ᠦᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠲᠡᠬᠦᠰᠬᠦ ᠦᠶ᠎ᠡ ᠶᠢᠨ ᠶᠠᠷᠢᠶ᠎ᠠ
ᠨᠡᠶᠢᠲᠡᠯᠡᠭᠰᠡᠨ ᠴᠠᠭ᠄
2017-01-20
     ᠨᠠᠮ ᠤᠨ ᠲᠤᠭ ᠢ ᠦᠨᠳᠤᠷ ᠮᠠᠨᠳᠤᠭᠤᠯᠵᠦ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠡᠭᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠠᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠪᠠᠷ ᠴᠢᠷᠮᠠᠶᠢᠶ᠎ᠠ                       ︵2017 ᠤᠨ ᠤ 1 ᠳ᠋ᠦ᠋ᠭᠡᠷ ᠰᠠᠷ᠎ᠠ ᠶᠢᠨ 18 ᠤ ᠡᠳᠦᠷ︶                                ᠯᠢ ᠵᠢᠢ ᠡᠾᠧᠩ ᠲᠦᠯᠦᠬᠡᠯᠡᠭᠴᠢᠳ ᠡ᠂ ᠨᠦᠬᠦᠳ ᠡ᠄      ᠦᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠪᠦᠬᠦ ᠲᠦᠯᠦᠬᠡᠯᠡᠭᠴᠢ ᠪᠠ ᠬᠤᠷᠠᠯ ᠳᠤ ᠤᠷᠤᠯᠴᠠᠬᠰᠠᠨ ᠨᠦᠬᠦᠳ ᠤᠨ ᠬᠠᠮᠳᠤ ᠶᠢᠨ ᠴᠢᠷᠮᠠᠶᠢᠯᠭ᠎ᠠ ᠪᠠᠷ᠂ ᠡᠯ᠎ᠡ ᠵᠦᠢᠯ ᠤᠨ ᠵᠦᠪᠯᠡᠬᠦ ᠵᠦᠢᠯ ᠢᠶᠠᠨ ᠠᠮᠵᠢᠯᠳᠠ ᠲᠠᠢ ᠪᠡᠶᠡᠯᠡᠬᠦᠯᠪᠡ᠃ ᠬᠤᠷᠠᠯ ᠤᠨ ᠬᠤᠭᠤᠴᠠᠭᠠᠨ ᠳᠤ ᠲᠦᠯᠦᠭᠡᠯᠡᠭᠴᠢᠳ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠤᠯᠭᠤᠬᠰᠠᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠵᠦ᠂ ᠠᠷᠠᠳ ᠲᠦᠮᠡᠨ ᠤ ᠵᠤᠬᠰᠤᠯᠳᠠ ᠠᠴᠠ ᠢᠯᠡᠳᠭᠡᠯ ᠮᠡᠳᠡᠭᠦᠯᠦᠯᠳᠡ ᠶᠢ ᠬᠢᠨᠠᠨ ᠵᠦᠪᠯᠡᠵᠦ᠂ ᠪᠦᠭᠦ ᠤᠷᠤᠨ ᠤ ᠶᠡᠭᠡ ᠲᠠᠯ᠎ᠠ ᠳᠤ ᠰᠠᠭᠤᠷᠢᠯᠠᠨ ᠠᠷᠭ᠎ᠠ ᠪᠤᠳᠤᠯᠭ᠎ᠠ ᠪᠠᠨ ᠳᠡᠪᠰᠢᠭᠦᠯᠵᠦ᠂ ᠬᠦᠭᠵᠢᠯᠳᠠ ᠶᠢᠨ ᠬᠠᠨᠳᠣᠰᠢ ᠶᠢ ᠠᠶᠠᠳᠠᠨ ᠳᠠᠭᠠᠵᠣ ᠠᠵᠢᠯ ᠢᠶᠠᠨ ᠲᠦᠯᠦᠪᠵᠢᠭᠦᠯᠵᠦ᠂ ᠶᠡᠭᠡ ᠬᠤᠷᠠᠯ ᠠᠴᠠ ᠪᠠᠳᠤᠯᠠᠬᠰᠠᠨ ᠡᠯ᠎ᠠ ᠵᠦᠢᠯ ᠤᠨ ᠢᠯᠡᠳᠭᠡᠯ ᠮᠡᠳᠡᠭᠦᠯᠦᠯᠳᠡ ᠰᠢᠢᠳᠪᠤᠷᠢ ᠳᠤ ᠨᠠᠮ ᠤᠨ ᠲᠦᠪ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠠ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠦᠪᠤᠷ ᠮᠤᠩᠭᠤᠯ ᠤᠨ ᠪᠤᠳᠠᠳᠠᠢ ᠲᠠᠢ ᠨᠡᠶᠢᠴᠡᠵᠦ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠰᠡᠯ ᠰᠠᠨᠠᠭ᠎ᠠ ᠶᠢ ᠲᠤᠰᠬᠠᠵᠠᠢ᠃ ᠬᠤᠷᠠᠯ ᠮᠠᠰᠢ ᠠᠮᠵᠢᠯᠳᠠ ᠲᠠᠢ ᠬᠤᠷᠠᠯᠳᠤᠵᠤ᠂ ᠦᠵᠡᠯ ᠰᠠᠨᠠᠭ᠎ᠠ ᠪᠠᠨ ᠨᠢᠭᠡᠳᠭᠡᠬᠦ᠂ ᠬᠦᠴᠦᠨ ᠴᠢᠳᠠᠯ ᠢᠶᠠᠨ ᠨᠢᠭᠳᠠᠷᠠᠭᠤᠯᠬᠤ᠂ ᠢᠳᠡᠭᠡᠯ ᠵᠣᠷᠢᠭ ᠢᠶᠠᠨ ᠪᠠᠳᠤᠳᠬᠠᠬᠤ᠂ ᠬᠠᠷᠠᠯᠳᠠ ᠡᠭᠦᠷᠭᠡ ᠪᠠᠨ ᠲᠤᠳᠤᠷᠬᠠᠶᠢᠯᠠᠬᠤ ᠬᠠᠷᠠᠯᠳᠠ ᠳᠠᠭᠠᠨ ᠬᠦᠷᠴᠦ᠂ ᠨᠢᠭᠡ ᠤᠳᠠᠭ᠎ᠠ ᠶᠢᠨ ᠪᠦᠯᠭᠦᠮᠳᠠᠯ ᠲᠠᠢ᠂ ᠠᠷᠠᠳᠴᠢᠯᠠᠯ ᠲᠠᠢ᠂ ᠵᠤᠷᠢᠭ ᠢᠶᠠᠨ ᠡᠷᠴᠢᠯᠡᠭᠰᠡᠨ᠂ ᠡᠷᠡᠯᠬᠡᠭᠯᠡᠨ ᠤᠷᠤᠬᠰᠢᠯᠠᠭᠰᠠᠨ ᠶᠡᠭᠡ ᠬᠤᠷᠠᠯ ᠪᠤᠯᠵᠠᠢ᠃      ᠬᠤᠷᠠᠯ ᠠᠴᠠ ᠨᠠᠮᠠᠶᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠷ᠂ ᠨᠠᠰᠤᠨᠮᠦ᠋ᠩᠬᠡ ᠪᠠ ᠸᠠᠩ ᠢᠤᠢ ᠮᠢᠩ ᠨᠦᠬᠦᠷ ᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠪᠠᠷ᠂ ᠢᠤᠢ ᠴᠢᠩ ᠯᠢ ᠵᠡᠷᠬᠡ 10 ᠨᠦᠬᠦᠷ ᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠰᠢᠬᠦᠨ ᠢᠶᠠᠷ ᠰᠤᠩᠭᠤᠵᠠᠢ᠂ ᠡᠨᠡ ᠪᠤᠯ ᠲᠦᠯᠦᠬᠡᠯᠡᠭᠴᠢᠳ ᠪᠠ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠠᠴᠠ ᠮᠠᠨ ᠳᠤ ᠲᠠᠯᠪᠢᠬᠰᠠᠨ ᠢᠳᠡᠬᠡᠯ ᠪᠠ ᠬᠦᠨᠳᠦ ᠨᠠᠶᠢᠳᠠᠯᠭ᠎ᠠ ᠪᠣᠯᠣᠨ᠎ᠠ᠃ ᠠᠳᠡ᠂ ᠪᠢ ᠰᠤᠩᠭᠤᠬᠳᠠᠬᠰᠠᠨ ᠨᠦᠬᠦᠳ ᠢ ᠲᠦᠯᠦᠬᠡᠯᠡᠨ ᠲᠦᠯᠦᠬᠡᠯᠡᠭᠴᠢᠳ ᠪᠠ ᠲᠠ ᠨᠠᠷ ᠢᠶᠠᠷ ᠲᠠᠮᠵᠢᠭᠤᠯᠤᠨ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕      ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠪᠤᠯ ᠦᠪᠦᠷ ᠮᠤᠩᠭᠤᠯ ᠤᠨ ᠤᠷᠤᠨ ᠨᠤᠳᠤᠬ ᠤᠨ ᠲᠦᠷᠦ ᠶᠢᠨ ᠡᠷᠬᠡᠳᠦ ᠪᠠᠶᠢᠭᠤᠯᠤᠯᠭ᠎ᠠ ᠪᠣᠯᠣᠨ᠎ᠠ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠤᠯ ᠲᠡᠬᠦᠨ ᠤ ᠪᠠᠶᠢᠩᠭᠤ ᠲᠤᠬᠢᠷᠠᠭᠤᠯᠤᠬᠰᠠᠨ ᠪᠠᠶᠢᠭᠤᠯᠤᠮᠵᠢ ᠪᠠᠶᠢᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠤᠯᠭᠤᠬᠰᠠᠨ ᠴᠢᠬᠤᠯᠠ ᠲᠤᠰᠢᠶᠠᠯ ᠡᠷᠬᠡ ᠶᠢ ᠡᠬᠦᠷᠬᠡᠯᠡᠵᠦ ᠪᠠᠶᠢᠳᠠᠬ᠃ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠢᠨ ᠲᠤᠰᠢᠶᠠᠯ ᠢ ᠡᠬᠦᠷᠬᠡᠯᠡᠵᠦ᠂ ᠦᠪᠦᠷ ᠮᠤᠩᠭᠤᠯ ᠤᠨ ᠦᠬᠡᠷᠡᠴᠢᠯᠡᠯᠳᠡ ᠬᠦᠭᠵᠢᠯᠳᠡ ᠲᠤᠬᠳᠠᠭᠤᠨ ᠢ ᠠᠬᠢᠭᠤᠯᠬᠤ᠂ ᠦᠨᠳᠦᠰᠦᠳᠡᠨ ᠨᠦᠭᠦᠳ ᠤᠨ ᠠᠷᠠᠳ ᠤᠯᠠᠨ ᠤ ᠪᠤᠶᠠᠨ ᠵᠢᠷᠭᠠᠯ ᠢ ᠨᠡᠮᠡᠭᠳᠡᠭᠦᠯᠬᠦ ᠳᠤ ᠨᠡᠩ ᠰᠠᠶᠢᠳᠤᠷ ᠦᠢᠯᠡᠴᠢᠯᠡᠬᠦ ᠪᠤᠯᠤᠬᠰᠠᠨ ᠳᠠᠭᠠᠨ᠂ ᠪᠢ ᠲᠡᠦᠬᠡᠳᠦ ᠡᠬᠦᠷᠬᠡ ᠶᠢᠨ ᠢᠶᠠᠨ ᠡᠷᠬᠢᠮ ᠲᠡᠭᠡᠳᠦ᠂ ᠬᠠᠷᠢᠭᠤᠴᠠᠯᠭ᠎ᠠ ᠶᠢᠨ ᠢᠶᠠᠨ ᠬᠦᠨᠳᠦ ᠴᠢᠬᠤᠯᠠ ᠭᠡᠳᠡᠭ ᠢ ᠬᠦᠨᠵᠡᠬᠡᠢ ᠮᠡᠳᠡᠵᠦ ᠪᠠᠶᠢᠨ᠎ᠠ᠃ ᠪᠢ ᠲᠡᠳ᠋ ᠡᠷᠬᠢᠯᠡᠭᠴᠢᠳ᠂ ᠨᠠᠷᠢᠨ ᠪᠢᠴᠢᠭ ᠤᠨ ᠲᠠᠷᠤᠭ᠎ᠠ ᠪᠠ ᠪᠠᠶᠢᠩᠭᠤ ᠶᠢᠨ ᠬᠤᠷᠢᠶ᠎ᠠ ᠶᠢᠨ ᠬᠡᠰᠢᠬᠦᠳ ᠲᠠᠢ ᠬᠠᠮᠳᠤᠪᠡᠷ ᠨᠠᠮ ᠤᠨ ᠲᠤᠬ ᠢ ᠢᠮᠠᠭᠳᠠ ᠦᠨᠳᠦᠷ ᠮᠠᠨᠳᠤᠭᠤᠯᠵᠤ᠂ ᠲᠦᠪ ᠴᠢᠩᠭ᠎ᠠ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠨ᠂ ᠬᠤᠭᠤᠴᠠᠭ᠎ᠠ ᠪᠦᠷᠢ ᠶᠢᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠢᠯᠢᠳᠡᠭ ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠤ᠂ ᠪᠦᠬᠦ ᠲᠦᠯᠦᠬᠡᠯᠡᠭᠴᠢᠳ ᠲᠤ ᠨᠢᠬᠳᠠ ᠲᠦᠰᠢᠭᠯᠡᠨ᠂ ᠦᠨᠳᠦᠰᠦᠨ ᠬᠠᠤᠯᠢ ᠬᠠᠤᠯᠢ ᠴᠠᠭᠠᠵᠠ ᠶᠢ ᠵᠢᠱᠢᠶᠡᠴᠢ ᠪᠠᠷ ᠰᠠᠬᠢᠵᠤ᠂ ᠠᠷᠠᠳ ᠲᠦᠮᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠦᠨᠡᠨᠴᠢ ᠰᠢᠳᠣᠷᠭᠤ ᠠᠷᠢᠭᠤᠨ ᠴᠢᠭᠡᠴᠢ ᠬᠠᠷᠢᠭᠤᠴᠠᠯᠭ᠎ᠠ ᠡᠬᠦᠷᠬᠡᠯᠡᠨ᠂ ᠠᠷᠠᠳ ᠤᠨ ᠲᠦᠯᠦᠬᠡ ᠪᠤᠳᠠᠳᠠᠢ ᠶᠢ ᠡᠷᠬᠢᠮᠯᠡᠨ ᠠᠷᠢᠭᠤᠨ ᠴᠢᠬᠡᠴᠢ ᠪᠠᠶᠢᠵᠤ᠂ ᠯᠠᠪᠳᠠᠭᠤᠨ ᠪᠠᠳᠣᠳᠠᠢ ᠠᠵᠢᠯᠯᠠᠵᠤ᠂ ᠪᠡᠶ᠎ᠡ ᠪᠦᠭᠦ᠋ᠢᠨ ᠲᠠᠷᠤᠭ᠎ᠠ ᠰᠠᠭᠤᠵᠦ᠂ ᠨᠢᠷᠤᠭᠤ ᠭᠡᠳᠡᠭᠡᠷ ᠬᠦᠮᠦᠨ ᠪᠤᠯᠵᠦ᠂ ᠬᠡᠯᠡᠪᠡᠯ ᠬᠢᠵᠦ᠂ ᠬᠢᠪᠡᠯ ᠦᠷ᠎ᠠ ᠳ᠋ᠦᠡᠭ ᠭᠠᠷᠭᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠦᠢᠯᠡᠰ ᠢ ᠲᠠᠰᠤᠷᠠᠯᠳᠠ ᠦᠭᠡᠢ ᠲᠦᠯᠬᠢᠨ ᠣᠷᠣᠭᠰᠢᠯᠠᠭᠤᠯᠵᠣ᠂ ᠲᠦᠯᠦᠭᠡᠯᠡᠭᠴᠢᠳ ᠪᠠ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠶᠠᠭᠠᠬᠢᠬᠰᠠᠨ ᠴᠤ ᠬᠦᠰᠡᠷᠳᠡᠭᠦᠯᠭᠦ ᠦᠭᠡᠢ᠃ ᠨᠠᠮ ᠤᠨ ᠤᠳᠤᠷᠢᠳᠤᠯᠭ᠎ᠠ ᠶᠢ ᠢᠮᠠᠬᠳᠠ ᠪᠠᠷᠢᠮᠳᠠᠯᠠᠵᠦ᠂ ︽ᠲᠦᠷᠪᠡᠨ ᠤᠬᠠᠮᠰᠠᠷ︾ ᠤᠨᠴᠠᠭᠠᠶᠢᠯᠠᠨ ᠭᠤᠤᠯᠯᠠᠭᠴᠢ ᠶᠢᠨ ᠤᠬᠠᠮᠰᠠᠷ᠂ ᠨᠢᠭᠡᠲᠦᠯᠳᠡᠢ ᠪᠠᠶᠢᠬᠤ ᠤᠬᠠᠮᠰᠠᠷ ᠢ ᠪᠠᠳᠤ ᠪᠣᠢ ᠪᠤᠯᠭᠠᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠡᠷᠡᠰ ᠢᠶᠠᠷ ᠲᠡᠭᠡᠳᠤ ᠬᠡᠮᠵᠢᠶ᠎ᠠ ᠪᠠᠷ ᠨᠢᠭᠡᠳᠤᠯᠲᠠᠢ ᠪᠠᠶᠢᠵᠦ᠂ ᠶᠡᠷᠦᠩᠭᠡᠢ ᠱᠦᠵᠢ ᠰᠢ ᠶᠢᠨ ᠫᠢᠡᠭ ᠤᠨ ᠤᠳᠤᠷᠢᠳᠬᠤ ᠭᠤᠤᠯᠯᠠᠭᠴᠢ ᠪᠠᠶᠢᠷᠢ ᠰᠠᠭᠠᠤᠷᠢ ᠶᠢ ᠡᠷᠡᠰ ᠬᠠᠮᠠᠭᠠᠯᠠᠵᠦ᠂ ᠨᠠᠮ ᠤᠨ ᠲᠦᠪ ᠬᠤᠷᠢᠶ᠎ᠠ ᠶᠢᠨ ᠬᠠᠷᠢᠴᠠᠯᠠᠰᠢᠭᠦᠢ ᠡᠷᠭᠡ ᠰᠦᠷ ᠢ ᠡᠷᠡᠰ ᠬᠠᠮᠠᠭᠠᠯᠠᠵᠦ᠂ ᠨᠠᠮ ᠤᠨ ᠤᠳᠤᠷᠢᠳᠤᠯᠭ᠎ᠠ ᠶᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠠ ᠲᠠᠯ᠎ᠠ᠂ ᠪᠦᠭᠦ ᠶᠠᠪᠤᠴᠠ ᠳᠤ ᠡᠷᠡᠰ ᠳᠣᠣᠱᠯᠠᠭᠤᠯᠵᠣ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠪᠠ ᠪᠦᠭᠦ ᠤᠷᠤᠨ ᠤ ᠠᠵᠢᠯ ᠤᠨ ᠶᠡᠭᠡ ᠲᠠᠯ᠎ᠠ ᠶᠢᠨ ᠲᠤᠭᠤᠷᠢᠨ ᠳᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠲᠦᠯᠦᠪᠵᠢᠭᠦᠯᠦᠨ ᠠᠬᠢᠭᠤᠯᠵᠦ᠂ ᠢᠮᠠᠬᠳᠠ ᠵᠦᠪ ᠣᠨᠣᠪᠴᠢᠳᠠᠢ ᠴᠢᠭᠯᠡᠯ ᠢᠶᠠᠷ ᠤᠷᠤᠬᠰᠢᠯᠠᠬᠤ ᠶᠢ ᠪᠠᠳᠤᠯᠠᠨ᠎ᠠ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠢᠮᠠᠬᠳᠠ ᠪᠠᠷᠢᠮᠳᠠᠯᠠᠵᠦ᠂ ᠠᠷᠠᠳ ᠲᠦᠮᠡᠨ ᠤ ᠡᠵᠡᠨ ᠰᠠᠭᠤᠵᠤ ᠡᠷᠭᠡ ᠮᠡᠳᠡᠬᠦ ᠶᠢ ᠲᠡᠮᠵᠢᠨ ᠪᠠᠳᠤᠯᠠᠵᠦ᠂ ᠠᠷᠠᠳᠴᠢᠯᠠᠯ ᠤᠨ ᠲᠦᠷᠢᠮ ᠢ ᠪᠦᠷᠢᠨᠰᠢᠬᠦᠯᠦᠨ᠂ ᠠᠷᠠᠳᠴᠢᠯᠠᠯ ᠤᠨ ᠬᠡᠯᠪᠡᠷᠢ ᠶᠢ ᠪᠠᠶᠠᠯᠢᠭᠵᠢᠭᠤᠯᠵᠣ᠂ ᠠᠷᠠᠳᠴᠢᠯᠠᠯ ᠤᠨ ᠡᠷᠬᠡ ᠶᠢ ᠪᠠᠳᠤᠯᠠᠵᠤ᠂ ᠠᠷᠠᠳ ᠲᠦᠮᠡᠨ ᠯᠦᠭᠡ ᠶᠢᠨ ᠬᠠᠷᠢᠯᠴᠠᠭ᠎ᠠ ᠪᠠᠨ ᠨᠢᠬᠳᠠᠷᠠᠭᠤᠯᠵᠣ᠂ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠰᠤᠨᠤᠰᠴᠤ᠂ ᠠᠷᠠᠳ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤ ᠦᠭᠴᠦ᠂ ᠦᠷᠭᠡᠨ ᠤᠯᠠᠨ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠳᠣᠷ ᠪᠡᠶᠡᠯᠡᠭᠦᠯᠵᠦ᠂ ᠰᠠᠶᠢᠳᠤᠷ ᠬᠠᠮᠠᠭᠠᠯᠠᠵᠦ᠂ ᠰᠠᠶᠢᠳᠤᠷ ᠬᠦᠭᠵᠢᠭᠦᠯᠬᠦ ᠪᠠᠷ ᠴᠢᠷᠮᠠᠶᠢᠵᠣ᠂ ᠦᠨᠳᠦᠰᠦᠳᠡᠨ ᠨᠦᠭᠦᠳ ᠤᠨ ᠤᠯᠠᠨ ᠲᠦᠮᠡᠨ ᠳᠤ ᠦᠭᠡᠷᠡᠴᠢᠯᠠᠯᠳᠠ ᠬᠦᠭᠵᠢᠯᠳᠠ ᠶᠢᠨ ᠦᠷ᠎ᠠ ᠪᠦᠲᠦᠭᠡᠯ ᠢ ᠡᠳ᠋ᠯᠡᠭᠦᠯᠵᠦ᠂ ᠢᠵᠢᠯ ᠠᠯᠬᠤᠮ ᠢᠶᠠᠷ ᠪᠦᠭᠦ ᠲᠠᠯ᠎ᠠ ᠶᠢᠨ ᠴᠢᠨᠡᠭᠡᠯᠢᠭ ᠨᠡᠶᠢᠭᠡᠮ ᠳᠤ ᠳᠠᠪᠰᠢᠨ ᠤᠷᠤᠬᠤ ᠶᠢ ᠠᠬᠢᠭᠤᠯᠤᠨ᠎ᠠ᠃ ᠪᠦᠭᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠶᠢ ᠢᠮᠠᠬᠳᠠ ᠪᠠᠷᠢᠮᠳᠠᠯᠠᠵᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠣᠯ ᠢᠶᠠᠷ ᠲᠠᠮᠵᠢᠭᠤᠯᠣᠨ ᠨᠡᠶᠢᠭᠡᠮ ᠵᠢᠷᠤᠮ ᠤᠨ ᠬᠠᠤᠯᠢᠵᠢᠯ ᠤᠨ ᠵᠤᠷᠢᠭ ᠰᠠᠨᠠᠭ᠎ᠠ ᠶᠢ ᠪᠠᠳᠠᠷᠠᠭᠤᠯᠵᠦ᠂ ᠨᠡᠶᠢᠭᠡᠮ ᠵᠢᠷᠤᠮ ᠤᠨ ᠬᠠᠤᠯᠢᠵᠢᠯ ᠤᠨ ᠦᠢᠯᠡᠳᠦᠯᠭᠡ ᠶᠢ ᠠᠬᠢᠭᠤᠯᠵᠣ᠂ ᠬᠠᠤᠯᠢᠵᠢᠯ ᠤᠨ ᠦᠪᠤᠷ ᠮᠤᠩᠭᠤᠯ ᠤᠨ ᠪᠠᠶᠢᠭᠤᠯᠤᠯᠳᠠ ᠶᠢ ᠲᠦᠷᠭᠡᠳᠭᠡᠵᠦ᠂ ᠬᠠᠤᠯᠢᠵᠢᠯ ᠢ ᠨᠡᠩ ᠰᠠᠶᠢᠳᠤᠷ ᠠᠰᠢᠬᠯᠡᠨ ᠦᠬᠡᠷᠡᠴᠢᠯᠡᠯᠳᠡ ᠶᠢᠨ ᠬᠠᠮᠳᠤ ᠶᠢᠨ ᠲᠠᠨᠢᠯᠳᠠ ᠶᠢ ᠨᠢᠬᠳᠠᠷᠠᠭᠤᠯᠵᠤ᠂ ᠬᠦᠭᠵᠢᠯᠳᠡ ᠶᠢᠨ ᠠᠵᠢᠯᠯᠠᠭ᠎ᠠ ᠶᠢ ᠵᠢᠷᠣᠮᠵᠢᠭᠤᠯᠵᠣ᠂ ᠵᠦᠷᠢᠴᠡᠯ ᠢ ᠨᠠᠮᠳᠠᠭᠤᠯᠬᠤ ᠶᠢ ᠠᠬᠢᠭᠤᠯᠤᠨ᠂ ᠡᠷᠬᠡ ᠲᠡᠭᠰᠢ ᠲᠦᠪ ᠭᠤᠤᠯᠴᠢ ᠶᠢ ᠬᠠᠮᠠᠭᠠᠯᠠᠵᠤ᠂ ᠨᠡᠶᠢᠬᠡᠮ ᠤᠨ ᠡᠶ᠎ᠡ ᠵᠤᠬᠢᠴᠠᠩᠭᠤᠢ ᠶᠢ ᠪᠠᠳᠤᠯᠠᠵᠤ᠂ ᠦᠪᠤᠷ ᠮᠤᠩᠭᠤᠯ ᠤᠨ ᠦᠭᠡᠷᠡᠴᠢᠯᠠᠯᠳᠠ ᠨᠡᠭᠡᠭᠡᠯᠳᠡ ᠪᠠ ᠤᠳᠤᠬᠢᠴᠢᠯᠠᠬᠤ ᠪᠦᠲᠦᠭᠡᠨ ᠪᠠᠶᠢᠭᠤᠯᠤᠯᠳᠠ ᠳᠤ ᠨᠡᠩ ᠬᠦᠴᠦᠨ ᠪᠦᠬᠦᠢ ᠬᠠᠤᠯᠢᠵᠢᠯ ᠤᠨ ᠪᠠᠳᠤᠯᠠᠭ᠎ᠠ ᠬᠠᠨᠭ᠍ᠭᠠᠨ᠎ᠠ᠃ ᠬᠠᠤᠯᠢ ᠳᠣᠭᠳᠠᠭᠠᠯ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ ᠤᠴᠢᠷ ᠶᠠᠪᠣᠳᠠᠯ ᠰᠢᠢᠳᠪᠤᠷᠢᠯᠡᠭᠦ ᠶᠢ ᠢᠮᠠᠬᠳᠠ ᠪᠠᠷᠢᠮᠳᠠᠯᠠᠵᠦ᠂ ᠰᠠᠬᠢᠯᠭ᠎ᠠ ᠪᠠᠳᠤ ᠪᠠ ᠲᠦᠷᠢᠮ ᠲᠤᠬᠳᠠᠭᠠᠯ ᠢ ᠴᠠᠬ ᠢᠮᠠᠬᠳᠠ ᠲᠦᠷᠦᠭᠦᠨ ᠳᠤ ᠲᠠᠯᠪᠢᠵᠦ᠂ ᠬᠠᠤᠯᠢ ᠴᠠᠭᠠᠵᠠ ᠡᠷᠬᠢᠮ ᠳᠡᠭᠡᠳᠦ᠂ ᠬᠦᠮᠦᠨ ᠪᠦᠬᠦᠨ ᠡᠷᠬᠡ ᠲᠡᠭᠰᠢ᠂ ᠡᠷᠬᠡ ᠶᠢ ᠬᠠᠤᠯᠢ ᠪᠠᠷ ᠲᠤᠬᠳᠠᠭᠠᠬᠤ ᠵᠡᠷᠬᠡ ᠦᠨᠳᠦᠰᠦᠨ ᠲᠠᠨᠢᠯᠳᠠ ᠶᠢ ᠪᠠᠳᠤ ᠪᠣᠢ ᠪᠣᠯᠭᠠᠵᠣ᠂ ᠤᠴᠢᠷ ᠰᠢᠢᠳᠪᠤᠷᠢᠯᠡᠭᠦ ᠳᠤ ᠬᠠᠤᠯᠢ ᠳᠤ ᠲᠦᠰᠢᠭᠯᠡᠬᠦ᠂ ᠶᠠᠪᠣᠳᠠᠯ ᠲᠤᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠰᠢᠢᠳᠪᠤᠷᠢᠯᠡᠭᠦ ᠳᠤ ᠬᠠᠤᠯᠢ ᠶᠢ ᠬᠡᠷᠡᠭᠯᠡᠬᠦ᠂ ᠵᠦᠷᠢᠴᠡᠯ ᠢ ᠨᠠᠮᠳᠠᠭᠤᠯᠬᠤ ᠳᠤ ᠬᠠᠤᠯᠢ ᠳᠤ ᠲᠦᠰᠢᠭᠯᠡᠭᠦ ᠬᠠᠤᠯᠢᠵᠢᠯ ᠤᠨ ᠤᠷᠴᠢᠨ ᠲᠤᠭᠤᠷᠢᠨ ᠢ ᠲᠦᠷᠦᠭᠦᠯᠡᠨ ᠪᠤᠢ ᠪᠤᠯᠭᠠᠨ᠎ᠠ᠃      ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠭᠢ ᠶᠢᠨ ᠦᠢᠯᠡᠳᠤᠯ ᠢ ᠭᠦᠢᠴᠡᠳ ᠪᠠᠳᠠᠷᠠᠭᠤᠯᠵᠦ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠴᠢᠬᠤᠯᠠ ᠪᠠᠶᠢᠯᠳᠤᠬᠤ ᠪᠤᠳᠤᠯᠭ᠎ᠠ ᠪᠠᠶᠢᠷᠢᠯᠠᠭᠤᠯᠤᠯᠳᠠ᠂ ᠴᠢᠬᠤᠯᠠ ᠬᠠᠤᠯᠢ ᠴᠠᠭᠠᠵᠠ ᠶᠢ ᠬᠡᠷᠡᠭᠵᠢᠬᠦᠯᠬᠦ ᠶᠢᠨ ᠲᠤᠭᠤᠷᠢᠨ ᠳᠤ᠂ ᠬᠢᠨᠠᠯᠳᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠬᠦᠢᠴᠡᠳᠬᠡᠨ᠂ ᠴᠢᠬᠤᠯᠠ ᠵᠦᠢᠯᠡᠰ ᠢ ᠶᠠᠷᠢᠯᠴᠠᠨ ᠲᠤᠬᠳᠠᠭᠠᠬᠤ ᠡᠷᠭᠡ ᠪᠠ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠡᠷᠭᠡ ᠪᠠᠨ ᠬᠠᠤᠯᠢ ᠶᠤᠰᠤᠭᠠᠷ ᠬᠡᠷᠡᠭᠵᠢᠬᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠬᠰᠠᠨ ᠬᠠᠤᠯᠢ ᠳᠣᠭᠳᠠᠭᠠᠯ᠂ ᠬᠢᠨᠠᠨ ᠵᠦᠪᠯᠡᠭᠰᠡᠨ ᠠᠵᠢᠯ᠂ ᠭᠠᠷᠭᠠᠬᠰᠠᠨ ᠳᠣᠭᠳᠠᠭᠠᠯ ᠤᠨ ᠬᠠᠤᠯᠢ ᠶᠤᠰᠤᠴᠢ ᠴᠢᠨᠠᠷ᠂ ᠵᠦᠢ ᠵᠣᠬᠢᠰᠳᠠᠢ ᠴᠢᠨᠠᠷ ᠪᠠ ᠡᠷᠭᠡ ᠰᠦᠷᠳᠤ ᠴᠢᠨᠠᠷ ᠢ ᠲᠦᠷᠢᠮ ᠤᠨ ᠲᠠᠯ᠎ᠠ ᠠᠴᠠ ᠬᠦᠴᠦᠯᠡᠨ ᠪᠠᠳᠤᠯᠠᠨ᠎ᠠ᠃      ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠳᠣᠰ ᠪᠡᠶ᠎ᠠ ᠶᠢᠨ ᠪᠠᠶᠢᠭᠤᠯᠤᠯᠳᠠ ᠪᠠᠨ ᠴᠢᠩᠭᠠᠳᠬᠠᠬᠤ ᠶᠢ ᠢᠮᠠᠬᠳᠠ ᠪᠠᠷᠢᠮᠳᠠᠯᠠᠵᠦ᠂ ᠦᠵᠡᠯ ᠰᠠᠨᠠᠭ᠎ᠠ ᠶᠢᠨ ᠪᠠᠶᠢᠭᠤᠯᠤᠯᠳᠠ᠂ ᠵᠤᠬᠢᠶᠠᠨ ᠪᠠᠶᠢᠭᠤᠯᠣᠯᠳᠠ ᠶᠢᠨ ᠴᠣᠭᠴᠠᠯᠠᠯᠳᠠ᠂ ᠰᠤᠷᠳᠠᠯ ᠤᠨ ᠪᠠᠶᠢᠭᠤᠯᠤᠯᠳᠠ᠂ ᠡᠩᠨᠡᠭᠡ ᠶᠢᠨ ᠪᠠᠶᠢᠭᠤᠯᠤᠯᠳᠠ᠂ ᠲᠦᠷᠢᠮ ᠤᠨ ᠪᠠᠶᠢᠭᠤᠯᠤᠯᠳᠠ ᠪᠠ ᠢᠯᠵᠢᠷᠠᠯ ᠢ ᠡᠰᠡᠷᠬᠦᠴᠡᠨ ᠠᠷᠢᠭᠤᠨ ᠴᠢᠭᠡᠴᠢ ᠶᠢ ᠡᠷᠬᠢᠮᠯᠡᠬᠦ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠵᠦ᠂ ᠠᠷᠠᠳᠴᠢᠯᠠᠯ ᠲᠦᠪᠯᠡᠷᠡᠯ ᠤᠨ ᠶᠣᠰᠣᠨ ᠢ ᠴᠢᠩᠭ᠎ᠠ ᠨᠠᠶᠢᠳᠠᠪᠤᠷᠢᠵᠢᠭᠤᠯᠵᠦ᠂ ᠡᠯ᠎ᠠ ᠠᠵᠢᠯ ᠤᠨ ᠰᠠᠯᠠᠭ᠎ᠠ ᠮᠦᠴᠢᠷ ᠤᠨ ᠦᠢᠯᠡᠳᠦᠯ ᠢ ᠬᠦᠢᠴᠡᠳ ᠪᠠᠳᠠᠷᠭᠤᠯᠤᠨ᠂ ᠲᠦᠯᠦᠭᠡᠯᠡᠭᠴᠢᠳ ᠤᠨ ᠭᠤᠤᠯ ᠴᠤᠬᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠲᠦᠯᠦᠭᠡᠯᠡᠭᠴᠢ ᠶᠢᠨ ᠠᠵᠢᠯ ᠤᠨ ᠲᠤᠬᠳᠠᠴᠠ ᠶᠢ ᠲᠡᠬᠦᠯᠳᠡᠷᠵᠢᠬᠦᠯᠦᠨ᠂ ᠲᠦᠯᠦᠭᠡᠯᠡᠭᠴᠢ ᠶᠢᠨ ᠠᠵᠢᠯ ᠤᠨ ᠲᠦᠪᠰᠢᠨ ᠢᠶᠠᠨ ᠲᠡᠭᠡᠭᠰᠢᠯᠡᠬᠦᠯᠦᠨ᠂ ᠲᠦᠯᠦᠭᠡᠯᠡᠭᠴᠢᠳ ᠤᠨ ᠬᠠᠤᠯᠢ ᠶᠤᠰᠤᠭᠠᠷ ᠲᠤᠰᠢᠶᠠᠯ ᠢᠶᠠᠨ ᠬᠦᠢᠴᠡᠳᠬᠡᠬᠦ ᠶᠢ ᠪᠠᠲᠤᠯᠠᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠦᠷᠢᠮᠵᠢᠬᠦ᠂ ᠵᠢᠷᠤᠮᠵᠢᠬᠤ᠂ ᠰᠢᠨᠵᠢᠯᠡᠭᠦ ᠤᠬᠠᠭᠠᠨᠴᠢᠯᠠᠬᠤ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠦᠨ᠎ᠠ᠃      2017 ᠤᠨ ᠳᠤ᠂ ᠪᠢᠳᠡ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠬᠡᠷ ᠤᠳᠠᠭ᠎ᠠ ᠶᠢᠨ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠪᠠᠨ ᠤᠬᠳᠤᠬᠤ ᠪᠤᠯᠤᠨ᠎ᠠ᠃ 2017 ᠤᠨ ᠪᠤᠯ᠂ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠠᠩᠬᠠᠨ ᠤ ᠵᠢᠯ᠂ ︽13·5︾ ᠶᠢᠨ ᠲᠦᠯᠦᠪᠵᠢᠬᠦᠯᠬᠡ ᠶᠢ ᠬᠡᠷᠡᠭᠵᠢᠭᠦᠯᠬᠦ ᠴᠢᠬᠤᠯᠠ ᠨᠢᠬᠡ ᠵᠢᠯ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠶᠢ ᠠᠬᠢᠭᠤᠯᠬᠤ ᠵᠢᠯ ᠪᠣᠯᠣᠨ᠎ᠠ᠂ ᠡᠯ᠎ᠡ ᠵᠦᠢᠯ ᠤᠨ ᠠᠵᠢᠯ ᠢᠶᠠᠨ ᠰᠠᠶᠢᠳᠤᠷ ᠬᠢᠬᠦ ᠶᠢᠨ ᠠᠴᠢ ᠬᠤᠯᠪᠣᠭᠳᠠᠯ ᠬᠦᠨᠳᠤ ᠴᠢᠬᠤᠯᠠ᠃ ᠤᠳᠤᠬᠠᠨ ᠳᠤ᠂ ᠦᠪᠦᠷ ᠮᠤᠩᠭᠤᠯ ᠤᠨ ᠬᠦᠭᠵᠢᠯᠳᠡ ᠶᠢᠨ ᠠᠤᠭ᠎ᠠ ᠲᠦᠰᠦᠪ ᠨᠢᠬᠡᠨᠳᠡ ᠵᠢᠷᠤᠬᠯᠠᠬᠳᠠᠵᠦ᠂ ᠵᠠᠩᠬᠢᠯᠠᠭ᠎ᠠ ᠨᠢ ᠪᠤᠳᠠᠳᠠᠢ ᠠᠵᠢᠯᠯᠠᠵᠤ᠂ ᠪᠣᠳᠠᠳᠠᠢ ᠠᠵᠢᠯᠯᠠᠵᠣ᠂ ᠳᠠᠬᠢᠨ ᠪᠤᠳᠠᠳᠠᠢ ᠠᠵᠢᠯᠯᠠᠵᠦ᠂ ᠨᠠᠶᠢᠳᠠᠪᠤᠷᠢᠵᠢᠭᠤᠯᠵᠤ᠂ ᠨᠠᠶᠢᠳᠠᠪᠣᠷᠢᠵᠢᠭᠤᠯᠵᠣ᠂ ᠲᠠᠬᠢᠨ ᠲᠠᠪᠳᠠᠨ ᠨᠠᠶᠢᠳᠠᠪᠤᠷᠢᠵᠢᠭᠤᠯᠬᠤ ᠳᠤ ᠪᠣᠢ᠂ ᠴᠠᠬ ᠮᠦᠴᠡ ᠲᠠᠢ ᠤᠷᠤᠯᠳᠤᠬᠤ᠂ ᠦᠷᠯᠦᠬᠡ ᠦᠳᠡᠰᠢ ᠶᠢ ᠲᠡᠮᠡᠴᠡᠬᠦ ᠪᠠᠴᠢᠮ ᠲᠤᠯᠭᠠᠮ᠎ᠠ ᠰᠡᠳᠬᠢᠯᠬᠡ ᠪᠠᠷ ᠡᠯ᠎ᠠ ᠵᠦᠢᠯ ᠤᠨ ᠰᠢᠢᠳᠪᠦᠷᠢᠳᠤ ᠪᠤᠳᠤᠯᠭ᠎ᠠ ᠶᠢ ᠦᠨᠳᠦᠰᠦ ᠬᠠᠳᠬᠤᠭᠤᠯᠣᠨ ᠦᠷᠡᠯᠡᠭᠦᠯᠤᠨ ᠵᠢᠮᠢᠰᠯᠡᠭᠦᠯᠭᠦ ᠶᠢ ᠠᠬᠢᠭᠤᠯᠬᠤ ᠬᠡᠷᠡᠭᠳᠡᠢ᠃       ᠨᠠᠶᠢᠳᠠᠪᠤᠷᠢᠵᠢᠭᠤᠯᠬᠤ ᠶᠢ ᠠᠳᠬᠤᠬᠤ ᠳᠤ᠂ ᠦᠵᠡᠯ ᠰᠠᠨᠠᠭ᠎ᠠ ᠪᠠᠨ ᠨᠢᠬᠡᠳᠬᠡᠬᠦ ᠲᠤᠮᠳᠠ ᠬᠠᠨᠴᠤᠢ ᠰᠢᠮᠠᠯᠠᠨ ᠠᠵᠢᠯᠯᠠᠬᠤ ᠬᠡᠷᠡᠭᠳᠡᠢ᠃ ᠪᠦᠬᠦ ᠤᠷᠤᠨ ᠲᠠᠶᠠᠭᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠬ ᠤᠨ ᠤᠷᠳᠤᠨ ᠤ ᠬᠦᠭᠵᠢᠯᠳᠡ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠳᠠ ᠳᠡᠭᠡᠷ᠎ᠡ ᠨᠢᠬᠡᠳᠬᠡᠨ᠂ ᠡᠯ᠎ᠠ ᠵᠦᠢᠯ ᠤᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠲᠡᠭᠡᠷ᠎ᠠ ᠨᠢᠬᠡᠳᠬᠡᠵᠦ᠂ ᠨᠡᠩ ᠬᠤᠷᠴᠠ ᠰᠡᠷᠬᠡᠭ ᠪᠠᠶᠢᠵᠦ᠂ ᠨᠡᠩ ᠪᠤᠳᠠᠳᠠᠢ ᠶᠢ ᠡᠷᠬᠢᠮᠯᠡᠨ᠂ ᠨᠡᠩ ᠬᠦᠴᠦᠯᠡᠴᠡ ᠲᠠᠢ ᠪᠠᠷ ᠡᠯ᠎ᠠ ᠲᠦᠷᠦᠯ ᠤᠨ ᠠᠵᠢᠯ ᠢᠶᠠᠨ ᠠᠬᠢᠭᠤᠯᠤᠨ᠂ ᠡᠯ᠎ᠠ ᠵᠦᠢᠯ ᠤᠨ ᠠᠵᠢᠯ ᠢᠶᠠᠨ ᠨᠡᠩ ᠰᠡᠷᠭᠡᠭ ᠢᠶᠠᠷ᠂ ᠨᠡᠩ ᠪᠤᠳᠠᠳᠠᠢ ᠶᠢ ᠡᠷᠬᠢᠮᠯᠡᠨ᠂ ᠨᠡᠩ ᠡᠷᠴᠢᠮ ᠲᠠᠢ ᠠᠬᠢᠭᠤᠯᠬᠤ ᠬᠡᠷᠡᠭᠳᠡᠢ᠃ ᠨᠡᠩ ᠰᠡᠷᠬᠡᠭ ᠢᠶᠠᠷ ᠬᠡᠳᠡᠭ ᠨᠢ ᠲᠠᠷᠤᠢ ᠪᠤᠰᠤᠳᠴᠢ ᠤᠶᠤᠨᠯᠢᠭ ᠲᠠᠷᠢᠬᠢ ᠲᠤᠯᠤᠭᠠᠢ ᠲᠠᠢ ᠪᠠᠶᠢᠬᠤ ᠶᠢ ᠢᠮᠠᠭᠳᠠ ᠪᠠᠲᠤᠯᠠᠵᠦ᠂ ᠤᠳᠤᠬᠠᠨ ᠤ ᠬᠤᠷᠸ᠎ᠠ ᠠᠵᠦ ᠠᠬᠤᠢ ᠶᠢᠨ ᠪᠠᠶᠢᠳᠠᠯ ᠤᠨ ᠬᠦᠨᠳᠤ ᠬᠡᠴᠡᠬᠦᠦ ᠴᠢᠨᠠᠷ ᠢ ᠬᠦᠢᠴᠡᠳ ᠲᠠᠨᠢᠬᠤ ᠮᠦᠷᠳᠡᠬᠡᠨ ᠪᠠᠰᠠ ᠬᠦᠴᠢᠷᠳᠡᠯ ᠲᠠᠢ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠳᠤᠷ ᠬᠢᠬᠦ ᠶᠠᠪᠣᠳᠠᠯ ᠪᠣᠯᠣᠨ᠎ᠠ︔ ᠪᠠᠰᠠ ᠤᠳᠤᠬᠠᠨ ᠤ ᠮᠠᠨ ᠤ ᠤᠷᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠦᠷᠬᠦᠯᠵᠢᠯᠡᠨ ᠰᠠᠶᠢᠵᠢᠷᠠᠬᠤ ᠦᠨᠳᠦᠰᠦᠨ ᠲᠠᠯ᠎ᠠ ᠶᠡᠷᠦᠨᠢ ᠬᠤᠪᠢᠷᠠᠬᠰᠠᠨ ᠦᠬᠡᠢ ᠪᠠᠶᠢᠬᠤ ᠶᠢ ᠬᠦᠢᠴᠡᠳ ᠲᠠᠨᠢᠵᠦ᠂ ᠬᠦᠭᠵᠢᠯᠳᠡ ᠶᠢ ᠠᠬᠢᠭᠤᠯᠬᠤ ᠠᠰᠢᠬᠳᠠᠢ ᠬᠦᠴᠦᠨ ᠵᠦᠢᠯ ᠪᠠ ᠢᠳᠡᠪᠬᠢᠳᠡᠢ ᠨᠦᠬᠦᠴᠡᠯ ᠢ ᠦᠷᠬᠦᠯᠵᠢᠯᠡᠨ ᠨᠡᠮᠡᠭᠳᠡᠬᠦᠯᠵᠦ᠂ ᠢᠳᠡᠬᠡᠯ ᠵᠤᠷᠢᠬ ᠢᠶᠠᠨ ᠪᠠᠲᠤᠳᠬᠠᠨ᠂ ᠬᠦᠴᠢᠷ ᠢ ᠰᠦᠷᠦᠨ ᠤᠷᠤᠬᠰᠢᠯᠠᠵᠦ᠂ ᠴᠢᠷᠮᠠᠶᠢᠨ ᠤᠷᠤᠬᠰᠢᠯᠠᠬᠤ ᠶᠠᠪᠣᠳᠠᠯ ᠪᠣᠯᠣᠨ᠎ᠠ᠃ ᠨᠡᠩ ᠪᠤᠳᠠᠳᠠᠢ ᠶᠢ ᠡᠷᠬᠢᠮᠯᠡᠬᠦ ᠭᠡᠳᠡᠭ ᠨᠢ᠂ ᠬᠦᠭᠡᠷᠴᠦ ᠲᠠᠪᠴᠢᠳᠠᠬᠤ᠂ ᠠᠶᠤᠵᠦ ᠲᠠᠲᠠᠭᠠᠯᠵᠠᠬᠤ ᠶᠢ ᠬᠦᠴᠦᠯᠡᠨ ᠲᠡᠪᠴᠢᠵᠦ᠂ ᠠᠮᠵᠢᠯᠳᠠ ᠪᠠᠨ ᠮᠠᠵᠣᠯᠠᠨ ᠭᠠᠶᠢᠬᠠᠭᠤᠯᠬᠤ ᠦᠭᠡᠢ᠂ ᠰᠡᠳᠬᠢᠯ ᠬᠠᠩᠬᠤ ᠦᠬᠡᠢ᠂ ᠬᠦᠴᠢᠷᠳᠡᠯ ᠤᠨ ᠡᠮᠦᠨ᠎ᠠ ᠴᠦᠬᠦᠷᠡᠬᠦ ᠦᠬᠡᠢ᠂ ᠤᠬᠤᠷᠢᠬᠤ ᠦᠬᠡᠢ᠂ ᠬᠠᠨᠴᠤᠢ ᠰᠢᠮᠠᠯᠠᠨ ᠠᠵᠢᠯᠯᠠᠵᠦ᠂ ᠪᠡᠶ᠎ᠡ ᠪᠦᠬᠦ᠋ᠢᠨ ᠠᠳᠬᠤᠨ᠂ ᠨᠠᠮ ᠤᠨ ᠲᠦᠪ ᠬᠤᠷᠢᠶ᠎ᠠ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠬ ᠤᠨ ᠤᠷᠳᠤᠨ ᠤ ᠡᠯ᠎ᠠ ᠵᠦᠢᠯ ᠤᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠭᠤᠶᠢᠪᠢᠰᠢ ᠦᠬᠡᠢ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠡᠯ᠎ᠠ ᠵᠦᠢᠯ ᠤᠨ ᠦᠢᠯᠡᠰ ᠲᠠᠰᠤᠷᠠᠯᠳᠠ ᠦᠬᠡᠢ ᠰᠢᠨ᠎ᠠ ᠳᠡᠭᠳᠡᠷ ᠳᠤ ᠭᠠᠷᠬᠤ ᠶᠢ ᠠᠬᠢᠭᠤᠯᠬᠤ ᠶᠠᠪᠣᠳᠠᠯ ᠪᠣᠯᠤᠨ᠎ᠠ᠃ ᠨᠡᠩ ᠡᠷᠴᠢᠮ ᠲᠠᠢ ᠬᠡᠳᠡᠭ ᠨᠢ᠂ ᠲᠠᠷᠤᠢ ᠡᠯ᠎ᠠ ᠱᠠᠳᠤᠨ ᠤ ᠺᠠᠳ᠋ᠷ᠂ ᠤᠨᠴᠠᠭᠠᠶᠢᠯᠠᠨ ᠤᠳᠤᠷᠢᠳᠬᠤ ᠺᠠᠳ᠋ᠷ ᠤᠨ ᠬᠡᠷᠡᠭᠵᠢᠬᠦᠯᠬᠦ ᠬᠦᠴᠦᠨ᠂ ᠠᠬᠢᠭᠤᠯᠬᠤ ᠬᠦᠴᠦᠨ᠂ ᠡᠬᠦᠳᠦᠨ ᠪᠦᠲᠦᠬᠡᠬᠦ ᠬᠦᠴᠦᠨ ᠢ ᠪᠦᠬᠦ ᠲᠠᠯ᠎ᠠ ᠪᠠᠷ ᠴᠢᠩᠭᠠᠷᠠᠭᠤᠯᠤᠨ ᠲᠡᠭᠡᠭᠰᠢᠯᠡᠬᠦᠯᠵᠦ᠂ ᠬᠦᠳᠡᠯᠬᠦ ᠨᠢ ᠪᠤᠰᠢᠭᠤ ᠲᠦᠷᠬᠡᠨ᠂ ᠠᠵᠢᠯᠯᠠᠬᠤ ᠡᠷᠴᠢ ᠵᠣᠷᠢᠭ ᠨᠢ ᠭᠦᠢᠴᠡᠳ᠂ ᠠᠷᠭ᠎ᠠ ᠬᠡᠮᠵᠢᠶ᠎ᠡ ᠤᠯᠠᠨ ᠪᠣᠯᠭᠠᠵᠣ᠂ ᠡᠷᠡᠰ ᠰᠢᠭᠤᠷᠬᠠᠢ ᠪᠠᠷ ᠴᠤᠴᠠᠯᠳᠠ ᠦᠬᠡᠢ ᠤᠷᠤᠬᠰᠢᠯᠠᠵᠦ᠂ ᠬᠠᠮᠤᠬ ᠤᠨ ᠬᠦᠴᠦᠳᠡᠢ ᠪᠠᠲᠤᠯᠠᠭ᠎ᠠ᠂ ᠬᠠᠮᠤᠬ ᠤᠨ ᠡᠷᠡᠰ ᠤᠪᠤᠷ ᠢᠶᠠᠷ ᠠᠵᠢᠯ ᠢᠶᠠᠨ ᠪᠦᠬᠦ ᠬᠦᠴᠦᠨ ᠢᠶᠠᠷ ᠨᠠᠶᠢᠳᠠᠪᠤᠷᠢᠵᠢᠭᠤᠯᠤᠨ᠂ ᠬᠦᠭᠵᠢᠯᠳᠡ ᠶᠢ ᠪᠦᠬᠦ ᠲᠠᠯ᠎ᠠ ᠪᠠᠷ ᠠᠬᠢᠭᠤᠯᠬᠤ ᠶᠠᠪᠣᠳᠠᠯ ᠪᠣᠯᠣᠨ᠎ᠠ᠃      ᠨᠠᠶᠢᠳᠠᠪᠤᠷᠢᠵᠢᠭᠤᠯᠬᠤ ᠶᠢ ᠠᠳᠬᠤᠬᠤ ᠳᠤ ᠬᠦᠭᠵᠢᠯᠳᠠ ᠳᠤ ᠠᠩᠬᠠᠷᠣᠯ ᠢᠶᠠᠨ ᠲᠦᠪᠯᠡᠷᠡᠭᠦᠯᠬᠦ ᠳᠣᠮᠳᠠ ᠰᠡᠳᠭᠢᠯ ᠳᠠᠯᠪᠢᠨ ᠬᠦᠴᠦ ᠣᠷᠣᠭᠤᠯᠣᠨ ᠠᠵᠢᠯᠯᠠᠬᠤ ᠬᠡᠷᠡᠭᠳᠡᠢ᠃ ᠡᠨᠡ ᠳᠡᠷᠡ ᠣᠯᠠᠨ ᠶᠤᠰᠤ ᠶᠢᠨ ᠳᠤᠳᠣᠷ᠎ᠠ᠂ ᠬᠦᠭᠵᠢᠭᠦᠯᠬᠦ ᠪᠤᠯ ᠬᠠᠳᠠᠭᠤ ᠶᠤᠰᠤ︔ ᠲᠦᠮᠡ ᠮᠢᠩᠭᠠᠨ ᠱᠤᠭᠤᠮ ᠤᠨ ᠳᠣᠳᠣᠷ᠎ᠠ ᠬᠦᠭᠵᠢᠭᠦᠯᠬᠦ ᠪᠤᠯ ᠠᠮᠢ ᠨᠠᠰᠤᠨ ᠤ ᠱᠤᠭᠤᠮ᠃ ᠪᠢᠳᠡ ᠦᠪᠦᠷ ᠮᠤᠩᠭᠤᠯ ᠢ ᠬᠦᠭᠵᠢᠭᠦᠯᠬᠦ ᠪᠤᠤᠬᠢᠶ᠎ᠠ ᠶᠢ ᠬᠦᠯᠢᠶᠡᠨ ᠠᠪᠤᠯ᠎ᠠ᠂ ᠨᠠᠮ ᠪᠠ ᠠᠷᠠᠳ ᠲᠦᠮᠡᠨ ᠪᠢᠳᠡᠨ ᠢ ᠢᠳᠡᠬᠡᠵᠦ ᠪᠤᠢ᠂ ᠪᠢᠳᠡ ᠡᠨᠡᠬᠦ ᠢᠳᠡᠬᠡᠯ ᠳᠤ ᠦᠯᠦ ᠣᠰᠣᠯᠳᠠᠵᠣ᠂ ᠢᠳᠡᠭᠡᠯ ᠢ ᠬᠠᠷᠢᠭᠤᠴᠠᠯᠭ᠎ᠠ ᠪᠣᠯᠭᠠᠵᠣ᠂ ᠬᠠᠷᠢᠭᠤᠴᠠᠯᠭ᠎ᠠ ᠶᠢ ᠳᠡᠦᠬᠡᠨ ᠡᠬᠦᠷᠬᠡ ᠪᠤᠯᠭᠠᠵᠤ᠂ ᠨᠢᠬᠡ ᠮᠦᠴᠠ ᠴᠤ ᠰᠤᠯᠠᠷᠠᠭᠤᠯᠤᠯ ᠦᠬᠡᠢ᠂ ᠨᠢᠬᠡ ᠴᠠᠭ ᠴᠤ ᠬᠤᠶᠢᠷᠭᠤᠰᠢᠯ ᠦᠬᠡᠢ ᠪᠠᠷ᠂ ᠪᠣᠢ ᠪᠦᠬᠦᠢ ᠣᠶᠣᠨ ᠣᠬᠠᠭᠠᠨ ᠪᠠ ᠬᠦᠴᠦᠨ ᠴᠢᠳᠠᠯ ᠢᠶᠠᠨ ᠬᠦᠭᠵᠢᠯᠳᠡ ᠶᠢ ᠠᠬᠢᠭᠤᠯᠬᠤ ᠳᠡᠬᠡᠷ᠎ᠡ ᠲᠦᠪᠯᠡᠷᠡᠬᠦᠯᠵᠦ᠂ ᠠᠵᠤ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠡᠨᠡᠬᠦ ᠭᠤᠤᠯ ᠠᠵᠢᠯ ᠢ ᠭᠤᠶᠢᠪᠢᠰᠢ ᠦᠬᠡᠢ ᠢᠮᠠᠭᠳᠠ ᠠᠳᠬᠤᠵᠤ᠂ ᠨᠡᠮᠡᠭᠳᠡᠯ ᠢ ᠳᠣᠭᠳᠠᠪᠣᠷᠢᠵᠢᠭᠤᠯᠬᠤ᠂ ᠪᠦᠳᠦᠴᠡ ᠶᠢ ᠲᠤᠬᠢᠷᠠᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠠᠷᠠᠳ ᠲᠤ ᠠᠰᠢᠭ ᠬᠦᠷᠳᠡᠬᠡᠬᠦ᠂ ᠲᠦᠭᠰᠢᠬᠦᠷᠢ ᠶᠢ ᠰᠡᠷᠬᠡᠶᠢᠯᠡᠬᠦ ᠳᠡᠬᠡᠷ᠎ᠡ ᠴᠦᠬᠦᠷᠡᠯ ᠦᠭᠡᠢ ᠬᠦᠴᠦ ᠤᠷᠤᠭᠤᠯᠵᠤ᠂ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ᠂ ᠪᠦᠬᠦ ᠳᠠᠯ᠎ᠠ ᠪᠠᠷ ᠨᠡᠬᠡᠬᠡᠯᠳᠡ ᠬᠢᠭᠦ ᠪᠠᠨ ᠦᠷᠬᠡᠳᠬᠡᠬᠦ᠂ ᠨᠡᠶᠢᠬᠡᠮ ᠤᠨ ᠡᠶ᠎ᠡ ᠵᠤᠬᠢᠴᠠᠩᠭᠤᠢ ᠳᠤᠭᠳᠠᠭᠤᠨ ᠢ ᠬᠠᠮᠠᠭᠠᠯᠠᠬᠤ ᠳᠡᠬᠡᠷ᠎ᠡ ᠴᠦᠬᠦᠷᠡᠯ ᠦᠭᠡᠢ ᠬᠦᠴᠦ ᠤᠷᠤᠭᠤᠯᠵᠤ᠂ ᠡᠳᠦᠷ ᠪᠤᠯᠭᠠᠨ᠂ ᠰᠠᠷ᠎ᠠ ᠪᠦᠷᠢ᠂ ᠵᠢᠯ ᠲᠤᠳᠤᠮ ᠰᠡᠳᠭᠢᠯ ᠳᠠᠯᠪᠢᠨ ᠬᠠᠶᠢᠷ᠎ᠠ ᠪᠠᠨ ᠶᠡᠭᠦᠯᠡᠵᠦ ᠬᠦᠴᠦ ᠪᠠᠨ ᠭᠠᠷᠭᠠᠨ ᠰᠠᠶᠢᠳᠤᠷ ᠠᠵᠢᠯᠯᠠᠵᠦ᠂ ᠦᠪᠤᠷ ᠮᠤᠩᠭᠤᠯ ᠤᠨ ᠦᠭᠡᠷᠡᠴᠢᠯᠠᠯᠳᠠ ᠨᠡᠭᠡᠭᠡᠯᠳᠡ ᠪᠠ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠳᠠ ᠶᠢ ᠲᠠᠰᠤᠷᠠᠯᠳᠠ ᠦᠭᠡᠢ ᠲᠦᠯᠬᠢᠨ ᠣᠷᠣᠭᠰᠢᠯᠠᠭᠤᠯᠬᠤ ᠬᠡᠷᠡᠭᠳᠡᠢ᠃ ᠨᠠᠶᠢᠳᠠᠪᠤᠷᠢᠵᠢᠭᠤᠯᠬᠤ ᠶᠢ ᠠᠳᠬᠤᠬᠤ ᠳᠤ ᠤᠳᠤᠷᠢᠳᠤᠯᠭ᠎ᠠ ᠨᠠᠷ ᠲᠠᠭᠠᠭᠤᠯᠣᠨ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠳᠣᠳᠬᠠᠨ ᠠᠵᠢᠯᠯᠠᠬᠤ ᠬᠡᠷᠡᠭᠳᠡᠢ᠂ ᠡᠯ᠎ᠠ ᠱᠠᠳᠤᠨ ᠤ ᠤᠳᠤᠷᠢᠳᠬᠤ ᠺᠠᠳ᠋ᠷ ᠤᠨᠴᠠᠭᠠᠶᠢᠯᠠᠨ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠭᠤᠤᠯ ᠬᠠᠷᠢᠭᠤᠴᠠᠭᠠᠯᠳᠠᠨ ᠨᠠᠷ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠭᠡᠵᠦ᠂ ᠴᠢᠷᠮᠠᠶᠢᠨ ᠠᠵᠢᠯᠯᠠᠵᠣ᠂ ᠦᠨᠡᠨᠭᠦ ᠠᠳᠬᠤᠨ ᠪᠤᠳᠠᠳᠠᠢ ᠠᠵᠢᠯᠯᠠᠬᠤ ᠣᠶᠣᠨ ᠰᠠᠨᠠᠭᠠᠨ ᠤ ᠳᠦᠷᠰᠦ ᠪᠠᠶᠢᠳᠠᠯ ᠪᠠ ᠠᠵᠢᠯ ᠤᠨ ᠰᠤᠷᠳᠠᠯ ᠢᠶᠠᠨ ᠵᠠᠪᠠᠯ ᠪᠠᠳᠤᠯᠠᠵᠦ᠂ ︽ᠶᠤᠸᠠᠨᠱᠤᠸᠠᠢ︾ ᠪᠤᠯᠬᠤ ᠶᠢᠨ ᠲᠠᠭᠠᠤ ︽ᠲᠠᠶᠢᠨ ᠳᠤ ᠮᠤᠷᠳᠠᠵᠦ︾᠂ ᠵᠢᠱᠢᠶ᠎ᠡ ᠦᠵᠡᠭᠦᠯᠦᠨ ᠲᠠᠭᠠᠭᠤᠯᠬᠤ ᠦᠢᠯᠡᠳᠤᠯ ᠢᠶᠠᠨ ᠭᠦᠢᠴᠡᠳ ᠪᠠᠳᠠᠷᠠᠭᠤᠯᠬᠤ ᠬᠡᠷᠡᠭᠳᠡᠢ︔ ᠡᠯ᠎ᠠ ᠤᠳᠤᠷᠢᠳᠬᠤ ᠪᠠᠬ ᠨᠢᠭᠡᠯᠡ ᠵᠦᠢᠯ ᠢ ᠪᠤᠳᠤᠵᠦ᠂ ᠨᠢᠭᠡᠯᠡ ᠴᠢᠭᠯᠡᠯ ᠢᠶᠠᠷ ᠬᠦᠴᠦᠯᠡᠵᠦ᠂ ᠰᠡᠳᠬᠢᠯ ᠢᠶᠠᠨ ᠨᠢᠭᠡᠳᠭᠡᠨ ᠬᠦᠴᠦᠨ ᠢᠶᠠᠨ ᠬᠠᠮᠳᠣᠳᠬᠠᠵᠣ ᠡᠯ᠎ᠠ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ︔ ᠡᠯ᠎ᠠ ᠰᠠᠯᠠᠭ᠎ᠠ ᠮᠦᠴᠢᠷ ᠦᠨᠡᠨ ᠪᠣᠳᠠᠳᠠᠢ ᠠᠷᠭ᠎ᠠ ᠭᠠᠷᠭᠠᠵᠦ᠂ ᠪᠤᠳᠠᠳᠤ ᠤᠴᠢᠷ ᠰᠢᠢᠳᠪᠤᠷᠢᠯᠡᠵᠦ᠂ ᠪᠤᠳᠠᠳᠤ ᠦᠷ᠎ᠠ ᠠᠰᠢᠭ ᠢ ᠡᠷᠬᠢᠮᠯᠡᠵᠦ᠂ ᠪᠦᠭᠦ ᠤᠷᠤᠨ ᠤ ᠶᠡᠭᠡ ᠲᠠᠯ᠎ᠠ ᠳᠤ ᠵᠣᠭᠰᠣᠨ᠂ ᠪᠤᠳᠠᠳᠠᠢ ᠵᠦᠷᠢᠴᠡᠯ ᠳᠤ ᠰᠢᠭᠤᠳ ᠬᠠᠨᠳᠣᠵᠣ᠂ ᠪᠤᠳᠠᠳᠠᠢ ᠠᠰᠠᠭᠤᠳᠠᠯ ᠢ ᠰᠢᠢᠳᠪᠤᠷᠢᠯᠡᠵᠦ᠂ ᠪᠦᠭᠦ ᠬᠦᠴᠦᠨ ᠢᠶᠠᠷ ᠢᠶᠠᠨ ᠬᠦᠭᠵᠢᠯᠳᠠ ᠶᠢ ᠲᠦᠯᠦᠪᠵᠢᠭᠦᠯᠦᠨ ᠠᠬᠢᠭᠤᠯᠬᠤ ᠬᠡᠷᠡᠭᠳᠡᠢ︔ ᠠᠷᠠᠳ ᠤᠨ ᠲᠦᠯᠦᠭᠡᠯᠡᠭᠴᠢᠳ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠠ ᠡᠨᠡ ᠤᠳᠠᠭ᠎ᠠ ᠶᠢᠨ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠲᠦᠷᠦᠭᠦᠯᠡᠨ ᠤᠬᠠᠭᠤᠯᠤᠨ ᠲᠤᠤᠱᠯᠠᠭᠤᠯᠣᠨ ᠨᠠᠶᠢᠳᠠᠪᠤᠷᠢᠵᠢᠭᠤᠯᠵᠣ᠂ ᠬᠦᠭᠵᠢᠯᠳᠠ ᠶᠢᠨ ᠢᠳᠡᠭᠡᠯ ᠢ ᠨᠡᠶᠢᠭᠡᠮ ᠤᠨ ᠡᠯ᠎ᠠ ᠲᠠᠯ᠎ᠠ ᠳᠤ ᠳᠠᠮᠵᠢᠭᠤᠯᠵᠣ᠂ ᠬᠤᠷᠠᠯ ᠤᠨ ᠵᠤᠷᠢᠭ ᠰᠠᠨᠠᠭ᠎ᠠ ᠶᠢ ᠪᠦᠭᠦ ᠤᠷᠤᠨ ᠤ ᠡᠯ᠎ᠠ ᠠᠵᠢᠯ ᠲᠦᠷᠦᠯ ᠳᠤ ᠣᠯᠠᠮᠵᠢᠯᠠᠵᠣ᠂ ᠲᠠᠷᠤᠢ ᠲᠦᠷᠭᠡᠨ ᠪᠦᠭᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠮᠳᠤ ᠶᠢᠨ ᠠᠵᠢᠯᠯᠠᠭ᠎ᠠ ᠪᠤᠯᠭᠠᠨ ᠬᠤᠪᠢᠷᠠᠭᠤᠯᠬᠤ ᠬᠡᠷᠡᠭᠳᠡᠢ︔ ᠡᠯ᠎ᠠ ᠦᠨᠳᠦᠰᠦᠳᠡᠨ ᠡᠯ᠎ᠠ ᠡᠳᠡᠭᠡᠳ ᠤᠨ ᠬᠢᠨ ᠪᠦᠯᠭᠦᠮᠳᠠᠨ ᠨᠢᠭᠡᠳᠴᠤ ᠬᠦᠭᠵᠢᠯᠳᠠ ᠶᠢ ᠰᠦᠪᠡᠭᠴᠢᠯᠡᠨ᠂ ᠰᠢᠨ᠎ᠠ ᠦᠢᠯᠡᠰ ᠪᠣᠰᠬᠠᠵᠣ᠂ ᠬᠡᠷᠡᠯ ᠰᠠᠴᠣᠷᠠᠩᠭᠤᠢ ᠬᠠᠭᠤᠳᠠᠰᠤ ᠶᠢ ᠪᠢᠴᠢᠭᠯᠡᠵᠦ᠂ ᠦᠪᠤᠷ ᠮᠤᠩᠭᠤᠯ ᠤᠨ ᠠᠵᠢᠯ ᠢ ᠬᠠᠮᠳᠤᠪᠠᠷ ᠰᠠᠶᠢᠳᠤᠷ ᠬᠢᠬᠦ ᠬᠡᠷᠡᠭᠳᠡᠢ᠃ ᠪᠦᠭᠦ ᠤᠷᠤᠨ ᠳᠠᠶᠠᠭᠠᠷ ᠢᠶᠠᠨ ᠨᠠᠶᠢᠳᠠᠪᠤᠷᠢᠵᠢᠭᠤᠯᠬᠤ ᠶᠢ ᠠᠳᠬᠤᠬᠤ ᠰᠠᠶᠢᠨ ᠰᠠᠶᠢᠬᠠᠨ ᠤᠷᠴᠢᠨ ᠲᠤᠭᠤᠷᠢᠨ ᠪᠠ ᠪᠠᠶᠢᠭᠤᠯᠤᠮᠵᠢ ᠲᠤᠬᠳᠠᠴᠠ ᠶᠢ ᠦᠨᠡᠨᠬᠦ ᠪᠣᠢ ᠪᠣᠯᠭᠠᠵᠣ᠂ ᠬᠤᠷᠠᠯ ᠢᠶᠠᠷ ᠬᠤᠷᠠᠯ ᠢ ᠨᠠᠶᠢᠳᠠᠪᠤᠷᠢᠵᠢᠭᠤᠯᠵᠤ᠂ ᠪᠢᠴᠢᠭ ᠮᠠᠲ᠋ᠧᠷᠢᠶᠠᠯ ᠢᠶᠠᠷ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠵᠤ ᠤᠭᠳᠤ ᠪᠤᠯᠬᠤ ᠦᠬᠡᠢ᠂ ᠡᠷᠬᠡᠪᠰᠢ ᠬᠦᠴᠦᠨ ᠢᠶᠠᠨ ᠲᠦᠪᠯᠡᠷᠡᠬᠦᠯᠦᠨ᠂ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠳᠡᠢ᠃ ᠪᠢᠳᠡ ᠳᠤᠭ ᠳᠡᠮᠳᠡᠭ ᠳᠤᠳᠤᠷᠬᠠᠢ ᠪᠠᠷ ᠪᠤᠳᠠᠳᠠᠢ ᠠᠵᠢᠯᠯᠠᠬᠤ ᠶᠢ ᠳᠡᠭᠡᠳᠦᠯᠡᠬᠦ ᠬᠦᠮᠦᠨ ᠬᠡᠷᠡᠭᠯᠡᠬᠦ ᠤᠳᠤᠷᠢᠳᠤᠮᠵᠢ ᠶᠢ ᠪᠤᠢ ᠪᠤᠯᠭᠠᠵᠤ᠂ ᠪᠤᠳᠠᠳᠠᠢ ᠶᠢ ᠡᠷᠬᠢᠮᠯᠡᠭᠰᠡᠨ ᠬᠡᠷᠡᠭᠴᠡᠭᠡ ᠲᠠᠢ ᠱᠠᠯᠠᠪᠳᠠᠭᠤᠯᠤᠨ ᠰᠢᠢᠳᠪᠦᠷᠢᠯᠡᠭᠦᠯᠬᠦ ᠳᠦᠷᠢᠮ᠂ ᠱᠠᠩᠨᠠᠵᠤ ᠳᠤᠷᠭᠠᠬᠤ ᠳᠦᠷᠢᠮ᠂ ᠬᠠᠷᠢᠭᠤᠴᠠᠯᠭ᠎ᠠ ᠳᠣᠯᠭᠠᠬᠤ ᠳᠦᠷᠢᠮ ᠢ ᠪᠠᠶᠢᠭᠤᠯᠵᠤ᠂ ᠵᠤᠬᠢᠶᠠᠨ ᠪᠠᠶᠢᠭᠤᠯᠤᠯᠳᠠ ᠶᠢᠨ ᠵᠠᠷᠴᠢᠮ᠂ ᠺᠠᠳ᠋ᠷ ᠤᠨ ᠰᠠᠬᠢᠯᠭ᠎ᠠ ᠪᠠᠳᠤ᠂ ᠭᠠᠪᠢᠶ᠎ᠠ ᠤᠰᠤᠯ ᠵᠦᠪ ᠪᠤᠷᠤᠭᠤ ᠪᠠᠷ ᠡᠯ᠎ᠠ ᠱᠠᠳᠤᠨ ᠤ ᠺᠠᠳ᠋ᠷ ᠤᠨ ᠨᠠᠶᠢᠳᠠᠪᠤᠷᠢᠵᠢᠭᠤᠯᠬᠤ ᠶᠢ ᠠᠳᠬᠤᠬᠤ ᠴᠢᠳᠠᠪᠣᠷᠢ ᠶᠢ ᠰᠢᠯᠭᠠᠵᠤ᠂ ᠨᠠᠶᠢᠳᠠᠪᠤᠷᠢᠵᠢᠭᠤᠯᠬᠤ ᠶᠢ ᠠᠳᠬᠤᠬᠤ ᠳᠣᠮᠳᠠ ᠺᠠᠳ᠋ᠷ ᠤᠨ ᠨᠠᠮᠴᠢ ᠴᠢᠨᠠᠷ ᠤᠨ ᠪᠤᠯᠪᠠᠰᠤᠷᠠᠯ᠂ ᠴᠢᠳᠠᠪᠤᠷᠢ ᠬᠡᠪ ᠪᠤᠯᠪᠠᠰᠤᠷᠠᠯ᠂ ᠤᠶᠤᠨ ᠰᠠᠨᠠᠭᠠᠨ ᠤ ᠳᠦᠷᠰᠦ ᠪᠠᠶᠢᠳᠠᠯ ᠪᠠ ᠠᠵᠢᠯ ᠤᠨ ᠠᠮᠵᠢᠯᠳᠠ ᠪᠦᠳᠦᠮᠵᠢ ᠶᠢ ᠦᠵᠡᠵᠦ᠂ ᠦᠨᠡᠨᠭᠦ ᠠᠳᠬᠤᠨ ᠪᠤᠳᠠᠳᠠᠢ ᠠᠵᠢᠯᠯᠠᠬᠤ ᠵᠤᠷᠢᠭ ᠰᠠᠨᠠᠭ᠎ᠠ ᠪᠠᠷ ᠡᠯ᠎ᠠ ᠵᠦᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠭᠦ ᠲᠠᠯ᠎ᠠ ᠪᠠᠷ ᠪᠦᠲᠦᠮᠵᠢᠳᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ᠃      ᠲᠦᠯᠦᠬᠡᠯᠡᠭᠴᠢᠳ ᠡ᠂ ᠨᠦᠬᠦᠳ ᠡ︕ ᠴᠠᠭ ᠦᠶ᠎ᠠ ᠠᠴᠠ ᠮᠠᠨ ᠳᠤ ᠤᠯᠭᠤᠭᠰᠠᠨ ᠳᠡᠦᠬᠡᠳᠦ ᠡᠬᠦᠷᠬᠡ ᠢᠷᠠᠭᠤ ᠠᠯᠳᠠᠷ ᠲᠠᠢ ᠮᠦᠷᠳᠡᠬᠡᠨ ᠡᠷᠬᠢᠮ ᠳᠡᠬᠡᠳᠤ᠂ ᠠᠷᠠᠳ ᠲᠦᠮᠡᠨ ᠠᠴᠠ ᠮᠠᠨ ᠳᠤ ᠳᠠᠯᠪᠢᠵᠣ ᠪᠠᠶᠢᠭ᠎ᠠ ᠬᠦᠰᠡᠯ ᠨᠠᠶᠢᠳᠠᠯᠭ᠎ᠠ ᠴᠢᠩ ᠰᠡᠳᠬᠢᠯ ᠤᠨ ᠮᠦᠷᠳᠡᠬᠡᠨ ᠨᠦᠰᠡᠷ ᠬᠦᠨᠳᠦ᠃ ᠪᠢᠳᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠳᠤᠭᠤᠷᠢᠨ ᠳᠤ ᠨᠡᠩ ᠨᠢᠭᠳᠠᠷᠠᠨ ᠪᠦᠯᠬᠦᠮᠳᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠣᠯᠴᠠᠵᠤ᠂ ᠪᠦᠯᠬᠦᠮᠳᠡᠨ ᠳᠠᠪᠰᠢᠵᠤ᠂ ᠴᠤᠴᠠᠯᠳᠠ ᠦᠬᠡᠢ ᠤᠷᠤᠭᠰᠢᠯᠠᠨ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠢᠯᠠᠯᠳᠠ ᠶᠢ ᠳᠡᠮᠡᠴᠡᠨ ᠤᠯᠬᠤ ᠰᠢᠨ᠎ᠡ ᠪᠠᠶᠢᠳᠠᠯ ᠢ ᠳᠠᠰᠤᠷᠠᠯᠳᠠ ᠦᠬᠡᠢ ᠨᠡᠭᠡᠭᠡᠵᠦ᠂ ᠡᠬᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠳᠦᠬᠡᠨ ᠪᠠᠶᠢᠭᠤᠯᠵᠤ᠂ ᠰᠢᠯᠢᠳᠡᠭ ᠠᠮᠵᠢᠯᠳᠠ ᠪᠠᠷ ᠢᠶᠠᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠪᠠᠨ ᠪᠡᠯᠬᠡᠯᠡᠵᠦ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠭᠳᠤᠵᠠᠭᠠᠶ᠎ᠠ︕ ᠬᠠᠮᠤᠭ ᠤᠨ ᠰᠡᠭᠦᠯ ᠳᠤ᠂ ᠶᠡᠭᠡ ᠬᠤᠷᠠᠯ ᠤᠨ ᠳᠡᠷᠢᠬᠦᠯᠡᠭᠴᠢᠳ ᠤᠨ ᠪᠦᠯᠬᠦᠮ ᠢ ᠲᠦᠯᠦᠭᠡᠯᠡᠨ᠂ ᠪᠦᠬᠦ ᠠᠷᠠᠳ ᠤᠨ ᠲᠦᠯᠦᠬᠡᠯᠡᠭᠴᠢ᠂ ᠰᠤᠯᠠ ᠤᠷᠤᠯᠴᠠᠭᠰᠠᠳ ᠲᠤ᠂ ᠶᠡᠭᠡ ᠬᠤᠷᠠᠯ ᠳᠤ ᠬᠦᠴᠦ ᠬᠦᠳᠡᠯᠮᠦᠷᠢ ᠪᠠᠨ ᠡᠷᠭᠦᠭᠰᠡᠨ ᠪᠦᠬᠦ ᠠᠵᠢᠯᠳᠠᠨ᠂ ᠳᠤᠳᠤᠭᠠᠳᠤ ᠶᠢ ᠬᠠᠮᠠᠭᠠᠯᠬᠠᠤ ᠺᠠᠳ᠋ᠷ ᠴᠠᠭᠳᠠᠭ᠎ᠠ᠂ ᠰᠤᠨᠢᠨ ᠮᠡᠳᠡᠬᠡᠨ ᠤ ᠠᠵᠢᠯᠳᠠᠨ ᠳᠤ᠂ ᠬᠦᠬᠡᠬᠤᠳᠠ ᠵᠢᠴᠢ ᠶᠡᠭᠡ ᠬᠤᠷᠠᠯ ᠳᠤ ᠦᠢᠯᠡᠴᠢᠯᠡᠬᠦ ᠳᠤ ᠬᠤᠪᠢ ᠨᠡᠮᠡᠷᠢ ᠦᠵᠡᠬᠦᠯᠦᠭᠰᠡᠨ ᠨᠢᠬᠡᠴᠡ ᠪᠠ ᠨᠦᠬᠦᠳ ᠲᠤ᠂ ᠦᠨᠡᠨ ᠰᠡᠳᠬᠢᠯ ᠠᠴᠠ ᠪᠠᠨ ᠳᠠᠯᠠᠷᠬᠠᠵᠣ ᠪᠠᠶᠢᠨ᠎ᠠ︕      ᠴᠠᠭᠠᠨ ᠰᠠᠷ᠎ᠠ ᠣᠳᠠᠯ ᠦᠭᠡᠢ ᠬᠦᠷᠴᠦ ᠢᠷᠡᠬᠦ ᠪᠣᠯᠣᠯ᠎ᠠ᠂ ᠡᠨᠡᠬᠦ ᠳᠤᠬᠢᠶᠠᠯ ᠢᠶᠠᠷ ᠪᠢ ᠤᠯᠠᠨ ᠳᠤ ᠣᠷᠢᠳᠴᠢᠯᠠᠨ ᠴᠠᠭᠠᠨ ᠰᠠᠷ᠎ᠠ ᠶᠢᠨ ᠮᠡᠨᠳᠦ ᠬᠦᠷᠬᠡᠵᠦ ᠪᠠᠶᠢᠨ᠎ᠠ᠂ ᠤᠯᠠᠨ ᠢᠶᠠᠷ ᠢᠶᠠᠨ ᠰᠢᠨ᠎ᠡ ᠵᠢᠯ ᠳᠡᠭᠡᠨ ᠠᠵᠢᠯ ᠦᠢᠯᠡᠰ ᠠᠮᠵᠢᠯᠳᠠ ᠲᠠᠢ᠂ ᠪᠡᠶ᠎ᠠ ᠮᠠᠬᠠᠪᠤᠳ ᠡᠷᠡᠬᠦᠯ ᠴᠢᠬᠢᠷᠠᠭ᠂ ᠬᠡᠷ ᠬᠤᠳᠠᠯᠠᠭᠠᠷ ᠢᠶᠠᠨ ᠵᠤᠯ ᠵᠢᠷᠭᠠᠯ ᠲᠠᠢ ᠪᠠᠶᠢᠬᠤ ᠶᠢ ᠵᠦᠩᠨᠡᠶ᠎ᠠ︕                                                                
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号