠭᠡᠢ ᠪᠥᠭᠡᠳ ᠵᠠᠰᠠᠭ ᠵᠠᠬᠢᠷᠭᠠᠨ ᠤ ᠠᠵᠢᠯ ᠤᠨ ᠴᠢᠳᠠᠪᠤᠷᠢ ᠶᠢᠨ ᠰᠢᠯᠭᠠᠨ ᠪᠠᠶᠢᠴᠠᠭᠠᠯᠲᠠ ᠳᠤ ᠣᠯᠤᠭᠰᠠᠨ ᠬᠤᠪᠢ ᠨᠢ 45 ᠬᠤᠪᠢ ᠠᠴᠠ ᠳᠣᠣᠷ᠎ᠠ ᠪᠠᠶᠢᠵᠤ ᠪᠣᠯᠬᠤ ᠦᠭᠡᠢ᠃ ᠣᠨᠴᠠᠭᠠᠶ ᠠᠵᠢᠯ ᠮᠡᠷᠭᠡᠵᠢᠯ ᠤᠨ ᠲᠤᠰᠢᠶᠠᠯ ᠤᠨ ᠪᠠᠶᠢᠷᠢ ᠶᠢᠨ ᠬᠢᠷᠢ ᠲᠡᠩᠴᠡᠭᠦ ᠬᠤᠪᠢ ᠨᠢ ᠪᠣᠯ᠄ ᠪᠦᠬᠦ ᠬᠤᠪᠢ ᠨᠢ 90 ᠬᠤᠪᠢ ᠠᠴᠠ ᠳᠣᠣᠷ᠎ᠠ ᠪᠠᠶᠢᠵᠤ ᠪᠣᠯᠬᠤ ᠦᠭᠡᠢ ᠪᠥᠭᠡᠳ ᠵᠠᠰᠠᠭ ᠵᠠᠬᠢᠷᠭᠠᠨ ᠤ ᠠᠵᠢᠯ ᠤᠨ ᠴᠢᠳᠠᠪᠤᠷᠢ ᠶᠢᠨ ᠰᠢᠯᠭᠠᠨ ᠪᠠᠶᠢᠴᠠᠭᠠᠯᠲᠠ ᠳᠤ ᠣᠯᠤᠭᠰᠠᠨ ᠬᠤᠪᠢ ᠨᠢ 45 ᠬᠤᠪᠢ ᠠᠴᠠ ᠳᠣᠣᠷ᠎ᠠ ᠪᠠᠶᠢᠵᠤ ᠪᠣᠯᠬᠤ ᠦᠭᠡᠢ᠃ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠦᠨᠡᠲᠦ ᠲᠡᠮᠳᠡᠭᠲᠦ ᠶᠢ ᠬᠢᠨᠠᠨ ᠬᠠᠮᠢᠶᠠᠷᠬᠤ ᠵᠥᠪᠯᠡᠯ ᠪᠣᠯᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠶᠢᠨ ᠲᠤᠰᠢᠶᠠᠯ ᠤᠨ ᠪᠠᠶᠢᠷᠢ ᠶᠢᠨ ᠣᠯᠠᠨ ᠨᠡᠶᠢᠲᠡ ᠶᠢᠨ ᠲᠥᠷᠥᠯ ᠤᠨ ᠰᠢᠯᠭᠠᠯᠲᠠ ᠶᠢᠨ ᠬᠤᠪᠢ ᠶᠢ ᠪᠣᠯ ᠲᠤᠰᠢᠶᠠᠯ ᠤᠨ ᠪᠠᠶᠢᠷᠢ ᠶᠢᠨ ᠬᠠᠷᠢᠶᠠᠯᠠᠭᠳᠠᠬᠤ ᠳᠡᠰ ᠳᠠᠪᠬᠤᠷᠭ᠎ᠠ ᠶᠣᠰᠣᠭᠠᠷ ᠵᠠᠭᠠᠭᠯᠠᠨ ᠲᠣᠭᠲᠠᠭᠠᠬᠤ ᠪᠦᠭᠡᠳ ᠲᠤᠰᠬᠠᠶ ᠮᠡᠷᠭᠡᠵᠢᠯ ᠤᠨ ᠲᠥᠷᠥᠯ ᠤᠨ ᠰᠢᠯᠭᠠᠯᠲᠠ ᠶᠢᠨ ᠬᠤᠪᠢ ᠨᠢ 45 ᠬᠤᠪᠢ ᠠᠴᠠ ᠳᠤᠤᠷ᠎ᠠ ᠪᠠᠶᠢᠵᠤ ᠪᠣᠯᠬᠤ ᠦᠭᠡᠢ᠃      ᠰᠢᠯᠭᠠᠭᠤᠯᠤᠭᠰᠠᠤᠨ ᠲᠥᠪ ᠤᠨ ᠪᠠᠶᠢᠭᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2017 ᠣᠨ ᠤ ᠠᠯᠪᠠᠲᠠᠨ ᠡᠯᠰᠡᠬᠦ ᠰᠢᠯᠭᠠᠯᠲᠠ ᠶᠢᠨ ᠲᠤᠰᠬᠠᠶ ᠰᠦᠯᠵᠢᠶ᠎ᠡ ︵http://bm.scs.gov.cn/2017︶᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠦᠯᠵᠢᠶ᠎ᠡ ︵http://www.mohrss.gov.cnᠪᠤᠶᠤ ᠤᠯᠤᠰ ᠤᠨ ᠠᠯᠪᠠᠲᠠᠨ ᠤ ᠲᠣᠪᠴᠢᠶ᠎ᠠ ᠶᠢᠨ ᠰᠦᠯᠵᠢᠶ᠎ᠡ ︵http://www.scs.gov.cn︶᠎ ᠠᠴᠠ ᠰᠢᠯᠭᠠᠯᠲᠠ ᠶᠢᠨ ᠬᠢᠷᠢ ᠪᠦᠲᠦᠮᠵᠢ ᠪᠠᠨ ᠯᠠᠪᠯᠠᠵᠤ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号