ᠷᠧᠨ ᠶᠠ ᠫᠢᠩ ᠲᠤᠮᠲᠠᠲᠤ ᠤᠯᠤᠰ ᠤᠨ ᠡᠪ ᠬᠠᠮᠲᠦ ᠨᠠᠮ ᠤᠨ ᠡᠲᠡᠭᠡᠳ ᠤᠨ ᠬᠡᠰᠢᠭᠦᠳ ᠲᠠᠢ ᠬᠠᠮᠲᠦ ︽ᠬᠤᠶᠠᠷ ᠮᠡᠳᠡᠭᠦᠯᠦᠯᠲᠡ︾ ᠶᠢ ᠬᠢᠨᠠᠨ ᠵᠦᠪᠯᠡᠪᠡ
ᠨᠡᠶᠢᠲᠡᠯᠡᠭᠰᠡᠨ ᠴᠠᠭ᠄
2017-01-16
     1 ᠳ᠋ᠤᠭᠡᠷ ᠰᠠᠷ᠎ᠠ ᠶᠢᠨ 13 ᠤ ᠡᠳᠦᠷ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠷᠧᠨ ᠶᠠ ᠫᠢᠩ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠲᠡᠭᠡᠳ ᠤᠨ ᠬᠡᠰᠢᠭᠦᠳ ᠲᠠᠢ ᠬᠠᠮᠲᠤ ᠪᠠᠷ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠬᠢᠨᠠᠨ ᠵᠦᠪᠯᠡᠵᠠᠢ᠃      1 ᠳ᠋ᠤᠭᠡᠷ ᠰᠠᠷ᠎ᠠ ᠶᠢᠨ 13 ᠤ ᠦᠲᠡ ᠶᠢᠨ ᠬᠤᠶᠢᠨ᠎ᠠ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠲᠤᠭᠤᠶᠢᠯᠠᠩ ᠬᠤᠪᠢᠶᠠᠨ ᠶᠠᠷᠢᠯᠴᠠᠪᠠ᠃ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠷᠧᠨ ᠶᠠ ᠫᠢᠩ ᠲᠤᠮᠲᠠᠲᠤ ᠤᠯᠤᠰ ᠤᠨ ᠡᠪ ᠬᠠᠮᠲᠦ ᠨᠠᠮ ᠤᠨ ᠡᠲᠡᠭᠡᠳ ᠤᠨ ᠬᠡᠰᠢᠭᠦᠳ ᠲᠠᠢ ᠬᠠᠮᠲᠦ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠲᠡᠭᠦᠯᠦᠯᠲᠡ ᠪᠠ ᠰᠠᠨᠠᠯ ᠲᠤᠷᠠᠳᠤᠯᠭ᠎ᠠ ᠶᠢᠨ ᠠᠵᠢᠯ ᠤᠨ ᠮᠡᠳᠡᠭᠦᠯᠦᠯᠳᠡ ᠶᠢ ᠬᠢᠨᠠᠨ ᠵᠦᠪᠯᠡᠪᠡ᠃      ᠲᠤᠭᠤᠶᠢᠯᠠᠩ ᠬᠤᠪᠢᠶᠠᠨ ᠶᠠᠷᠢᠯᠴᠠᠬᠤ ᠬᠤᠷᠠᠯ ᠤᠨ ᠲᠠᠯᠠᠪᠠᠢ ᠳᠤ᠂ ᠬᠡᠰᠢᠬᠦᠳ ᠤᠯᠤᠰ ᠲᠦᠷᠦ ᠶᠢᠨ ᠵᠦᠪᠯᠡᠯᠭᠡᠨ ᠤ ᠪᠠᠶᠢᠡᠭᠭᠤ ᠶᠢᠨ ᠬᠤᠷᠢᠶ᠎ᠠ ᠶᠢᠨ ᠠᠵᠢᠯ ᠤᠨ ᠮᠡᠳᠡᠬᠦᠯᠦᠯᠳᠡ ᠪᠠ ᠰᠠᠨᠠᠯ ᠲᠤᠷᠠᠳᠤᠯᠭ᠎ᠠ ᠶᠢᠨ ᠠᠵᠢᠯ ᠤᠨ ᠮᠡᠳᠡᠭᠦᠯᠦᠯᠳᠡ ᠶᠢᠨ ᠲᠤᠭᠤᠷᠢᠨ ᠳᠤ ᠦᠪᠡᠷ ᠦᠪᠡᠷ ᠤᠨ ᠰᠠᠨᠠᠯ ᠪᠤᠳᠥᠯ ᠢᠶᠠᠨ ᠲᠡᠯᠭᠡᠨ ᠠᠭᠤᠵᠢᠷᠠᠳᠠᠯ᠎ᠠ ᠶᠠᠷᠢᠯᠴᠠᠵᠠᠭᠠᠵᠠᠢ᠃ ᠬᠡᠰᠢᠬᠦᠳ ᠤᠨ ᠦᠵᠡᠭᠦ ᠪᠠᠷ᠂ ᠤᠯᠤᠰ ᠲᠦᠷᠤ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠰᠢᠨ᠎ᠠ ᠶᠢ ᠡᠬᠦᠳᠤᠨ ᠪᠤᠳᠠᠳᠠᠢ ᠶᠢ ᠡᠷᠬᠢᠮᠯᠠᠵᠤ᠂ ᠬᠦᠮᠦᠰ ᠢ ᠤᠷᠮᠠᠰᠢᠭᠤᠯᠤᠨ ᠵᠤᠷᠢᠬᠵᠢᠭᠤᠯᠵᠤ᠂ 2016 ᠤᠨ ᠤ ᠠᠵᠢᠯ ᠤᠨ ᠠᠮᠵᠢᠯᠳᠡ ᠶᠢ ᠦᠨᠡᠨ ᠪᠤᠳᠠᠳᠠᠢ ᠪᠠᠷ ᠮᠡᠳᠡᠭᠦᠯᠵᠤ᠂ ᠤᠳᠤᠬᠠᠨ ᠤ ᠪᠠᠶᠢᠳᠠᠯ ᠪᠠ ᠡᠭᠦᠷᠭᠡ ᠳᠤ ᠬᠦᠨᠵᠡᠭᠡᠢ ᠵᠠᠳᠠᠯᠤᠯᠳᠠ ᠬᠢᠵᠤ᠂ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠱᠠᠭᠠᠷᠳᠠᠯᠭ᠎ᠠ ᠶᠢ ᠲᠤᠳᠤᠷᠬᠠᠶᠢᠯᠠᠵᠤ᠂ ᠬᠡᠰᠢᠭᠦᠳ ᠤᠨ ᠲᠤᠰᠢᠶᠠᠯ ᠢᠶᠠᠨ ᠬᠦᠢᠴᠡᠳᠭᠡᠭᠦ ᠳᠤ ᠴᠢᠭᠯᠡᠯ ᠢ ᠵᠢᠭᠠᠨ ᠦᠭᠴᠡᠢ᠃ ᠤᠯᠠᠨ ᠢᠶᠠᠷ ᠢᠶᠠᠨ ᠢᠯᠡᠷᠭᠡᠶᠢᠯᠡᠭᠰᠡᠨ ᠨᠢ᠂ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠪᠠ ᠰᠠᠨᠠᠯ ᠲᠤᠷᠠᠳᠤᠯᠭ᠎ᠠ ᠶᠢᠨ ᠠᠵᠢᠯ ᠤᠨ ᠡᠭᠦᠷᠭᠡ ᠱᠠᠭᠠᠷᠳᠠᠯᠭ᠎ᠠ ᠶᠢ ᠬᠦᠴᠦᠯᠡᠨ ᠰᠠᠶᠢᠳᠤᠷ ᠨᠡᠶᠢᠳᠡᠪᠦᠷᠢᠵᠢᠭᠤᠯᠵᠤ᠂ ᠭᠤᠤᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠵᠤ᠂ ᠤᠯᠤᠰ ᠲᠦᠷᠦ ᠶᠢᠨ ᠵᠦᠪᠯᠡᠯᠭᠡᠨ ᠤ ᠤᠶᠤᠨ ᠤᠬᠠᠭᠠᠨ ᠤᠢ ᠪᠢᠯᠢᠭ ᠪᠠ ᠬᠦᠴᠦᠨ ᠴᠢᠳᠠᠯ ᠢ ᠬᠦᠢᠴᠡᠳ ᠪᠠᠳᠠᠷᠠᠭᠤᠯᠤᠨ᠂ ᠤᠯᠤᠰ ᠲᠦᠷᠦ ᠶᠢᠨ ᠵᠦᠪᠯᠡᠯᠭᠡᠨ ᠤ ᠲᠠᠷᠬᠠᠨ ᠡᠭᠦᠷᠭᠡ ᠶᠢ ᠡᠭᠦᠷᠭᠡᠯᠡᠵᠤ᠂ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠦᠳᠦᠭᠡᠨ ᠪᠠᠶᠢᠭᠤᠯᠬᠤ ᠳᠤ ᠬᠦᠴᠦᠨ ᠨᠡᠮᠡᠷᠢᠯᠡᠵᠤ ᠭᠠᠪᠢᠶ᠎ᠠ ᠪᠠᠶᠢᠭᠤᠯᠤᠨ᠎ᠠ ᠬᠡᠵᠡᠭᠡᠪᠡ᠃ ᠬᠡᠰᠢᠭᠦᠳ ᠤᠨ ᠶᠠᠷᠢᠬᠤ ᠶᠢ ᠬᠢᠨᠠᠮᠠᠭᠠᠢ ᠰᠤᠨᠤᠰᠤᠬᠰᠠᠨ ᠤ ᠲᠠᠷᠠᠭ᠎ᠠ᠂ ᠷᠧᠨ ᠶᠠ ᠫᠢᠩ ᠵᠢᠭᠠᠵᠦ ᠭᠠᠷᠭᠠᠬᠰᠠᠨ ᠨᠢ᠂ ᠤᠳᠤᠬᠠᠨ ᠤ ᠤᠯᠤᠰ ᠲᠦᠷᠦ ᠶᠢᠨ ᠵᠦᠪᠯᠡᠯᠭᠡᠨ ᠤ ᠡᠭᠦᠷᠭᠡ ᠪᠤᠯ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠡᠶᠢᠳᠡᠪᠦᠷᠢᠵᠢᠭᠤᠯᠬᠤ ᠲᠤᠭᠤᠷᠢᠨ ᠳᠤ᠂ ᠲᠤᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠭᠦ ᠶᠠᠪᠤᠳᠠᠯ ᠪᠤᠯᠤᠨ᠎ᠠ᠃ ᠤᠯᠤᠰ ᠲᠦᠷᠦ ᠶᠢᠨ ᠵᠦᠪᠯᠡᠯᠭᠡᠨ ᠤ ᠭᠤᠤᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠵᠤ᠂ ᠲᠠᠷᠤᠢ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠲᠤᠷᠠᠳᠤᠬᠰᠠᠨ ᠬᠠᠷᠠᠯᠳᠠ ᠡᠭᠦᠷᠭᠡ ᠶᠢᠨ ᠲᠤᠭᠤᠷᠢᠨ ᠳᠤ᠂ ᠠᠷᠭ᠎ᠠ ᠪᠤᠳᠤᠯᠭ᠎ᠠ ᠲᠡᠪᠰᠢᠭᠦᠯᠭᠦ ᠲᠤᠭ᠎ᠠ ᠬᠡᠮᠵᠢᠶ᠎ᠠ ᠶᠢ ᠴᠢᠬᠤᠯᠠᠴᠢᠯᠠᠬᠤ ᠪᠦᠭᠡᠳ ᠠᠷᠭ᠎ᠠ ᠪᠤᠳᠤᠯᠭ᠎ᠠ ᠶᠢᠨ ᠴᠢᠨᠠᠷ ᠴᠢᠨᠰᠠᠭ᠎ᠠ ᠶᠢ ᠨᠡᠩ ᠴᠢᠬᠤᠯᠠᠴᠢᠯᠠᠵᠤ᠂ ᠲᠤᠰᠢᠶᠡᠯ ᠢᠶᠠᠨ ᠬᠦᠢᠴᠡᠳᠭᠡᠭᠦ ᠠᠷᠭ᠎ᠠ ᠪᠤᠳᠤᠯᠭ᠎ᠠ ᠶᠢᠨ ᠰᠤᠳᠤᠨ ᠪᠦᠳᠦᠭᠡᠯ ᠢ ᠢᠯᠡᠭᠦᠦ ᠭᠠᠷᠭᠠᠵᠤ᠂ ᠦᠪᠡᠷᠳᠡᠭᠡᠨ ᠵᠠᠰᠠᠬᠤ ᠤᠷᠤᠨ ᠤ ᠬᠦᠭᠵᠢᠯᠳᠡ ᠳᠤ ᠬᠦᠴᠦᠨ ᠨᠡᠮᠡᠷᠢᠯᠡᠭᠦ ᠬᠡᠷᠡᠭᠳᠡᠢ ᠬᠡᠵᠡᠢ᠃      ᠷᠧᠨ ᠶᠠ ᠫᠢᠩ ᠵᠢᠭᠠᠵᠦ ᠭᠠᠷᠭᠠᠬᠰᠠᠨ ᠨᠢ᠂ ᠠᠷᠠᠳᠴᠢᠯᠡᠯ ᠢᠶᠠᠷ ᠬᠢᠨᠠᠯᠳᠠ ᠲᠠᠯᠪᠢᠬᠤ ᠪᠤᠯ ᠤᠯᠤᠰ ᠲᠦᠷᠦ ᠶᠢᠨ ᠵᠦᠪᠯᠡᠯᠭᠡᠨ ᠤ ᠲᠤᠰᠢᠶᠠᠯ ᠢᠶᠠᠨ ᠬᠦᠢᠴᠡᠳᠭᠡᠭᠦ ᠲᠤᠮᠳᠠᠬᠢ ᠬᠠᠮᠤᠭ ᠤᠨ ᠪᠠᠭᠤᠷᠠᠢ ᠭᠤᠬᠴᠤᠭ᠎ᠠ ᠪᠤᠯᠤᠨ᠎ᠠ᠃ ᠤᠳᠤᠬᠠᠨ ᠳᠤ᠂ ᠲᠦᠪ ᠤᠨ ᠪᠠ ᠤᠷᠤᠨ ᠨᠤᠳᠤᠭ ᠤᠨ ᠡᠯ᠎ᠠ ᠱᠠᠳᠤᠨ ᠤ ᠤᠯᠤᠰ ᠲᠦᠷᠦ ᠶᠢᠨ ᠵᠦᠪᠯᠡᠯᠭᠡᠨ ᠴᠦ᠋ᠮ ᠠᠷᠠᠳᠴᠢᠯᠡᠯ ᠢᠶᠠᠷ ᠬᠢᠨᠠᠯᠳᠠ ᠲᠠᠯᠪᠢᠬᠤ ᠶᠢ ᠲᠤᠪᠤᠶᠢᠮ᠎ᠠ ᠪᠠᠶᠢᠷᠢᠨ ᠳᠤ ᠲᠠᠯᠪᠢᠪᠡ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠠᠴᠠ ᠬᠢᠨᠠᠯᠳᠠ ᠲᠠᠯᠪᠢᠬᠤ ᠰᠢᠰᠲ᠋ᠧᠮᠵᠢ ᠶᠢ ᠲᠡᠭᠦᠯᠳᠡᠷᠵᠢᠭᠦᠯᠵᠤ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠡᠯ ᠢᠶᠠᠷ ᠬᠢᠨᠠᠯᠳᠠ ᠲᠠᠯᠪᠢᠬᠤ ᠶᠢ ᠨᠠᠮ ᠤᠨ ᠲᠤᠳᠤᠭᠠᠳᠦ ᠶᠢᠨ ᠬᠢᠨᠠᠯᠳᠠ ᠲᠠᠯᠪᠢᠬᠤ ᠲᠠᠢ ᠵᠤᠬᠢᠴᠠᠯᠳᠤᠭᠤᠯᠦᠨ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠡᠯ ᠢᠶᠠᠷ ᠬᠢᠨᠠᠯᠳᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠠᠷᠠᠳᠴᠢᠯᠡᠯ ᠢᠶᠠᠷ ᠬᠢᠨᠠᠯᠳᠠ ᠲᠠᠯᠪᠢᠬᠤ ᠪᠠᠷ ᠨᠠᠮ ᠤᠨ ᠬᠤᠷᠢᠶ᠎ᠠ ᠵᠠᠰᠠᠭ ᠤᠨ ᠤᠷᠳᠤᠨ ᠤ ᠴᠢᠬᠤᠯᠠ ᠶᠡᠭᠡ ᠴᠢᠭᠯᠡᠯᠳᠡ ᠲᠦᠷᠦ ᠶᠢᠨ ᠪᠤᠳᠤᠯᠭ᠎ᠠ᠂ ᠴᠢᠬᠤᠯᠠ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠡᠶᠢᠳᠡᠪᠦᠷᠢᠵᠢᠭᠤᠯᠬᠤ ᠶᠢ ᠠᠬᠢᠭᠤᠯᠬᠤ ᠬᠡᠷᠡᠭᠳᠡᠢ ᠬᠡᠵᠤ ᠲᠤᠷᠠᠳᠤᠬᠰᠠᠨ ᠪᠠᠶᠢᠨ᠎ᠠ ᠬᠡᠵᠡᠢ᠃      ᠷᠧᠨ ᠶᠠ ᠫᠢᠩ ᠴᠢᠬᠤᠯᠠᠴᠢᠯᠠᠬᠰᠠᠨ ᠨᠢ᠂ ᠠᠷᠠᠳᠴᠢᠯᠡᠯ ᠢᠶᠠᠷ ᠬᠢᠨᠠᠯᠳᠠ ᠲᠠᠯᠪᠢᠬᠤ ᠶᠢ ᠰᠠᠶᠢᠳᠤᠷ ᠬᠢᠭᠦ ᠳᠤ ᠵᠠᠪᠠᠯ ᠲᠤᠰᠢᠶᠠᠯ ᠢᠶᠠᠨ ᠬᠦᠢᠴᠡᠳᠭᠡᠭᠦ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ ᠴᠠᠭ ᠤᠨ ᠪᠠᠶᠢᠳᠠᠯ ᠲᠦᠷᠦ ᠶᠢᠨ ᠶᠠᠪᠤᠳᠠᠯ ᠢ ᠤᠶᠢᠯᠠᠭᠠᠵᠤ᠂ ᠬᠡᠷᠡᠭᠴᠡᠭᠡ ᠱᠠᠭᠠᠷᠳᠠᠯᠭ᠎ᠠ ᠳᠤᠨᠢ ᠵᠤᠬᠢᠴᠠᠭᠤᠯᠤᠨ ᠠᠷᠭ᠎ᠠ ᠪᠤᠳᠤᠯᠭ᠎ᠠ ᠲᠡᠪᠰᠢᠭᠦᠯᠵᠤ᠂ ᠲᠦᠷᠦ ᠶᠢᠨ ᠶᠠᠪᠤᠳᠠᠯ ᠢ ᠵᠦᠪᠯᠡᠭᠦ ᠳᠡᠭᠡᠨ ᠤᠨᠢᠨ ᠲᠡᠭᠡᠷ᠎ᠡ ᠨᠢ ᠵᠦᠪᠯᠡᠵᠤ᠂ ᠬᠢᠨᠠᠯᠳᠠ ᠲᠠᠯᠪᠢᠬᠤ ᠳᠠᠭᠠᠨ ᠵᠠᠩᠬᠢᠯᠠᠭ᠎ᠠ ᠲᠡᠭᠡᠷ᠎ᠡ ᠨᠢ ᠬᠢᠨᠠᠬᠤ ᠬᠡᠷᠡᠭᠳᠡᠢ᠃ ᠬᠡᠰᠢᠭᠦᠳ ᠤᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠬᠡᠰᠢᠭᠦᠳ ᠤᠨ ᠬᠠᠷᠢᠯᠴᠠᠭ᠎ᠠ ᠶᠢ ᠴᠢᠩᠭᠠᠳᠬᠠᠨ᠂ ᠬᠠᠮᠢᠶᠠᠷᠤᠯᠳᠠ ᠶᠢᠨ ᠲᠤᠮᠳᠠ ᠦᠢᠯᠡᠴᠢᠯᠡᠵᠤ᠂ ᠦᠢᠯᠡᠴᠢᠯᠡᠭᠡᠨ ᠤ ᠲᠤᠮᠳᠠ ᠬᠠᠮᠢᠶᠠᠷᠴᠤ᠂ ᠬᠡᠰᠢᠭᠦᠳ ᠤᠨ ᠪᠤᠯᠪᠠᠰᠤᠷᠠᠯ ᠢ ᠴᠢᠩᠭᠠᠳᠬᠠᠨ᠂ ᠭᠡᠰᠢᠬᠦᠳ ᠤᠨ ᠲᠤᠰᠢᠶᠠᠯ ᠢᠶᠠᠨ ᠬᠦᠢᠴᠡᠳᠭᠡᠭᠦ ᠤᠷ᠎ᠠ ᠴᠢᠳᠠᠪᠤᠷᠢ ᠶᠢ ᠲᠡᠭᠡᠭᠰᠢᠯᠡᠭᠦᠯᠭᠦ ᠬᠡᠷᠡᠭᠳᠡᠢ᠃ ᠡᠯ᠎ᠠ ᠱᠠᠳᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠨᠠᠮ ᠵᠠᠰᠠᠭ ᠤᠨ ᠶᠡᠭᠡ ᠲᠠᠯ᠎ᠠ ᠶᠢᠨ ᠠᠵᠢᠯ ᠳᠤ ᠤᠷᠤᠯᠴᠠᠬᠤ ᠲᠤᠬᠢᠶᠠᠯ ᠢᠶᠠᠷ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯᠳᠠ ᠶᠢ ᠲᠤᠰᠬᠠᠵᠤ᠂ ᠬᠡᠰᠢᠭᠦᠳ ᠢᠶᠠᠨ ᠪᠦᠯᠬᠦᠮᠳᠡᠭᠦᠯᠦᠨ ᠲᠠᠭᠠᠭᠤᠯᠵᠤ᠂ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠬᠦᠭᠵᠢᠯᠳᠡ ᠳᠤ ᠠᠷᠭ᠎ᠠ ᠪᠤᠳᠤᠯᠭ᠎ᠠ ᠪᠠᠨ ᠲᠡᠪᠰᠢᠭᠦᠯᠦᠨ ᠲᠦᠷᠦ ᠶᠢᠨ ᠶᠠᠪᠤᠳᠠᠯ ᠢ ᠵᠦᠪᠯᠡᠵᠤ᠂ ᠤᠢ ᠤᠬᠠᠭᠠᠨ ᠢᠶᠠᠨ ᠭᠠᠷᠭᠠᠨ ᠬᠦᠴᠦᠨ ᠴᠢᠳᠠᠯ ᠢᠶᠠᠨ ᠡᠷᠭᠦᠭᠦ ᠬᠡᠷᠡᠭᠳᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号