ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠦᠪᠡᠳᠡᠭᠰᠢ ᠶᠡᠭᠡᠪᠡᠷ ᠡᠬᠢᠯᠡᠪᠡ
ᠨᠡᠶᠢᠲᠡᠯᠡᠭᠰᠡᠨ ᠴᠠᠭ᠄
2017-01-16
      1 ᠳ᠋ᠦ᠋ᠭᠡᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠬᠦᠬᠡᠬᠤᠳᠠ ᠶᠢᠨ ᠦᠪᠤᠷ ᠮᠤᠩᠭᠤᠯ ᠤᠨ ᠠᠷᠠᠤᠨ ᠤᠨ ᠬᠤᠷᠠᠯ ᠤᠨ ᠲᠠᠩᠭᠢᠮ ᠳᠤ ᠦᠪᠡᠳᠡᠭᠰᠢ ᠶᠡᠭᠡᠪᠡᠷ ᠡᠬᠢᠯᠡᠪᠡ᠃ 2500 ᠲᠦᠮᠡᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠨᠳᠤ ᠨᠠᠶᠢᠳᠠᠯᠭ᠎ᠠ ᠶᠢ ᠬᠦᠯᠢᠶᠡᠭᠰᠡᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠦᠪᠡᠳᠡᠭᠰᠢ ᠬᠤᠷᠠᠯ ᠳᠤ ᠤᠷᠤᠯᠴᠠᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠤᠯᠭᠤᠬᠰᠠᠨ ᠲᠠᠷᠬᠠᠨ ᠬᠠᠷᠢᠭᠤᠴᠠᠯᠭ᠎ᠠ ᠪᠠᠨ ᠭᠦᠢᠴᠡᠳᠭᠡᠨ᠎ᠡ᠃      ᠠᠷᠠᠳᠴᠢᠯᠠᠯ ᠲᠠᠢ᠂ ᠪᠦᠯᠭᠦᠮᠳᠠᠯ ᠲᠠᠢ᠂ ᠪᠤᠳᠠᠳᠠᠢ ᠶᠢ ᠡᠷᠬᠢᠮᠯᠡᠵᠦ᠂ ᠡᠷᠡᠯᠬᠡᠭᠯᠡᠨ ᠤᠷᠤᠬᠰᠢᠯᠠᠨ᠎ᠠ᠃ ᠦᠪᠤᠷ ᠮᠤᠩᠭᠤᠯ ᠤᠨ ᠠᠷᠠᠳ ᠤᠨ ᠬᠤᠷᠠᠯ ᠤᠨ ᠲᠠᠩᠭᠢᠮ ᠬᠤᠪᠢ ᠶᠢᠨ ᠭᠠᠳᠠᠨ᠎ᠠ ᠲᠦᠪ ᠶᠡᠬᠡᠮᠰᠦᠭ᠂ ᠲᠡᠷᠢᠭᠦᠯᠡᠭᠴᠢᠳ ᠤᠨ ᠲᠠᠶᠢᠰᠠᠨ ᠤ ᠭᠤᠣᠯ ᠲᠤᠮᠳᠠ ᠡᠯᠭᠦᠭᠰᠡᠨ ᠤᠯᠤᠰ ᠤᠨ ᠰᠦᠯᠳᠠ ᠠᠴᠠ ᠰᠢᠵᠢᠷ ᠬᠡᠷᠡᠯ ᠰᠠᠴᠤᠷᠠᠵᠦ᠂ ᠬᠤᠷᠠᠯ ᠤᠨ ᠲᠠᠯᠠᠪᠠᠢ ᠶᠢᠨ ᠠᠭᠤᠷ ᠠᠮᠢᠰᠬᠤᠯ ᠦᠪᠡᠳᠡᠭᠰᠢ ᠶᠡᠭᠡ ᠪᠦᠭᠡᠳ ᠬᠦᠷ ᠬᠦᠭᠵᠢᠶᠡᠨ ᠢᠶᠠᠷ ᠪᠢᠯᠬᠠᠨ᠎ᠠ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠵᠢᠢ ᠾᠸᠡᠭ ᠬᠤᠷᠠᠯ ᠡᠷᠬᠢᠯᠡᠵᠠᠢ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠬᠤᠷᠴᠡ᠂ ᠳ᠋ᠦ᠋ ᠽᠢ᠂ ᠨᠠᠰᠤᠨᠮᠦ᠋ᠡᠭᠭᠡ᠂ ᠸᠠᠩ ᠢᠤᠢ ᠮᠢᠩ᠂ ᠬᠠᠨᠭ᠌ ᠭᠦᠢ ᠯᠢᠨ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠰᠦᠨ ᠬᠤᠢ ᠮᠢᠨ ᠲᠡᠷᠢᠭᠦᠯᠡᠭᠴᠢᠳ ᠤᠨ ᠲᠠᠶᠢᠰᠠᠨ ᠤ ᠡᠮᠦᠨ᠎ᠠ ᠮᠦᠷ ᠲᠤ ᠰᠠᠭᠠᠳᠠᠪᠠ᠃      ᠪᠦ᠋ ᠰᠢᠶᠤᠤ ᠯᠢᠨ᠂ ᠷᠧᠨ ᠶᠠ ᠫᠢᠡᠭ᠂ ᠯᠸᠡᠭ ᠵᠢᠶᠧ ᠰᠦᠡᠭ᠂ ᠶᠠᠩ ᠵᠢᠶᠦ᠋ᠨ ᠰᠢᠩ᠂ ᠯᠢ ᠵᠢᠶᠠ ᠨᠠᠷ ᠪᠣᠯᠣᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠳᠠᠪᠠ᠃ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠡᠰᠢᠭᠦᠨ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠦᠨᠳᠦᠰᠦᠳᠡᠨ ᠤ ᠵᠦᠪᠯᠡᠯ ᠤᠨ ᠲᠡᠳ᠋ ᠡᠷᠬᠢᠯᠡᠭᠴᠢ ᠭᠡᠰᠢᠭᠦᠨ ᠸᠠᠩ ᠵᠢᠶᠦ᠋ᠨ᠂ ᠶᠦᠨ ᠹᠸᠡᠭ ᠲᠡᠷᠢᠭᠦᠯᠡᠭᠴᠢᠳ ᠤᠨ ᠲᠠᠶᠢᠰᠠᠨ ᠳᠤ ᠰᠠᠭᠠᠳᠠᠪᠠ᠃      ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠤᠳᠤ 534 ᠬᠦᠮᠦᠨ ᠪᠣᠢ᠂ ᠡᠨᠡ ᠣᠳᠠᠭ᠎ᠠ ᠶᠢᠨ ᠪᠦᠭᠦᠳᠡ ᠬᠤᠷᠠᠯ ᠳᠤ 493 ᠬᠦᠮᠦᠨ ᠤᠷᠤᠯᠴᠠᠵᠣ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠠ᠃      ᠦᠳᠡ ᠶᠢᠨ ᠡᠮᠦᠨᠡᠭᠢ 9 ᠴᠠᠭ ᠲᠤ᠂ ᠯᠢ ᠵᠢᠢ ᠾᠸᠡᠭ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠡᠬᠢᠯᠡᠭᠰᠡᠨ ᠢ ᠲᠤᠩᠬᠠᠬᠯᠠᠪᠠ᠃ ᠬᠤᠷᠠᠯ ᠤᠨ ᠲᠠᠯᠠᠪᠠᠢ ᠳᠤ ᠪᠦᠭᠦᠳᠡᠭᠡᠷ ᠪᠤᠰᠴᠠᠭᠠᠵᠣ ᠤᠯᠤᠰ ᠤᠨ ᠰᠦᠯᠳᠠ ᠲᠠᠭᠤᠤ ᠶᠢ ᠲᠠᠭᠤᠯᠠᠪᠠ᠃      ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠵᠠᠰᠠᠬ ᠤᠨ ᠤᠷᠳᠤᠨ ᠤ ᠠᠵᠢᠯ ᠤᠨ ᠢᠯᠡᠳᠭᠡᠯ ᠬᠢᠪᠠ᠃ ᠢᠯᠡᠳᠭᠡᠯ ᠨᠢ 2016 ᠤᠨ ᠤ ᠠᠵᠢᠯ ᠤᠨ ᠡᠷᠭᠢᠴᠡᠭᠦᠯᠦᠯ ᠪᠠ 2017 ᠤᠨ ᠤ ᠠᠵᠢᠯ ᠲᠤᠬᠢᠷᠠᠭᠤᠯᠤᠯᠳᠠ ᠭᠡᠰᠡᠨ ᠬᠤᠶᠠᠷ ᠬᠡᠰᠡᠭ ᠢᠶᠠᠷ ᠪᠦᠷᠢᠯᠳᠤᠵᠠᠢ᠃      ᠪᠦ᠋ ᠰᠢᠶᠤᠤ ᠯᠢᠨ ᠬᠡᠯᠡᠭᠰᠡᠨ ᠨᠢ᠂ ᠦᠡᠭᠭᠡᠷᠡᠭᠰᠡᠨ ᠨᠢᠭᠡ ᠵᠢᠯ ᠳᠤ ᠲᠦᠪᠡᠭ ᠪᠤᠳᠤᠯᠢᠶᠠᠨᠳᠠᠢ ᠠᠵᠦ ᠠᠬᠤᠢ ᠶᠢᠨ ᠪᠠᠶᠢᠳᠠᠯ ᠪᠠ ᠪᠡᠷᠭᠡ ᠬᠠᠳᠠᠭᠤᠵᠢᠯᠳᠠᠢ ᠦᠭᠡᠷᠡᠴᠢᠯᠠᠯᠳᠠ ᠬᠦᠭᠵᠢᠯᠳᠠ ᠲᠤᠬᠳᠠᠭᠤᠨ ᠤ ᠡᠭᠦᠷᠭᠡ ᠶᠢᠨ ᠡᠮᠦᠨ᠎ᠠ᠂ ᠪᠢᠳᠠ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠤᠬᠳᠠᠭᠤᠨ ᠤ ᠲᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠭᠡᠢ ᠭᠦᠭ ᠠᠶᠠᠰ ᠢ ᠪᠠᠷᠢᠮᠳᠠᠯᠠᠵᠦ᠂ ᠠᠵᠦ ᠠᠬᠤᠢ ᠶᠢᠨ ᠬᠦᠭᠵᠢᠯᠳᠠ ᠶᠢᠨ ᠰᠢᠨ᠎ᠠ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠦ᠂ ᠰᠢᠨ᠎ᠠ ᠬᠦᠭᠵᠢᠯᠳᠠ ᠶᠢᠨ ᠣᠨᠤᠯᠵᠢᠬᠤᠨ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠦ᠂ ᠡᠯ᠎ᠠ ᠵᠦᠢᠯ ᠤᠨ ᠬᠦᠴᠢᠷᠳᠠᠯ ᠪᠠ ᠦᠷᠢᠰᠦᠯᠳᠦᠭᠡᠨ ᠢ ᠢᠳᠡᠪᠭᠢᠳᠠᠢ ᠠᠷᠭᠠᠴᠠᠵᠦ᠂ ᠪᠦᠭᠦ ᠵᠢᠯ ᠤᠨ ᠭᠤᠤᠯ ᠬᠠᠷᠠᠯᠳᠠ ᠡᠭᠦᠷᠭᠡ ᠪᠠᠨ ᠨᠠᠯᠢᠶᠠᠳ ᠰᠠᠶᠢᠨ ᠪᠡᠶᠡᠯᠡᠭᠦᠯᠵᠦ᠂ ︽13·5︾ ᠶᠢᠨ ᠲᠦᠯᠦᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠳᠡ ᠶᠢ ᠪᠡᠶᠡᠯᠡᠭᠦᠯᠪᠠ ᠭᠡᠵᠡᠢ᠃ ᠪᠦ᠋ ᠰᠢᠶᠤᠤ ᠯᠢᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠠᠯᠳᠠ ᠶᠢ ᠢᠳᠡᠪᠭᠢᠳᠠᠢ ᠠᠬᠢᠭᠤᠯᠤᠬᠰᠠᠨ᠂ ᠠᠵᠦ ᠠᠬᠤᠢ ᠶᠢᠨ ᠨᠡᠮᠡᠭᠳᠡᠯ ᠢ ᠬᠦᠴᠦᠯᠡᠨ ᠲᠤᠬᠳᠠᠪᠤᠷᠢᠵᠢᠭᠤᠯᠤᠬᠰᠠᠨ᠂ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠦᠨ ᠲᠡᠰ ᠲᠡᠪᠰᠢᠭᠦᠯᠭᠦ ᠶᠢ ᠲᠦᠷᠭᠡᠳᠭᠡᠭᠰᠡᠨ᠂ ᠦᠭᠡᠷᠡᠴᠢᠯᠠᠯᠳᠠ ᠨᠡᠭᠡᠭᠡᠯᠳᠡ ᠪᠠᠷ ᠵᠠᠬ᠎ᠠ ᠲᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠭᠰᠡᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠰᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠣᠭᠰᠠᠨ ᠵᠡᠷᠭᠡ ᠲᠠᠯ᠎ᠠ ᠪᠠᠷ ᠦᠡᠭᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠪᠠ᠃      ᠪᠦ᠋ ᠰᠢᠶᠤᠤ ᠯᠢᠨ ᠵᠢᠭᠠᠵᠦ ᠭᠠᠷᠭᠠᠬᠰᠠᠨ ᠨᠢ᠂ 2017 ᠤᠨ ᠪᠤᠯ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠠᠯᠳᠠ ᠬᠦᠭᠵᠢᠯᠳᠠ ᠶᠢᠨ ᠶᠠᠪᠤᠴᠠ ᠳᠠᠬᠢ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠵᠠᠰᠠᠬ ᠤᠨ ᠤᠷᠳᠤᠨ ᠤ ᠠᠵᠢᠯ ᠢ ᠰᠠᠶᠢᠳᠤᠷ ᠬᠢᠭᠦ ᠳᠤ᠂ ᠡᠷᠭᠡᠪᠰᠢ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠪᠠ ᠠᠷᠪᠠᠨ ᠨᠠᠶᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠ᠂ ᠳᠥᠷᠪᠡ᠂ ᠲᠠᠪᠤ᠂ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠵᠦ᠂ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠨᠤᠭᠤᠳ ᠪᠠ ᠲᠦᠷᠦ ᠶᠢ ᠵᠠᠰᠠᠵᠦ ᠵᠠᠰᠠᠬ ᠢ ᠡᠷᠬᠢᠯᠡᠭᠦ ᠰᠢᠨ᠎ᠠ ᠣᠨᠤᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠭᠡᠢ ᠲᠤᠤᠱᠯᠠᠭᠤᠯᠵᠦ᠂ ᠶᠡᠷᠦᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠳᠤ ᠰᠢᠨᠵᠢᠯᠠᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠦ᠂ ᠦᠪᠡᠷᠳᠡᠭᠡᠨ ᠵᠠᠰᠬᠠᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢᠨ ᠲᠤᠭᠤᠷᠢᠨ ᠳᠤ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠶᠢ ᠨᠢᠭᠡᠲᠦᠯᠳᠡᠢ ᠲᠦᠯᠦᠪᠵᠢᠭᠦᠯᠦᠨ ᠠᠬᠢᠭᠤᠯᠬᠤ ᠪᠠ ︽ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠦ᠂ ᠲᠤᠬᠳᠠᠭᠤᠨ ᠤ ᠲᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠵᠦ᠂ ᠰᠢᠨ᠎ᠠ ᠬᠦᠭᠵᠢᠯᠳᠠ ᠶᠢᠨ ᠣᠨᠤᠯᠵᠢᠬᠤᠨ ᠢ ᠪᠠᠳᠤ ᠪᠣᠢ ᠪᠤᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠵᠦ ᠠᠬᠤᠢ ᠶᠢᠨ ᠬᠦᠭᠵᠢᠯᠳᠠ ᠶᠢᠨ ᠰᠢᠨ᠎ᠠ ᠬᠡᠪ ᠪᠠᠶᠢᠳᠠᠯ ᠢ ᠡᠵᠡᠮᠰᠢᠨ ᠵᠣᠬᠢᠴᠠᠵᠣ ᠬᠦᠳᠦᠯᠦᠨ ᠳᠠᠭᠠᠭᠤᠯᠵᠣ᠂ ᠬᠦᠭᠵᠢᠯᠳᠠ ᠶᠢᠨ ᠴᠢᠨᠠᠷ ᠴᠢᠨᠰᠠᠭ᠎ᠠ ᠪᠠ ᠦᠷ᠎ᠠ ᠠᠰᠢᠭ ᠢ ᠲᠡᠭᠡᠭᠰᠢᠯᠡᠭᠦᠯᠭᠦ ᠪᠠᠷ ᠭᠤᠤᠯ ᠪᠤᠯᠭᠠᠵᠦ᠂ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠠᠯᠳᠠ ᠶᠢ ᠠᠬᠢᠭᠤᠯᠬᠤ ᠪᠠᠷ ᠭᠤᠤᠯ ᠱᠤᠭᠤᠮ ᠪᠤᠯᠭᠠᠵᠦ᠂ ᠬᠦᠭᠵᠢᠯᠳᠠ᠂ ᠠᠮᠢ ᠠᠬᠤᠢ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠦ᠂ ᠬᠡᠯᠪᠡᠷᠢ ᠶᠢ ᠨᠢ ᠬᠤᠪᠢᠷᠠᠭᠤᠯᠵᠦ ᠲᠡᠰ ᠲᠡᠪᠰᠢᠭᠦᠯᠭᠦ ᠶᠢ ᠲᠦᠷᠭᠡᠳᠭᠡᠨ ᠠᠬᠢᠭᠤᠯᠵᠦ᠂ ︽ᠲᠠᠪᠤᠨ ᠳᠠᠯ᠎ᠠ ᠶᠢ ᠵᠤᠬᠢᠴᠠᠭᠤᠯᠬᠤ︾ ᠶᠢ ᠶᠡᠬᠡᠪᠡᠷ ᠠᠬᠢᠭᠤᠯᠵᠦ ᠂ ᠦᠭᠡᠷᠡᠴᠢᠯᠠᠯᠳᠠ ᠨᠡᠭᠡᠭᠡᠯᠳᠡ ᠶᠢ ᠪᠦᠭᠦ ᠲᠠᠯ᠎ᠠ ᠪᠠᠷ ᠬᠦᠨᠵᠡᠭᠡᠶᠢᠷᠡᠭᠦᠯᠵᠦ᠂ ᠶᠡᠷᠦᠩᠭᠡᠢ ᠬᠡᠷᠡᠭᠴᠡᠭᠡ ᠶᠢ ᠵᠣᠬᠢᠰᠳᠠᠢ ᠦᠷᠭᠡᠳᠭᠡᠵᠦ᠂ ᠰᠢᠨ᠎ᠠ ᠶᠢ ᠡᠭᠦᠳᠭᠦ ᠪᠠᠷ ᠬᠦᠳᠡᠯᠭᠡᠭᠦᠷ ᠪᠤᠯᠭᠠᠬᠤ᠂ ᠪᠡᠯᠡ ᠤᠷᠤᠭᠤᠯᠤᠯᠳᠠ ᠪᠠᠷ ᠲᠠᠳᠠᠨ ᠳᠠᠶᠢᠴᠢᠯᠠᠬᠤ ᠪᠠ ᠲᠦᠷᠦᠯ ᠵᠦᠢᠯ ᠢᠶᠠᠷ ᠲᠠᠭᠠᠭᠤᠯᠬᠤ ᠶᠢ ᠴᠢᠩᠭᠠᠳᠬᠠᠵᠦ᠂ ᠨᠡᠮᠡᠭᠳᠡᠯ ᠢ ᠲᠤᠬᠳᠠᠪᠤᠷᠢᠵᠢᠭᠤᠯᠬᠤ᠂ ᠦᠭᠡᠷᠡᠴᠢᠯᠠᠯᠳᠠ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠳᠡᠭᠡᠭᠦ ᠂ ᠲᠦᠭᠰᠢᠭᠦᠷᠢ ᠶᠢ ᠰᠡᠷᠭᠡᠶᠢᠯᠡᠭᠦ ᠡᠯ᠎ᠠ ᠵᠦᠢᠯ ᠤᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠳᠤᠷ ᠬᠢᠵᠦ᠂ ᠠᠵᠦ ᠠᠬᠤᠢ ᠶᠢᠨ ᠲᠤᠬᠳᠠᠭᠤᠨ ᠢᠶᠠᠷ ᠡᠷᠡᠭᠦᠯ ᠢᠶᠠᠷ ᠬᠦᠭᠵᠢᠬᠦ ᠪᠠ ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠢ ᠠᠬᠢᠭᠤᠯᠵᠦ᠂ ᠰᠢᠯᠢᠳᠡᠭ ᠠᠮᠵᠢᠯᠳᠠ ᠪᠠᠷ ᠢᠶᠠᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠶᠢ ᠤᠬᠳᠤᠬᠤ ᠬᠡᠷᠡᠭᠳᠡᠢ ᠭᠡᠪᠡ᠃      ᠪᠦ᠋ ᠰᠢᠶᠤᠤ ᠯᠢᠨ ᠢᠯᠡᠳᠭᠡᠯ ᠳᠡᠭᠡᠨ 2017 ᠤᠨ ᠤ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠭᠤᠤᠯ ᠪᠣᠯᠬᠤ ᠵᠢᠱᠢᠭᠰᠡᠨ ᠬᠠᠷᠠᠯᠳᠠ ᠶᠢ ᠲᠤᠷᠠᠳᠪᠠ᠄ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠦᠩᠭᠡᠢ ᠦᠷᠳᠡᠭ ᠢ 7.5% ᠤᠷᠴᠢᠮ ᠨᠡᠮᠡᠭᠳᠡᠭᠦᠯᠵᠦ᠂ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 12% ᠤᠷᠴᠢᠮ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠤᠷᠤᠯᠠᠭᠤᠯᠬᠤ ᠶᠡᠷᠦᠩᠭᠡᠢ ᠬᠡᠮᠵᠢᠶ᠎ᠡ ᠶᠢ 10 % ᠤᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠶᠢ ᠬᠠᠷᠢᠴᠠᠭᠤᠯᠵᠣ ᠪᠤᠯᠬᠤ ᠬᠡᠮᠵᠢᠶ᠎ᠠ ᠪᠠᠷ 6% ᠤᠷᠴᠢᠮ ᠨᠡᠮᠡᠭᠳᠡᠭᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢ ᠲᠤᠰᠪᠤᠷᠢ 8% ᠪᠠ 8.5% ᠤᠷᠴᠢᠮ ᠨᠡᠮᠡᠭᠳᠡᠭᠦᠯᠵᠦ᠂ ᠨᠢᠭᠡᠴᠢ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠦᠩᠭᠡᠢ ᠦᠷᠳᠡᠭ ᠤᠨ ᠡᠨᠧᠷᠬᠢ ᠶᠢᠨ ᠬᠤᠷᠤᠬᠳᠠᠯ ᠢ 3% ᠤᠷᠴᠢᠮ ᠢᠶᠠᠷ ᠪᠠᠭᠤᠷᠠᠭᠤᠯᠵᠦ᠂ ᠬᠤᠳᠠ ᠪᠠᠯᠭᠠᠰᠤᠨ ᠳᠤ ᠰᠢᠨ᠎ᠠ ᠪᠠᠷ 25 ᠲᠦᠮᠡᠨ ᠬᠦᠮᠦᠨ ᠳᠤ ᠠᠵᠢᠯ ᠣᠯᠭᠤᠵᠣ᠂ ᠤᠯᠤᠰ ᠠᠴᠠ ᠪᠠᠭᠤᠯᠭᠠᠬᠰᠠᠨ ᠡᠯ᠎ᠠ ᠵᠦᠢᠯ ᠤᠨ ᠬᠦᠯᠢᠶᠡᠰᠦᠯᠡᠬᠦ ᠴᠢᠨᠠᠷᠳᠠᠢ ᠭᠦᠢᠴᠡᠳᠭᠡᠬᠦ ᠲᠤᠭ᠎ᠠ ᠶᠢ ᠪᠦᠬᠦ ᠳᠠᠯ᠎ᠠ ᠪᠠᠷ ᠪᠡᠶᠡᠯᠡᠭᠦᠯᠦᠨ᠎ᠡ᠃      ᠪᠦ᠋ ᠰᠢᠶᠤᠤ ᠯᠢᠨ ᠬᠡᠯᠡᠭᠰᠡᠨ ᠨᠢ᠂ 2017 ᠤᠨ ᠳᠤ 12 ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠨ᠎ᠠ᠃ ᠲᠤᠬᠠᠶᠢᠢᠯᠠᠪᠠᠯ᠂ ︽ᠭᠤᠷᠪᠠ ᠶᠢ ᠪᠠᠭᠠᠰᠬᠠᠵᠣ ᠨᠢᠭᠡ ᠶᠢ ᠪᠠᠭᠤᠷᠠᠭᠤᠯᠵᠦ ᠨᠢᠭᠡ ᠶᠢ ᠨᠦᠬᠦᠪᠦᠷᠢᠯᠡᠭᠦ ︾ ᠶᠢ ᠬᠦᠨᠵᠡᠭᠡᠢ ᠠᠬᠢᠭᠤᠯᠤᠨ᠎ᠠ︔ ᠪᠦᠲᠦᠮᠵᠢᠳᠠᠢ ᠬᠡᠷᠡᠭᠴᠡᠭᠡ ᠶᠢ ᠢᠳᠡᠪᠬᠢᠳᠠᠢ ᠦᠷᠭᠡᠳᠭᠡᠨ᠎ᠠ︔ ᠮᠠᠯ ᠠᠵᠦ ᠠᠬᠤᠢ ᠲᠠᠷᠢᠶᠠᠯᠠᠩ ᠤᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠠᠯᠳᠠ ᠶᠢ ᠠᠬᠢᠭᠤᠯᠤᠨ᠎ᠠ︔ ᠠᠵᠦ ᠦᠢᠯᠡᠳᠪᠤᠷᠢ ᠶᠢᠨ ᠲᠤᠮᠳᠠ ᠲᠡᠭᠡᠳᠤ ᠲᠡᠰ ᠲᠡᠰᠢ ᠬᠦᠭᠵᠢᠭᠦ ᠶᠢ ᠠᠬᠢᠭᠤᠯᠤᠨ᠎ᠠ︔ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠢ ᠲᠦᠷᠭᠡᠳᠭᠡᠨ ᠬᠦᠭᠵᠢᠭᠦᠯᠦᠨ᠎ᠡ︔ ᠬᠤᠳᠠ ᠬᠦᠳᠡᠭᠡ ᠤᠷᠤᠨ ᠪᠦᠰᠡ ᠶᠢ ᠵᠤᠬᠢᠴᠠᠩᠭᠤᠢ ᠪᠠᠷ ᠬᠦᠭᠵᠢᠭᠦᠯᠭᠦ ᠲᠦᠪᠰᠢᠨ ᠢ ᠲᠡᠭᠡᠭᠰᠢᠯᠡᠭᠦᠯᠦᠨ᠎ᠠ︔ ᠦᠭᠡᠷᠡᠴᠢᠯᠠᠯᠳᠠ ᠨᠡᠭᠡᠭᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠦᠨ᠎ᠠ︔ ᠪᠤᠬᠢᠷᠳᠤᠯ ᠦᠭᠡᠢ ᠦᠪᠤᠷ ᠮᠤᠩᠭᠤᠯ ᠢ ᠪᠦᠲᠦᠭᠡᠨ ᠪᠠᠶᠢᠭᠤᠯᠤᠨ᠎ᠠ︔ ᠪᠦᠭᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠤᠨ᠎ᠠ︔ ᠰᠤᠶᠤᠯ ᠤᠷᠠᠯᠢᠭ ᠢ ᠪᠦᠭᠦ ᠲᠠᠯ᠎ᠠ ᠪᠠᠷ ᠴᠡᠴᠡᠭᠯᠡᠭᠦᠯᠦᠨ᠎ᠠ︔ ᠵᠠᠰᠠᠭ ᠤᠨ ᠤᠷᠳᠤᠨ ᠤ ᠳᠣᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠨ᠎ᠠ︔ ᠦᠨᠳᠦᠰᠦᠳᠡᠨ ᠤ ᠪᠦᠯᠭᠦᠮᠳᠠᠯ ᠲᠠᠪᠰᠢᠯᠳᠠ ᠶᠢᠨ ᠦᠢᠯᠡᠰ ᠤᠨ ᠰᠢᠨ᠎ᠠ ᠪᠠᠶᠢᠳᠠᠯ ᠢ ᠴᠢᠷᠮᠠᠶᠢᠨ ᠨᠡᠭᠡᠭᠡᠨ᠎ᠡ ᠭᠡᠪᠡ᠃      ︽ᠴᠢᠷᠮᠠᠶᠢᠨ ᠲᠡᠮᠡᠴᠡᠪᠡᠯ ᠰᠠᠶ᠋ᠢ ᠬᠦᠰᠡᠯ ᠵᠡᠭᠦᠳᠤ ᠪᠠᠨ ᠳᠡᠷᠭᠡᠯᠰᠢᠭᠦᠯᠵᠦ ᠴᠢᠳᠠᠨ᠎ᠠ︾᠃ ᠪᠦ᠋ ᠰᠢᠶᠤᠤ ᠯᠢᠨ ᠵᠢᠭᠠᠵᠦ ᠭᠠᠷᠭᠠᠬᠰᠠᠨ ᠨᠢ᠂ ᠪᠢᠳᠡ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠤᠷ ᠮᠠᠨᠳᠤᠭᠤᠯᠵᠦ᠂ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠭᠦᠮᠳᠠᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ᠂ ᠪᠦᠯᠭᠦᠮᠳᠠᠨ ᠲᠡᠮᠡᠴᠡᠵᠦ᠂ ᠴᠤᠴᠠᠯᠳᠠ ᠦᠭᠡᠢ ᠤᠷᠤᠬᠰᠢᠯᠠᠵᠦ᠂ ᠰᠢᠯᠢᠳᠡᠭ ᠠᠮᠵᠢᠯᠳᠠ ᠪᠠᠷ ᠢᠶᠠᠨ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠪᠠ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠤᠬᠳᠤᠵᠦ᠂ ᠡᠭᠡ ᠤᠯᠤᠰ ᠤᠨ ᠤᠮᠠᠷᠠᠳᠤ ᠶᠢᠨ ᠦᠵᠡᠰᠭᠦᠯᠠᠩᠳᠤ ᠰᠠᠶᠢᠬᠠᠨ ᠦᠵᠡᠮᠵᠢ ᠶᠢᠨ ᠤᠷᠤᠨ ᠤ ᠰᠢᠨ᠎ᠠ ᠬᠠᠭᠤᠳᠠᠰᠤ ᠶᠢ ᠪᠢᠴᠢᠭᠯᠡᠬᠦ ᠬᠡᠷᠡᠭᠳᠡᠢ ᠬᠡᠪᠡ᠃      ᠬᠤᠷᠠᠯ ᠤᠨ ᠵᠦᠪᠯᠡᠭᠦ ᠵᠦᠢᠯ ᠢ ᠦᠨᠳᠤᠰᠤᠯᠠᠵᠦ᠂ ᠶᠡᠭᠡ ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 2016 ᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠪᠠ 2017 ᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢᠨ ᠲᠦᠰᠦᠯ ᠤᠨ ᠮᠡᠳᠡᠭᠦᠯᠦᠯᠳᠡ︾ ᠪᠠ ︽ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ 2016 ᠤᠨ ᠤ ᠡᠳ᠋ ᠤᠨ ᠵᠠᠰᠠᠬ ᠤᠨ ᠲᠦᠰᠦᠪ ᠢ ᠭᠦᠢᠴᠡᠳᠭᠡᠭᠰᠡᠨ ᠪᠠᠶᠢᠳᠠᠯ ᠪᠠ 2017 ᠤᠨ ᠤ ᠡᠳ᠋ ᠤᠨ ᠵᠠᠰᠠᠬ ᠤᠨ ᠲᠦᠰᠦᠪ ᠤᠨ ᠲᠦᠰᠦᠯ ᠤᠨ ᠮᠡᠳᠡᠭᠦᠯᠦᠯᠳᠡ︾ ᠶᠢ ᠬᠢᠨᠠᠨ ᠪᠠᠶᠢᠴᠠᠭᠠᠪᠠ᠃      ᠳ᠋ᠦ᠋ ᠽᠢ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠰᠤᠩᠭᠤᠭᠤᠯᠢ ᠶᠢᠨ ᠠᠷᠭ᠎ᠠ ︵ᠲᠦᠰᠦᠯ︶︾ ᠳᠤ ᠲᠤᠳᠤᠷᠬᠠᠶᠢᠢᠯᠠᠯᠳᠠ ᠬᠢᠪᠠ᠃      ᠲᠡᠷᠢᠭᠦᠯᠡᠭᠴᠢᠳ ᠤᠨ ᠲᠠᠶᠢᠰᠠᠨ ᠳᠤ ᠰᠠᠭᠠᠳᠠᠭᠰᠠᠨ ᠦᠪᠡᠷᠳᠡᠭᠡᠨ ᠵᠠᠰᠬᠠᠤ ᠤᠷᠤᠨ ᠤ ᠨᠠᠮ ᠵᠠᠰᠠᠬ ᠴᠡᠷᠢᠭ ᠤᠨ ᠤᠳᠤᠷᠢᠳᠤᠯᠭ᠎ᠠ ᠳᠤ ᠪᠠᠰᠠ᠄ ᠵᠠᠩ ᠵᠢᠶᠠᠨ ᠮᠢᠨ᠂ ᠸᠠᠩ ᠯᠢ ᠰᠢᠶᠠ᠂ ᠽᠸᠡᠭ ᠢ ᠴᠦᠨ᠂ ᠯᠢᠤ ᠴᠢ ᠹᠠᠨ᠂ ᠵᠠᠩ ᠶᠤᠸᠠᠨ ᠵᠦᠡᠭ᠂ ᠶᠦᠨ ᠭᠤᠸᠠᠩ ᠵᠦᠡᠭ᠂ ᠰᠦᠡᠭ ᠯᠢᠶᠠᠩ᠂ ᠪᠠᠢ ᠢᠤᠢ ᠭᠠᠨᠭ᠌᠂ ᠯᠢᠤ ᠰᠢᠨ ᠯᠧ᠂ ᠸᠠᠩ ᠪᠦᠸᠧ᠂ ᠪᠠᠢ ᠰᠢᠶᠠᠩ ᠴᠢᠶᠦ᠋ᠨ᠂ ᠴᠠᠩ ᠵᠢᠶᠦ᠋ᠨ ᠵᠸᠡᠭ᠂ ᠶᠠᠩ ᠴᠸᠡᠭ ᠸᠠᠩ᠂ ᠴᠧᠨ ᠢᠤᠢ᠂ ᠹᠦ᠋ ᠲᠠᠢ ᠽᠸᠡᠭ᠂ ᠸᠠᠩ ᠵᠦᠡᠭ ᠾᠧ᠂ ᠳ᠋ᠦᠡᠭ ᠾᠸᠡᠭ ᠢᠤᠢ᠂ ᠵᠸᠡᠭ ᠹᠦ᠋ ᠲᠢᠶᠠᠨ᠂ ᠨᠢᠤ ᠭᠤᠸᠠᠩ ᠮᠢᠩ᠂ ᠴᠠᠩ ᠬᠠᠢ᠂ ᠯᠢᠶᠠᠩ ᠲᠢᠶᠧ ᠴᠸᠡᠭ᠂ ᠸᠠᠩ ᠬᠤᠸᠠᠨ ᠴᠸᠡᠭ᠂ ᠯᠦᠸᠧ ᡁᠢ ᠬᠤ᠋᠂ ᠵᠠᠩ ᠰᠢᠤ᠂ ᠮᠠ ᠵᠢᠶᠠᠨ ᠬᠠᠢ᠂ ᠰᠢᠶᠤᠤ ᠹᠠᠨᠭ᠌ ᠵᠢᠤᠢ ᠨᠠᠷ ᠪᠤᠢ᠃      ᠬᠠᠤᠯᠢ ᠳᠤ ᠲᠤᠬᠳᠠᠭᠠᠬᠰᠠᠨ ᠰᠤᠯᠠ ᠤᠷᠤᠯᠴᠠᠬᠰᠠᠳ ᠪᠠ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠳᠤᠭᠠᠷ ᠬᠤᠷᠠᠯ ᠠᠴᠠ ᠲᠤᠬᠳᠠᠭᠠᠬᠰᠠᠨ ᠰᠤᠯᠠ ᠤᠷᠤᠯᠴᠠᠬᠰᠠᠳ ᠠᠴᠠ ᠭᠠᠳᠠᠨ᠎ᠠ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠳᠤ ᠤᠷᠤᠯᠴᠠᠵᠣ ᠪᠠᠶᠢᠭ᠎ᠠ ᠪᠦᠭᠦ ᠭᠡᠰᠢᠭᠦᠳ ᠡᠨᠡ ᠣᠳᠠᠭ᠎ᠠ ᠶᠢᠨ ᠪᠦᠭᠦᠳᠡ ᠬᠤᠷᠠᠯ ᠳᠤ ᠰᠤᠯᠠ ᠤᠷᠤᠯᠴᠠᠵᠠᠢ
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号