ᠲᠦᠩᠯᠢᠶᠣᠤ ᠬᠤᠳᠠ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2017/1/17
     ᠨᠢᠳᠤᠨᠤᠨ ᠠᠴᠠ ᠨᠠᠰᠢ᠂ ᠲᠦᠩᠯᠢᠶᠣᠤ ᠬᠤᠲᠠ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠤᠭᠰᠠᠨ ᠪᠠᠶᠢᠨ᠎ᠠ᠃ ᠵᠠᠷᠤᠳ ᠬᠤᠰᠢᠭᠤ ᠶᠢᠨ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠲᠤᠷᠰᠢᠯᠲᠠ ᠶᠢᠨ ᠠᠵᠢᠯ ᠨᠢ ᠨᠢᠭᠡᠨᠲᠡ ᠪᠦᠬᠦ ᠲᠠᠯ᠎ᠠ ᠪᠠᠷ ᠳᠠᠭᠤᠰᠤᠭᠰᠠᠨ ᠪᠦᠭᠡᠳ ᠥᠪᠡᠷᠲᠡᠭᠡᠨ ᠵᠠᠰᠠᠬᠤ ᠣᠷᠣᠨ ᠤ ᠰᠢᠯᠭᠠᠨ ᠠᠪᠬᠤ ᠳᠤ ᠪᠠᠲᠤᠯᠠᠭᠳᠠᠪᠠ᠃ ᠪᠤᠰᠤᠳ ᠬᠤᠰᠢᠭᠤ ᠰᠢᠶᠠᠨ ᠬᠤᠲᠠ ᠲᠣᠭᠤᠷᠢᠭ ᠤᠳᠤ ᠶᠠᠭ ᠥᠮᠴᠢᠯᠡᠬᠦ ᠡᠷᠬᠡ᠂ ᠬᠡᠷᠡᠭᠯᠡᠬᠦ ᠡᠷᠬᠡ ᠶᠢᠨ ᠲᠠᠯᠠᠪᠠᠶ ᠶᠢ ᠲᠤᠬᠠᠶ ᠶᠢᠨ ᠭᠠᠵᠠᠷ ᠲᠤᠨᠢ ᠬᠡᠮᠵᠢᠬᠦ ᠪᠠ ᠮᠡᠳᠡᠭᠡ ᠵᠠᠩᠭᠢ ᠶᠢ ᠴᠤᠭᠯᠠᠭᠤᠯᠬᠤ ᠠᠵᠢᠯ ᠥᠷᠨᠢᠭᠦᠯᠵᠦ ᠪᠠᠶᠢᠨ᠎ᠠ᠃ ᠣᠳᠣᠬᠠᠨ ᠪᠣᠯᠲᠠᠯ᠎ᠠ᠂ ᠨᠢᠭᠡᠨᠲᠡ 1077 ᠭᠠᠴᠠᠭ᠎ᠠ ᠲᠣᠰᠬᠤᠨ ᠤ ᠥᠮᠴᠢᠯᠡᠬᠦ ᠡᠷᠬᠡ᠂ ᠬᠡᠷᠡᠭᠯᠡᠬᠦ ᠡᠷᠬᠡ ᠶᠢᠨ ᠲᠠᠯᠠᠪᠠᠢ ᠶᠢ ᠲᠤᠬᠠᠶ ᠶᠢᠨ ᠭᠠᠵᠠᠷ ᠲᠤᠨᠢ ᠭᠡᠮᠵᠢᠬᠦ ᠶᠢ ᠪᠡᠶᠡᠯᠡᠭᠦᠯᠵᠦ᠂ ᠲᠤᠬᠠᠶ ᠶᠢᠨ ᠭᠠᠵᠠᠷ ᠲᠤᠨᠢ ᠬᠡᠮᠵᠢᠬᠦ ᠡᠭᠦᠷᠭᠡ ᠶᠢᠨ 95.6%᠎ ᠶᠢ ᠪᠡᠶᠡᠯᠡᠭᠦᠯᠪᠡ︔ 630 ᠭᠠᠴᠠᠭ᠎ᠠ ᠲᠤᠰᠬᠤᠨ ᠤ ᠭᠠᠵᠠᠷ ᠲᠠᠯᠠᠪᠠᠢ ᠶᠢᠨ ᠮᠡᠳᠡᠭᠡ ᠵᠠᠩᠭᠢ ᠴᠤᠭᠯᠠᠭᠤᠯᠬᠤ ᠶᠢ ᠪᠡᠶᠡᠯᠡᠭᠦᠯᠵᠦ᠂ ᠮᠡᠳᠡᠭᠡ ᠵᠠᠩᠭᠢ ᠴᠤᠭᠯᠠᠭᠤᠯᠬᠤ ᠡᠭᠦᠷᠭᠡ ᠶᠢᠨ 55.9%᠎ ᠶᠢ ᠪᠡᠶᠡᠯᠡᠭᠦᠯᠪᠡ︔ 626 ᠭᠠᠴᠠᠭ᠎ᠠ ᠲᠣᠰᠬᠤᠨ ᠤ ᠭᠠᠵᠠᠷ ᠲᠠᠯᠠᠪᠠᠢ ᠶᠢᠨ ᠮᠡᠳᠡᠭᠡ ᠵᠠᠩᠭᠢ ᠶᠢ ᠳᠠᠩᠰᠠᠯᠠᠨ ᠲᠡᠮᠲᠡᠭᠯᠡᠵᠦ᠂ ᠮᠡᠳᠡᠭᠡ ᠵᠠᠩᠭᠢ ᠶᠢ ᠳᠠᠩᠰᠠᠯᠠᠨ ᠲᠡᠮᠲᠡᠭᠯᠡᠬᠦ ᠡᠭᠦᠷᠭᠡ ᠶᠢᠨ 55.5%᠎ ᠶᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号