ᠪᠦ᠋ ᠰᠢᠶᠣᠣ ᠯᠢᠨ᠄ ᠡᠯ᠎ᠠ ᠲᠠᠯ᠎ᠠ ᠶᠢᠨ ᠣᠶᠣᠨ ᠤᠬᠠᠭᠠᠨ ᠬᠦᠴᠦᠨ ᠴᠢᠳᠠᠯ ᠢ ᠨᠢᠬᠳᠠᠷᠠᠭᠤᠯᠵᠦ ᠰᠡᠳᠬᠢᠯ  ᠢᠶᠠᠨ ᠨᠢᠬᠡᠳᠭᠡᠨ ᠬᠦᠴᠦᠨ ᠢᠶᠠᠨ ᠬᠠᠮᠳᠣᠳᠬᠠᠵᠤ ᠦᠵᠡᠰᠬᠦᠯᠡᠩᠳᠣ ᠰᠠᠶᠢᠬᠠᠨ ᠬᠡᠷ ᠤᠷᠤᠨ ᠢᠶᠠᠨ ᠪᠦᠳᠦᠬᠡᠨ ᠪᠠᠶᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2017-01-16
     1 ᠳ᠋ᠤᠭᠡᠷ ᠰᠠᠷ᠎ᠡ ᠶᠢᠨ 15 ᠤ ᠦᠳᠡ ᠶᠢᠨ ᠡᠮᠤᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ  ᠬᠤᠷᠢᠶ᠎ᠠ  ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠬᠠᠮᠳᠤᠷᠠᠭᠰᠠᠨ ᠲᠤᠭᠤᠶᠢᠯᠠᠩ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ  ᠤᠨ ᠶᠠᠷᠢᠯᠴᠠᠭᠠᠨ ᠳᠤ ᠤᠷᠤᠯᠴᠠᠪᠡ᠃      1 ᠳ᠋ᠤᠭᠡᠷ ᠰᠠᠷ᠎ᠠ ᠶᠢᠨ 15 ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠣᠷᠣᠨ ᠤ ᠲᠡᠷᠢᠬᠦᠯᠡᠭᠴᠢ ᠪᠦ᠋ ᠰᠢᠶᠣᠣ ᠯᠢᠨ ᠦᠪᠡᠷᠳᠡᠭᠡᠨ ᠵᠠᠰᠠᠬᠤ ᠣᠷᠣᠨ ᠤ ᠣᠯᠣᠰ ᠲᠦᠷᠦ ᠶᠢᠨ ᠵᠦᠪᠯᠡᠯᠭᠡᠨ ᠤ ᠠᠷᠪᠠᠨ ᠨᠢᠬᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠣᠳᠣᠭᠠᠷ ᠬᠤᠷᠠᠯ ᠳᠤ ᠣᠷᠣᠯᠴᠠᠵᠤ ᠪᠠᠶᠢᠭ᠎ᠠ ᠮᠠᠯ ᠠᠵᠦ ᠠᠬᠤᠢ ᠲᠠᠷᠢᠶᠠᠯᠠᠩ᠂ ᠰᠣᠷᠭᠠᠨ ᠬᠦᠮᠦᠵᠢᠯ᠂ ᠰᠣᠶᠣᠯ ᠣᠷᠠᠯᠢᠬ᠂ ᠡᠮ ᠡᠮᠨᠡᠯᠭᠡ ᠡᠷᠡᠬᠦᠯ ᠬᠠᠮᠠᠭᠠᠯᠠᠯ᠂ ᠪᠡᠶ᠎ᠠ ᠶᠢᠨ ᠲᠠᠮᠢᠷ᠂ ᠰᠣᠨᠢᠨ ᠮᠡᠳᠡᠭᠡ ᠬᠡᠪᠯᠡᠯ᠂ ᠨᠡᠶᠢᠬᠡᠮ ᠤᠨ ᠠᠰᠠᠷᠠᠮᠵᠢ᠂ ᠨᠠᠶᠢᠬᠡᠮ ᠤᠨ ᠪᠠᠳᠣᠯᠠᠪᠣᠷᠢ ᠵᠡᠷᠭᠡ ᠡᠳᠡᠭᠡᠳ ᠤᠨ ᠬᠢᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠬᠤ ᠳᠤ ᠤᠷᠤᠯᠴᠠᠪᠠ᠃      ᠶᠠᠷᠢᠯᠴᠠᠬᠤ ᠲᠣᠮᠳᠠ᠂ ᠣᠯᠣᠰ ᠲᠦᠷᠦ ᠶᠢᠨ ᠬᠡᠰᠢᠬᠦᠳ ᠢᠳᠡᠪᠬᠢᠳᠡᠢ ᠪᠠᠷ ᠰᠠᠨᠠᠯ ᠰᠠᠨᠠᠭᠤᠯᠭ᠎ᠠ ᠪᠠᠨ ᠶᠠᠷᠢᠵᠠᠭᠠᠪᠠ᠃ ᠡᠾᠧ ᠵᠢᠶᠠᠩ᠂ ᠸᠧᠢ ᠱᠠᠨ ᠬᠤ᠋᠂ ᠣᠯᠠᠭᠠᠨ᠂ ᠳ᠋ᠸᠤ ᠴᠠᠩ ᠦ᠋᠂ ᠶᠠᠩ ᠢᠣᠢ ᠴᠢ᠂  ᠤᠳᠠᠨᠮᠦ᠋ᠴᠢᠷ ᠂ ᠯᠢ ᠴᠢᠶᠠᠩ᠂ ᠸᠠᠩ ᠶᠢᠨ᠂ ᠨᠢᠩ ᠼᠠᠢ᠂ ᠯᠢ ᠱᠦ ᠷᠦᠩ᠂ ᠴᠧᠨ ᠶᠦᠩ ᡁᠢ᠂ ᠵᠠᠩ ᠰᠢᠶᠣᠣ ᠫᠢᠩ᠂ ᠲᠠᠯ᠎ᠠ᠂ ᠭᠤᠮᠪᠣᠵᠠᠪ᠂ ᠮᠠᠶᠢᠯᠠᠰᠦ᠂ ᠡᠾᠧ ᠶᠢᠨ᠂ ᠰᠢᠦᠢ ᠶᠢᠩ᠂ ᠡᠾᠦ᠋ᠸᠧ ᠬᠤᠸᠠ ᠵᠡᠷᠭᠡ 18 ᠬᠡᠰᠢᠬᠦᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠭᠤᠷᠢᠨ ᠳᠤ᠂ ᠦᠪᠡᠷ ᠦᠪᠡᠷ ᠤᠨ ᠢᠶᠠᠨ ᠠᠵᠢᠯ ᠤᠨ ᠪᠣᠳᠠᠳᠠᠢ ᠪᠠᠶᠢᠳᠠᠯ ᠲᠠᠢ ᠪᠠᠨ ᠣᠶᠠᠯᠳᠣᠭᠤᠯᠣᠨ᠂ ᠲᠡᠭᠡᠳᠦ ᠲᠡᠰ ᠤᠨ ᠰᠢᠨᠵᠢᠯᠡᠬᠦ ᠣᠬᠠᠭᠠᠨ ᠮᠡᠷᠭᠡᠵᠢᠯ ᠤᠨ ᠴᠢᠳᠠᠪᠣᠷᠢᠳᠠᠨ ᠢ ᠤᠷᠢᠨ ᠠᠪᠴᠢᠷᠠᠬᠤ ᠪᠠ ᠬᠦᠮᠦᠵᠢᠬᠦᠯᠬᠦ᠂ ᠠᠷᠠᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠲᠦᠷᠭᠡᠨ ᠬᠦᠭᠵᠢᠯᠳᠡ ᠶᠢ ᠠᠬᠢᠭᠤᠯᠬᠤ᠂ ᠮᠣᠩᠭᠤᠯ ᠬᠢᠳᠡᠳ ᠡᠮ ᠡᠮᠨᠡᠯᠭᠡ ᠶᠢᠨ ᠦᠢᠯᠡᠰ ᠢ ᠬᠦᠭᠵᠢᠬᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠬᠦᠯᠬᠦ᠂ ᠦᠨᠳᠣᠰᠣᠳᠠᠨ ᠤ ᠰᠢᠯᠢᠳᠡᠭ ᠰᠣᠶᠣᠯ ᠢ ᠣᠯᠠᠮᠵᠢᠯᠠᠨ ᠪᠠᠳᠠᠷᠠᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠪᠠᠨ ᠲᠣᠷᠠᠳᠪᠠ᠃ ᠪᠦ᠋ ᠰᠢᠶᠣᠣ ᠯᠢᠨ ᠬᠡᠰᠢᠬᠦᠳ ᠤᠨ ᠭᠡᠯᠡᠬᠦ ᠶᠢ ᠬᠢᠨᠠᠮᠠᠭᠠᠢ ᠰᠣᠨᠣᠰᠬᠤ ᠶᠢᠨ ᠬᠠᠮᠳᠤ ᠣᠯᠠᠨ ᠲᠠᠢ ᠰᠠᠨᠠᠯ ᠢᠶᠠᠨ ᠰᠣᠯᠢᠯᠴᠠᠪᠠ᠃ ᠲᠡᠷᠡ᠂ ᠣᠯᠠᠨ ᠤ ᠲᠣᠷᠠᠳᠣᠬᠰᠠᠨ ᠰᠠᠨᠠᠯ ᠰᠠᠨᠠᠭᠤᠯᠭ᠎ᠠ ᠮᠠᠰᠢ ᠦᠷᠳᠡᠭ ᠲᠠᠢ᠂ ᠠᠰᠠᠭᠤᠳᠠᠯ ᠤᠨ ᠣᠬᠠᠮᠰᠠᠷ᠂ ᠬᠠᠷᠢᠭᠤᠴᠠᠯᠭ᠎ᠠ ᠶᠢᠨ ᠣᠬᠠᠮᠰᠠᠷ ᠪᠣᠯᠣᠨ ᠦᠬᠡᠷᠡᠴᠢᠯᠡᠯᠳᠡ ᠬᠢᠵᠦ ᠰᠢᠨ᠎ᠡ ᠶᠢ ᠡᠬᠦᠳᠬᠦ ᠵᠣᠷᠢᠬ ᠰᠠᠨᠠᠭ᠎ᠠ ᠶᠢ ᠢᠯᠡᠷᠡᠬᠦᠯᠵᠦ ᠪᠠᠶᠢᠨ᠎ᠠ᠃ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠨᠠᠮᠠᠭᠠᠢ ᠰᠣᠳᠣᠯᠵᠦ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠣᠨ ᠲᠠᠷᠠᠭᠠᠴᠢ ᠶᠢᠨ ᠠᠵᠢᠯ ᠲᠣᠮᠳᠠ ᠪᠠᠨ ᠬᠦᠢᠴᠡᠳ ᠰᠢᠩᠬᠡᠬᠡᠨ ᠠᠪᠣᠨ᠎ᠠ ᠬᠡᠵᠦ ᠢᠯᠡᠳᠬᠡᠪᠡ᠃      ᠪᠦ᠋ ᠰᠢᠶᠣᠣ ᠯᠢᠨ ᠴᠢᠬᠤᠯᠠᠴᠢᠯᠠᠬᠰᠠᠨ ᠨᠢ᠂ ᠣᠳᠣᠬᠠᠨ ᠤ ᠨᠠᠷᠢᠨ ᠪᠣᠳᠣᠯᠢᠶᠠᠨᠳᠠᠢ ᠠᠵᠦ ᠠᠬᠤᠢ ᠶᠢᠨ ᠪᠠᠶᠢᠳᠠᠯ ᠪᠡ ᠪᠡᠷᠭᠡ ᠬᠠᠳᠠᠭᠤᠵᠢᠯᠳᠠᠢ ᠦᠬᠡᠷᠡᠴᠢᠯᠡᠯᠳᠡ ᠬᠦᠭᠵᠢᠯᠳᠡ ᠲᠣᠬᠳᠠᠭᠤᠨ ᠤ ᠡᠬᠦᠷᠭᠡ ᠳᠤ ᠬᠠᠨᠳᠣᠵᠦ᠂ ᠪᠢᠳᠠ ᠲᠦᠪ  ᠤᠨ ᠪᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠠ ᠵᠦᠢᠯ ᠤᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠣᠯᠳᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠦ᠂ ᠲᠣᠳᠠᠭᠤᠳᠠᠯ ᠳᠤ ᠠᠩᠬᠠᠷᠣᠯ ᠢᠶᠠᠨ ᠬᠠᠨᠳᠣᠭᠤᠯᠵᠦ᠂ ᠭᠤᠣᠯᠳᠠᠯᠭ᠎ᠠ ᠪᠠᠨ ᠲᠣᠪᠣᠶᠢᠯᠭᠠᠨ᠂ ᠪᠦᠬᠦ ᠵᠢᠯ ᠤᠨ ᠬᠠᠷᠠᠯᠳᠠ ᠡᠬᠦᠷᠭᠡ ᠪᠠᠨ ᠲᠡᠬᠦᠰ ᠠᠮᠵᠢᠯᠳᠠᠳᠠᠢ ᠪᠠᠶᠡᠯᠡᠬᠦᠯᠬᠦ ᠬᠡᠷᠡᠭᠳᠡᠢ᠃ ᠰᠢᠨ᠎ᠡ ᠶᠢ ᠡᠬᠦᠳᠬᠦ ᠬᠦᠭᠵᠢᠯᠳᠠ ᠶᠢ ᠲᠣᠪᠣᠶᠢᠮ᠎ᠠ ᠪᠠᠶᠢᠷᠢᠨ ᠳᠤ ᠲᠠᠯᠪᠢᠵᠦ᠂ ᠰᠣᠷᠭᠠᠨ ᠬᠦᠮᠦᠵᠢᠯ ᠢ ᠲᠦᠷᠦᠬᠦᠯᠡᠨ ᠬᠦᠭᠵᠢᠬᠦᠯᠬᠦ ᠪᠠᠶᠢᠯᠳᠣᠬᠤ ᠪᠣᠳᠣᠯᠭ᠎ᠠ ᠶᠢ ᠪᠠᠷᠢᠮᠳᠠᠯᠠᠵᠦ᠂ ᠨᠡᠩ ᠶᠡᠭᠡ ᠲᠠᠳᠠᠬᠤ ᠬᠦᠴᠦᠨ ᠲᠠᠢ ᠴᠢᠳᠠᠪᠣᠷᠢᠳᠠᠨ ᠤ ᠲᠦᠷᠦ ᠶᠢᠨ ᠪᠣᠳᠣᠯᠭ᠎ᠠ ᠶᠢ ᠲᠣᠭᠳᠠᠭᠠᠬᠤ ᠬᠡᠷᠡᠭᠳᠡᠢ᠃ ᠣᠯᠠᠨ ᠠᠷᠭ᠎ᠠ ᠵᠠᠮ ᠢᠶᠠᠷ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠬᠦᠯᠵᠦ᠂ ᠴᠦᠬᠡᠨ ᠲᠣᠭᠠᠳᠣ ᠦᠨᠳᠣᠰᠣᠳᠠᠨ ᠲᠦᠪᠯᠡᠷᠡᠨ ᠰᠠᠭᠤᠷᠢᠰᠢᠬᠰᠠᠨ ᠭᠠᠵᠠᠷ ᠣᠷᠣᠨ ᠳᠤ ᠵᠦᠷᠢᠶᠠᠴᠢᠬᠦᠯᠤᠨ ᠲᠡᠮᠵᠢᠬᠦ ᠲᠦᠷᠦ ᠶᠢᠨ ᠪᠣᠳᠣᠯᠭ᠎ᠠ ᠶᠢ ᠴᠢᠨᠠᠬᠰᠢᠳᠠ ᠨᠠᠶᠢᠳᠠᠪᠣᠷᠢᠵᠢᠭᠤᠯᠬᠤ ᠬᠡᠷᠡᠭᠳᠡᠢ᠃ ᠪᠣᠬᠢᠷᠳᠣᠯ ᠦᠬᠡᠢ ᠴᠢᠨᠠᠷ ᠰᠠᠶᠢᠳᠠᠢ ᠲᠠᠷᠢᠶᠠᠯᠠᠩ ᠮᠠᠯ ᠤᠨ ᠠᠰᠢᠬ ᠰᠢᠮ᠎ᠠ ᠶᠢᠨ ᠪᠦᠳᠦᠬᠡᠭᠳᠡᠬᠦᠨ ᠤ ᠬᠠᠩᠭᠠᠯᠭ᠎ᠠ ᠶᠢ ᠦᠷᠭᠡᠳᠬᠡᠵᠦ᠂ ᠪᠣᠬᠢᠷᠳᠣᠯ ᠦᠬᠡᠢ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠪᠣᠢ ᠪᠣᠯᠭᠠᠵᠦ᠂ ᠦᠪᠣᠷ ᠮᠣᠩᠭᠤᠯ ᠤᠨ ᠪᠣᠬᠢᠷᠳᠣᠯ ᠦᠬᠡᠢ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠢ ᠪᠦᠬᠦ ᠣᠯᠣᠰ ᠲᠡᠷᠡᠴᠢᠯᠡᠨ ᠪᠦᠬᠦ ᠲᠡᠯᠡᠬᠡᠢ ᠳᠤ ᠲᠠᠨᠢᠭᠤᠯᠬᠤ ᠭᠡᠷᠡᠭᠳᠡᠢ᠃ ᠲᠣᠭᠳᠠᠭᠤᠨ᠂ ᠦᠷᠬᠦᠯᠵᠢᠯᠡᠬᠦ ᠪᠡᠯᠡ ᠣᠷᠣᠭᠤᠯᠣᠯᠳᠠ ᠶᠢᠨ ᠲᠣᠭᠳᠠᠴᠠ ᠶᠢ ᠪᠠᠶᠢᠭᠤᠯᠵᠦ᠂ ᠮᠣᠩᠭᠤᠯ ᠡᠮ ᠡᠮᠨᠡᠯᠭᠡ ᠶᠢᠨ ᠦᠢᠯᠡᠰ ᠤᠨ ᠬᠦᠭᠵᠢᠯᠳᠡ ᠶᠢ ᠠᠬᠢᠭᠤᠯᠤᠨ᠂ ᠦᠨᠳᠣᠰᠣᠨ ᠡᠮ ᠡᠮᠨᠡᠯᠭᠡ ᠡᠷᠡᠬᠦᠯ ᠬᠠᠮᠠᠭᠠᠯᠠᠯ ᠤᠨ ᠰᠢᠰᠲ᠋ᠧᠮᠵᠢ ᠶᠢ ᠪᠦᠷᠢᠨᠰᠢᠬᠦᠯᠵᠦ᠂ ᠦᠨᠳᠣᠰᠣᠨ ᠱᠠᠳᠣᠨ ᠤ ᠡᠮᠴᠢᠯᠡᠭᠡᠨ ᠤ ᠦᠢᠯᠡᠴᠢᠯᠡᠭᠡ ᠶᠢᠨ ᠲᠦᠪᠰᠢᠨ ᠢ ᠲᠡᠭᠡᠭᠰᠢᠯᠡᠬᠦᠯᠬᠦ ᠬᠡᠷᠡᠭᠳᠡᠢ ᠬᠡᠵᠡᠢ᠃      ᠪᠦ᠋ ᠰᠢᠶᠣᠣ ᠯᠢᠨ ᠪᠦᠬᠦ ᠣᠷᠣᠨ ᠤ ᠣᠯᠣᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠵᠠᠰᠠᠭ ᠤᠨ ᠣᠷᠳᠣᠨ ᠤ ᠠᠵᠢᠯ ᠢ ᠶᠡᠬᠡᠪᠡᠷ ᠲᠡᠮᠵᠢᠵᠦ ᠪᠠᠶᠢᠬᠤ ᠳᠤ ᠬᠦᠨ ᠲᠠᠯᠠᠷᠬᠠᠪᠠ᠃ ᠲᠡᠷᠡ ᠵᠢᠭᠠᠵᠦ ᠭᠠᠷᠭᠠᠬᠰᠠᠨ ᠨᠢ᠂ ᠣᠯᠣᠰ ᠲᠦᠷᠦ ᠶᠢᠨ ᠵᠦᠪᠯᠡᠯᠭᠡᠨ ᠨᠢ ᠨᠡᠶᠢᠬᠡᠮ ᠤᠨ ᠡᠯ᠎ᠡ ᠡᠳᠡᠭᠡᠳ ᠤᠨ ᠰᠢᠯᠢᠳᠡᠭ ᠴᠢᠳᠠᠪᠣᠷᠢᠳᠠᠨ ᠢᠶᠠᠷ ᠪᠦᠷᠢᠯᠳᠦᠵᠡᠢ ᠂ ᠣᠯᠣᠰ ᠲᠦᠷᠦ ᠶᠢᠨ ᠵᠦᠪᠯᠡᠯᠬᠡᠨ ᠤ ᠬᠡᠰᠢᠬᠦᠨ ᠤ ᠰᠠᠨᠠᠯ ᠰᠠᠨᠠᠭᠤᠯᠭ᠎ᠠ ᠶᠢ ᠬᠦᠢᠴᠡᠳ ᠰᠣᠨᠣᠰᠬᠤ ᠪᠣᠯ ᠵᠦᠪᠯᠡᠬᠦ ᠠᠷᠠᠳᠴᠢᠯᠠᠯ ᠤᠨ ᠱᠠᠭᠠᠷᠳᠠᠯᠭ᠎ᠠ ᠮᠦᠨ᠂ ᠮᠦᠨ ᠴᠤ ᠵᠠᠰᠠᠭ ᠤᠨ ᠣᠷᠳᠣᠨ ᠤ ᠰᠢᠨᠵᠢᠯᠡᠬᠦ ᠣᠬᠠᠭᠠᠨᠴᠢ ᠪᠠᠷ ᠰᠢᠢᠳᠪᠦᠷᠢ ᠲᠣᠭᠳᠠᠭᠠᠬᠤ᠂ ᠠᠷᠠᠳᠴᠢᠯᠠᠯ ᠢᠶᠠᠷ ᠰᠢᠢᠳᠪᠦᠷᠢ ᠲᠣᠭᠳᠠᠭᠠᠬᠤ  ᠶᠢᠨ ᠱᠠᠭᠠᠷᠳᠠᠯᠭ᠎ᠠ ᠮᠦᠨ᠃ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠲᠠᠪᠠᠭᠤᠯᠢᠬ ᠢᠶᠠᠨ ᠪᠠᠳᠠᠷᠠᠭᠤᠯᠣᠨ᠂ ᠵᠠᠰᠠᠭ ᠤᠨ ᠣᠷᠳᠣᠨ ᠤ ᠠᠵᠢᠯ ᠳᠤ ᠡᠷᠬᠢᠮ ᠰᠠᠨᠠᠯ ᠢᠶᠠᠨ ᠢᠯᠡᠬᠦᠬᠡᠨ ᠲᠡᠪᠰᠢᠬᠦᠯᠵᠦ ᠪᠠᠶᠢᠬᠤ ᠶᠢ ᠬᠦᠰᠡᠵᠦ ᠪᠠᠶᠢᠨ᠎ᠠ᠂ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠦᠷᠬᠦᠯᠵᠢᠯᠡᠨ ᠣᠯᠣᠰ ᠲᠦᠷᠦ ᠶᠢᠨ ᠵᠦᠪᠯᠡᠯᠭᠡᠨ ᠤ ᠬᠡᠰᠢᠬᠦᠳ ᠤᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠢ ᠲᠡᠮᠵᠢᠵᠦ᠂ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠣᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ ᠠᠵᠢᠯ ᠢ ᠴᠢᠨᠠᠬᠰᠢᠳᠠ ᠴᠢᠩᠭᠠᠳᠬᠠᠨ ᠰᠠᠶᠢᠵᠢᠷᠠᠭᠤᠯᠣᠨ᠎ᠠ ᠬᠡᠪᠠ᠃      ᠦᠪᠡᠷᠳᠡᠭᠡᠨ ᠵᠠᠰᠠᠬᠤ ᠣᠷᠣᠨ ᠤ ᠣᠳᠣᠷᠢᠳᠣᠯᠭ᠎ᠠ ᠪᠠᠢ ᠰᠢᠶᠠᠩ ᠴᠢᠶᠦ᠋ᠨ᠂ ᠴᠧᠨ ᠢᠦᠢ᠂ ᠴᠠᠩ ᠬᠠᠢ᠂ ᠯᠦᠸᠧ ᡁᠢ ᠬᠤ᠋᠂ ᠸᠠᠩ ᠵᠦᠡᠭ ᠾᠧ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号