ᠯᠢ ᠵᠢᠢ ᠾᠧᠩ᠄ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠡᠨ ᠤ ᠵᠤᠷᠢᠭ ᠰᠠᠨᠠᠭ᠎ᠠ ᠶᠢ ᠳᠠᠰᠤᠷᠠᠯᠳᠠ ᠦᠭᠡᠢ ᠬᠦᠨᠵᠡᠭᠡᠢ ᠰᠤᠷᠤᠯᠴᠠᠨ ᠲᠤᠤᠱᠯᠠᠭᠤᠯᠬᠤ ᠬᠡᠷᠡᠭᠲᠠᠢ
ᠨᠡᠶᠢᠲᠡᠯᠡᠭᠰᠡᠨ ᠴᠠᠭ᠄
2017-01-22
      1 ᠳ᠋ᠤᠭᠡᠷ ᠰᠠᠷ᠎ᠠ ᠶᠢᠨ 20 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠳᠤᠭᠤᠶᠢᠯᠠᠩ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠡᠨ ᠤ ᠵᠤᠷᠢᠭ ᠰᠠᠨᠠᠭ᠎ᠠ ᠶᠢ ᠳᠠᠰᠤᠷᠠᠯᠳᠠ ᠦᠭᠡᠢ ᠬᠦᠨᠵᠡᠭᠡᠢ ᠰᠤᠷᠤᠯᠴᠠᠬᠤ ᠪᠠᠷ ᠭᠤᠤᠯ ᠰᠡᠳᠦᠪ ᠪᠤᠯᠭᠠᠨ 2017 ᠤᠨ ᠤ ᠠᠩᠬᠠᠳᠤᠭᠠᠷ ᠤᠳᠠᠭ᠎ᠠ ᠶᠢᠨ ᠬᠠᠮᠳᠦ ᠶᠢᠨ ᠰᠤᠷᠤᠯᠴᠠᠯᠭ᠎ᠠ ᠬᠢᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠢᠮᠠᠭᠳᠠ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠮᠠᠨ ᠤ ᠤᠷᠤᠨ ᠤ ᠦᠭᠡᠷᠡᠴᠢᠯᠡᠯᠳᠠ ᠨᠡᠭᠡᠭᠡᠯᠳᠠ ᠪᠠ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠦᠨᠳᠦᠰᠦᠨ ᠵᠦᠭᠯᠡᠬᠦᠷ ᠪᠤᠯᠭᠠᠵᠦ᠂ ᠬᠦᠨᠵᠡᠭᠡᠢ ᠰᠤᠷᠤᠯᠴᠠᠵᠦ ᠨᠠᠷᠢᠯᠢᠭ ᠡᠵᠡᠮᠰᠢᠵᠦ᠂ ᠰᠡᠳᠬᠢᠯ ᠲᠠᠯᠪᠢᠨ ᠦᠢᠯᠡᠳᠦᠯᠭᠡᠵᠢᠬᠦᠯᠵᠦ᠂ ᠲᠠᠬᠢᠨ ᠰᠤᠷᠤᠯᠴᠠᠵᠦ ᠲᠠᠬᠢᠨ ᠰᠤᠳᠤᠯᠵᠦ᠂ ᠲᠠᠬᠢᠨ ᠲᠠᠶᠢᠴᠢᠯᠠᠵᠦ ᠲᠠᠬᠢᠨ ᠪᠠᠶᠢᠷᠢᠯᠠᠭᠤᠯᠵᠦ᠂ ᠲᠠᠬᠢᠨ ᠬᠦᠴᠦᠯᠡᠵᠦ ᠲᠠᠬᠢᠨ ᠭᠠᠷᠤᠭ᠎ᠠ ᠪᠠᠨ ᠡᠬᠢᠯᠡᠬᠦᠯᠵᠦ᠂ ᠪᠦᠬᠦ ᠤᠷᠤᠨ ᠳᠠᠶᠠᠭᠠᠷ ︽ᠲᠦᠷᠪᠡᠨ ᠤᠬᠠᠮᠰᠠᠷ︾ ᠤᠨᠴᠠᠭᠠᠶᠢᠯᠠᠨ ᠭᠤᠤᠯᠯᠠᠬᠤ ᠤᠬᠠᠮᠰᠠᠷ᠂ ᠨᠢᠭᠡᠳᠦᠯᠳᠠᠢ ᠪᠠᠶᠢᠬᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠦ᠂ ᠶᠠᠷᠢᠶᠠᠨ ᠤ ᠵᠤᠷᠢᠭ ᠰᠠᠨᠠᠭ᠎ᠠ ᠨᠡᠩ ᠰᠠᠶᠢᠳᠤᠷ ᠦᠨᠳᠦᠰᠦᠯᠡᠨ ᠨᠠᠬᠢᠶᠠᠯᠠᠵᠦ᠂ ᠴᠡᠴᠡᠭᠯᠡᠨ ᠵᠢᠮᠢᠰᠯᠡᠬᠦ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠤᠰᠤᠭᠠᠷ᠂ ᠦᠪᠡᠷᠲᠡᠭᠡᠨ ᠵᠠᠰᠠᠬᠤ ᠤᠷᠤᠨ ᠤ ᠮᠤᠵᠢ ᠶᠢᠨ ᠲᠡᠰ ᠤᠨ ᠤᠳᠤᠷᠢᠳᠬᠤ ᠨᠦᠬᠦᠳ ᠤᠶᠢᠷ᠎ᠠ ᠶᠢᠨ ᠬᠤᠭᠤᠴᠠᠭᠠᠨ ᠳᠤ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ ᠪᠠᠷ ᠦᠪᠡᠰᠦᠪᠡᠨ ᠰᠤᠷᠤᠯᠴᠠᠬᠤ ᠶᠢᠨ ᠬᠠᠮᠳᠦ ᠨᠠᠷᠢᠨ ᠬᠢᠨᠠᠮᠠᠭᠠᠢ ᠪᠤᠳᠤᠯᠬᠢᠯᠠᠵᠦ᠂ ᠤᠯᠤᠯᠳᠠ ᠲᠦᠷᠦᠭᠳᠡᠯ ᠢᠶᠠᠨ ᠪᠢᠴᠢᠵᠠᠢ᠃ ᠰᠤᠷᠤᠯᠴᠠᠯᠭ᠎ᠠ ᠶᠢᠨ ᠬᠤᠷᠠᠯ ᠳᠠᠭᠡᠷ᠎ᠠ ᠯᠢ ᠵᠢᠢ ᠾᠧᠩ ᠶᠠᠷᠦᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠰᠢᠨᠵᠢᠯᠠᠠ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠡᠡ ᠤ ᠤᠬ ᠵᠤᠬᠢᠶᠠᠯ ᠢ ᠲᠠᠶᠢᠴᠢᠯᠠᠨ ᠰᠤᠷᠤᠯᠴᠠᠵᠦ᠂ ᠨᠡᠮ ᠤᠨ ᠬᠤᠷᠢᠶ᠎ᠠ ᠶᠢᠨ ᠤᠨᠤᠯ ᠰᠤᠷᠦᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠡ ᠪᠡ ᠷᠸᠠ ᠶᠠ ᠫᠢᠩ᠂ ᠬᠤᠷᠴᠠ᠂ ᠳ᠋ᠦ᠋ ᠽᠢ᠂ ᠸᠠᠩ ᠢᠤᠢ ᠮᠢᠩ᠂ ᠯᠢᠦ ᠰᠢᠡ ᠯᠧ᠂ ᠸᠠᠩ ᠪᠦᠸᠧ ᠨᠠᠷ ᠦᠪᠡᠷᠳᠡᠬᠡᠡ ᠵᠠᠰᠠᠬᠤ ᠤᠷᠦᠠ ᠤ ᠠᠷᠪᠠᠳᠦᠭᠠᠷ ᠤᠳᠠᠭ᠎ᠠ ᠶᠢᠨ ᠨᠠᠮ ᠤᠨ ᠳᠦᠯᠥᠭᠡᠯᠡᠭᠴᠢᠳ ᠤᠨ ᠶᠡᠭᠡ ᠬᠤᠷᠠᠯ ᠪᠡ ᠦᠪᠡᠷᠳᠡᠬᠡᠡ ᠵᠠᠰᠠᠬᠤ ᠤᠷᠦᠨ ᠤ ᠨᠠᠮ ᠤᠨ ᠬᠤᠷᠢᠶ᠎ᠠ ᠶᠢᠨ ᠠᠷᠪᠡᠳᠦᠭᠠᠷ ᠬᠤᠭᠤᠴᠠᠭᠠᠠ ᠤ ᠬᠤᠶᠠᠳᠤᠭᠠᠷ ᠪᠦᠬᠦᠳᠠ ᠬᠤᠷᠠᠯ ᠤᠨ ᠵᠤᠷᠢᠬ ᠰᠠᠨᠠᠭ᠎ᠠ ᠶᠢ ᠳᠤᠤᠱᠯᠠᠭᠤᠯᠤᠠ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠠ ᠴᠢᠬᠤᠯᠠ ᠶᠠᠷᠢᠶ᠎ᠠ ᠲᠠᠯᠪᠢᠵᠦ᠂ ᠮᠤᠵᠢ ᠶᠢᠨ ᠳᠡᠰ ᠤᠨ ᠪᠤᠰᠦᠳ ᠤᠳᠦᠷᠢᠳᠬᠤ ᠨᠦᠬᠦᠳ ᠪᠢᠴᠢᠭ ᠢᠶᠠᠷ ᠰᠤᠯᠢᠯᠴᠠᠵᠠᠢ᠃ ᠤᠯᠠᠠ ᠤ ᠶᠡᠷᠢᠬᠰᠠᠠ ᠦᠬᠡ ᠪᠡ ᠰᠤᠯᠢᠯᠴᠠᠬᠰᠠᠠ ᠪᠢᠴᠢᠭ ᠮᠠᠲ᠋ᠧᠷᠢᠶᠠᠯ ᠳᠤ ᠨᠠᠮ ᠤᠨ ᠳᠦᠪ ᠬᠤᠷᠢᠶ᠎ᠠ ᠶᠢᠨ ᠭᠤᠤᠯᠯᠠᠬᠴᠢ᠂ ᠪᠦᠬᠦ ᠨᠠᠮ ᠤᠨ ᠭᠤᠤᠯᠯᠠᠬᠴᠢ ᠪᠤᠯᠤᠬᠰᠠᠠ ᠶᠠᠷᠦᠩᠬᠡᠢ ᠱᠦᠵᠢ ᠰᠢ ᠶᠢᠨ ᠫᠢᠩ ᠢ ᠴᠢᠩ ᠰᠠᠳᠬᠢᠯ ᠠᠴᠠ ᠪᠠᠨ ᠬᠦᠷᠢᠶᠠᠯᠠᠬᠦ ᠪᠡ ᠬᠦᠠ ᠳᠤᠳᠤᠨᠤ ᠪᠠᠷ ᠬᠠᠶᠢᠷᠠᠯᠠᠠ ᠬᠦᠨᠳᠦᠳᠬᠡᠵᠦ ᠪᠠᠶᠢᠬᠤ ᠪᠠᠨ ᠢᠯᠡᠳᠬᠡᠵᠦ᠂ ᠰᠤᠷᠤᠯᠴᠠᠬᠤ ᠳᠤᠤᠱᠯᠠᠭᠤᠯᠬᠤ ᠨᠠᠶᠢᠳᠠᠪᠤᠷᠢᠵᠢᠭᠤᠯᠬᠤ ᠶᠢ ᠰᠠᠶᠢᠳᠦᠷ ᠠᠳᠬᠤᠬᠤ ᠳᠡᠬᠡᠳᠦ ᠬᠡᠮᠵᠢᠶᠡᠡ ᠤ ᠤᠬᠠᠮᠰᠠᠷ ᠪᠠ ᠬᠠᠷᠢᠭᠤᠴᠠᠯᠭ᠎ᠠ ᠡᠬᠦᠷᠬᠡᠯᠡᠯ ᠢ ᠳᠤᠤᠱᠯᠠᠭᠤᠯᠤᠬᠰᠠᠠ ᠪᠠᠶᠢᠨ᠎ᠠ᠃ ᠰᠤᠷᠤᠯᠴᠠᠵᠦ ᠰᠤᠳᠤᠯᠤᠠ ᠶᠠᠷᠢᠯᠴᠠᠬᠤ ᠪᠠᠷ ᠳᠠᠮᠵᠢᠠ ᠦᠵᠡᠯ ᠰᠠᠨᠠᠭ᠎ᠠ ᠳᠠᠨᠢᠯᠳᠠ ᠪᠠᠨ ᠴᠢᠨᠠᠬᠰᠢᠳᠠ ᠳᠡᠭᠡᠭᠰᠢᠯᠡᠬᠦᠯᠵᠦ᠂ ᠳᠠᠮᠠᠴᠠᠬᠦ ᠬᠦᠴᠦᠡ ᠴᠢᠳᠠᠯ ᠢ ᠨᠢᠬᠳᠠᠷᠠᠭᠤᠯᠵᠦ᠂ ᠦᠢᠯᠡᠳᠦᠯᠬᠡ ᠶᠢᠨ ᠬᠦᠭᠵᠢᠯᠳᠡ ᠶᠢ ᠠᠬᠢᠭᠤᠯᠪᠡ ᠬᠡᠵᠦ ᠤᠯᠠᠠ ᠢᠶᠠᠷ ᠢᠶᠠᠨ ᠰᠠᠨᠠᠯ ᠨᠢᠬᠡᠳᠡᠢ ᠢᠯᠡᠳᠬᠡᠪᠡ᠃      ᠯᠢ ᠵᠢᠢ ᠾᠧᠩ ᠶᠠᠷᠢᠶᠡᠡ ᠳᠠᠭᠠᠨ᠂ 2014 ᠤᠠ ᠤ ᠴᠠᠭᠠᠠ ᠰᠠᠷ᠎ᠠ ᠶᠢᠨ ᠡᠮᠤᠨᠡᠬᠡᠡ ᠶᠠᠷᠦᠩᠬᠡᠢ ᠱᠦᠵᠢ ᠰᠢ ᠶᠢᠨ ᠫᠢᠩ ᠮᠠᠠ ᠤ ᠤᠷᠦᠠ ᠳᠤ ᠮᠤᠷᠢᠯᠠᠠ ᠰᠠᠭᠠᠳᠠᠵᠦ ᠰᠢᠨᠵᠢᠯᠠᠠ ᠪᠠᠶᠢᠴᠠᠭᠠᠵᠦ ᠵᠢᠭᠠᠠ ᠵᠢᠯᠥᠭᠤᠳᠴᠦ ᠴᠢᠬᠤᠯᠠ ᠶᠠᠷᠢᠶ᠎ᠠ ᠳᠠᠯᠪᠢᠵᠠᠢ᠃ ᠡᠨᠡ ᠨᠢ ᠦᠪᠤᠷ ᠮᠤᠩᠭᠤᠯ ᠤᠨ ᠬᠦᠭᠵᠢᠯᠳᠡ ᠶᠢᠨ ᠳᠡᠤᠬᠡᠡ ᠳᠡᠬᠡᠷᠠᠬᠢ ᠴᠢᠬᠤᠯᠠ ᠬᠦᠰᠢᠶ᠎ᠠ ᠳᠡᠮᠳᠡᠭ ᠪᠤᠯᠬᠤ ᠮᠦᠷᠳᠡᠬᠡᠡ ᠨᠠᠮ ᠤᠨ ᠳᠦᠪ ᠬᠤᠷᠢᠶ᠎ᠠ ᠪᠠ ᠶᠠᠷᠦᠩᠬᠡᠢ ᠱᠦᠵᠢ ᠰᠢ ᠶᠢᠨ ᠫᠢᠩ ᠦᠪᠤᠷ ᠮᠤᠩᠭᠤᠯ ᠤᠨ ᠦᠨᠳᠦᠰᠦᠳᠠᠠ ᠨᠦᠭᠦᠳ ᠤᠨ ᠠᠷᠠᠳ ᠳᠦᠮᠡᠡ ᠢ ᠳᠤᠳᠤᠨᠤ ᠪᠠᠷ ᠬᠠᠯᠠᠮᠵᠢᠯᠠᠵᠦ᠂ ᠦᠪᠤᠷ ᠮᠤᠩᠭᠤᠯ ᠤᠨ ᠦᠬᠡᠷᠡᠴᠢᠯᠡᠯᠳᠡ ᠬᠦᠭᠵᠢᠯᠳᠡ ᠳᠤ ᠨᠠᠠᠳᠢᠠ ᠳᠤᠯᠭᠠᠮ᠎ᠠ ᠬᠦᠰᠠᠯ ᠢᠶᠠᠨ ᠳᠠᠯᠪᠢᠵᠦ ᠪᠠᠶᠢᠬᠤ ᠶᠢ ᠬᠦᠢᠴᠠᠳ ᠢᠯᠡᠷᠡᠬᠦᠯᠪᠡ᠃ ᠶᠠᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠤᠯ ᠦᠪᠤᠷ ᠮᠤᠩᠭᠤᠯ ᠳᠤ ᠳᠤᠬᠳᠠᠭᠠᠵᠦ ᠦᠭᠬᠦᠭᠰᠡᠡ ᠠᠵᠢᠯᠯᠠᠭᠠᠠ ᠤ ᠴᠢᠨᠠᠷᠳᠠᠢ ᠬᠦᠳᠦᠯᠪᠤᠷᠢ ᠮᠦᠠ ᠪᠤᠯᠬᠤᠷ ᠪᠠᠶᠢᠯᠳᠤᠬᠤ ᠪᠤᠳᠤᠯᠭ᠎ᠠ ᠶᠢᠨ ᠴᠢᠨᠠᠷᠳᠠᠢ᠂ ᠪᠦᠬᠦ ᠳᠠᠯ᠎ᠠ ᠶᠢᠨ ᠴᠢᠨᠠᠷᠳᠠᠢ᠂ ᠦᠨᠳᠦᠰᠦᠠ ᠴᠢᠨᠠᠷᠳᠠᠢ᠂ ᠤᠷᠳᠦ ᠬᠤᠭᠤᠴᠠᠭᠠᠠ ᠤ ᠴᠢᠨᠠᠷᠳᠠᠢ ᠵᠢᠯᠥᠭᠤᠳᠬᠤ ᠠᠴᠢ ᠬᠤᠯᠪᠤᠬᠳᠠᠯ ᠲᠠᠢ ᠶᠤᠮ᠃ ᠨᠠᠮ ᠤᠨ ᠠᠷᠪᠠᠠ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠦᠪᠦᠷ ᠮᠤᠩᠭᠤᠯ ᠤᠨ ᠡᠯ᠎ᠠ ᠲᠠᠯ᠎ᠠ ᠶᠢᠨ ᠠᠵᠢᠯ ᠰᠢᠨ᠎ᠠ ᠠᠬᠢᠯᠲᠠ ᠲᠠᠢ ᠪᠤᠯᠵᠦ ᠰᠢᠨ᠎ᠠ ᠠᠮᠵᠢᠯᠲᠠ ᠤᠯᠵᠠᠢ᠂ ᠡᠭᠦᠨ ᠢ ᠦᠨᠲᠦᠰᠦᠨ ᠠᠴᠠ ᠨᠢ ᠠᠪᠴᠤ ᠬᠡᠯᠡᠪᠡᠯ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠲᠤᠷᠢᠲᠤᠯᠭ᠎ᠠ᠂ ᠲᠤᠲᠤᠨᠤ ᠬᠠᠯᠠᠮᠵᠢᠯᠠᠯ ᠤᠨ ᠦᠷ᠎ᠠ ᠳ᠋ᠦᠩ ᠮᠦᠨ᠂ ᠶᠡᠷᠦᠩᠭᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠠ ᠤ ᠵᠤᠷᠢᠭ ᠰᠠᠨᠠᠭ᠎ᠠ ᠢᠯᠠᠩᠭᠤᠶ᠎ᠠ ᠦᠪᠦᠷ ᠮᠤᠩᠭᠤᠯ ᠳᠤ ᠰᠢᠨᠵᠢᠯᠡᠡ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠠ ᠤ ᠵᠤᠷᠢᠭ ᠰᠠᠨᠠᠭ᠎ᠠ ᠶᠢᠨ ᠰᠢᠨᠵᠢᠯᠡᠬᠦ ᠤᠬᠠᠭᠠᠠᠴᠢ ᠵᠢᠯᠤᠭᠤᠲᠤᠯᠭ᠎ᠠ᠂ ᠬᠦᠴᠤᠲᠠᠢ ᠬᠦᠲᠦᠯᠦᠨ ᠲᠠᠭᠠᠭᠤᠯᠤᠭᠰᠠᠠ ᠤ ᠦᠷ᠎ᠠ ᠳ᠋ᠦᠩ ᠮᠦᠨ᠃ ᠪᠦᠬᠦ ᠤᠷᠤᠨ ᠤ ᠡᠯ᠎ᠠ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠪᠤᠯᠤᠨ ᠦᠷᠭᠡᠡ ᠤᠯᠠᠠ ᠨᠠᠮ ᠤᠨ ᠭᠡᠰᠢᠭᠦᠨ ᠺᠠᠳ᠋ᠷ ᠭᠤᠤᠯᠯᠠᠭᠴᠢ ᠪᠠᠨ ᠬᠦᠷᠢᠶᠡᠯᠡᠬᠦ᠂ ᠭᠤᠤᠯᠯᠠᠭᠴᠢ ᠪᠠᠨ ᠬᠠᠮᠠᠭᠠᠯᠠᠬᠤ᠂ ᠭᠤᠤᠯᠯᠠᠭᠴᠢ ᠪᠠᠨ ᠲᠠᠭᠠᠬᠤ᠂ ᠭᠤᠤᠯᠯᠠᠭᠴᠢ ᠪᠠᠨ ᠢᠮᠠᠭᠲᠠ ᠲᠠᠭᠠᠬᠤ ᠦᠨᠲᠦᠷᠴᠡ ᠳᠤ ᠵᠤᠭᠰᠤᠵᠦ᠂ ᠦᠵᠡᠯ ᠰᠠᠨᠠᠭ᠎ᠠ ᠪᠤᠯᠤᠨ ᠲᠠᠨᠢᠯᠲᠠ ᠪᠠᠨ ᠴᠢᠨᠠᠭᠰᠢᠲᠠ ᠲᠡᠭᠡᠭᠰᠢᠯᠡᠭᠦᠯᠵᠦ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠠ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠠ ᠤ ᠵᠤᠷᠢᠭ ᠰᠠᠨᠠᠭ᠎ᠠ ᠶᠢ ᠰᠤᠷᠤᠯᠴᠠᠠ ᠲᠤᠤᠱᠯᠠᠭᠤᠯᠬᠤ ᠶᠢ ᠤᠷᠲᠤ ᠬᠤᠭᠤᠴᠠᠭᠠᠠ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠦ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠠ ᠤ ᠵᠤᠷᠢᠭ ᠰᠠᠨᠠᠭ᠎ᠠ ᠪᠤᠯᠤᠨ ᠲᠦᠷᠦ ᠶᠢ ᠵᠠᠰᠠᠵᠦ ᠵᠠᠰᠠᠭ ᠢ ᠡᠷᠬᠢᠯᠡᠭᠦ ᠰᠢᠨ᠎ᠠ ᠤᠨᠤᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠲᠤᠬᠤ ᠪᠤᠲᠤᠯᠭ᠎ᠠ ᠲᠠᠢ ᠨᠢᠭᠲᠠ ᠤᠶᠠᠯᠲᠤᠭᠤᠯᠬᠤ ᠶᠢ ᠪᠠᠷᠢᠮᠲᠠᠯᠠᠵᠦ᠂ ᠤᠲᠤᠷᠢᠲᠤᠯᠭ᠎ᠠ ᠲᠠᠭᠠᠭᠤᠯᠤᠨ ᠰᠤᠷᠤᠯᠴᠠᠵᠦ ᠰᠤᠲᠤᠯᠤᠨ ᠶᠠᠷᠢᠯᠴᠠᠬᠤ ᠶᠢ ᠴᠢᠩᠭᠠᠡᠳᠬᠠᠠ᠂ ᠦᠷᠭᠡᠡ ᠲᠡᠯᠭᠡᠷ ᠬᠦᠨᠵᠡᠭᠡᠢ ᠤᠬᠠᠭᠤᠯᠵᠦ᠂ ᠬᠦᠨᠵᠡᠭᠡᠢ ᠰᠤᠷᠤᠯᠴᠠᠵᠦ ᠨᠢᠮᠪᠠᠢ ᠰᠤᠲᠤᠯᠬᠤ ᠤᠬᠠᠮᠰᠠᠷᠲᠦ ᠴᠢᠨᠠᠷ ᠪᠤᠯᠤᠨ ᠰᠠᠨᠠᠭᠠᠴᠢᠯᠠᠭᠠᠲᠦ ᠴᠢᠨᠠᠷ ᠢ ᠦᠨᠡᠡᠬᠦ ᠴᠢᠩᠭᠠᠳᠬᠠᠠ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠠ ᠤ ᠦᠵᠡᠯ ᠰᠠᠨᠠᠭᠠᠠ ᠤ ᠠᠭᠤᠯᠤᠭᠲᠠᠬᠤᠠ᠂ ᠵᠤᠷᠢᠭ ᠰᠠᠨᠠᠭᠠᠨ ᠤ ᠮᠦᠨ ᠴᠢᠨᠠᠷ᠂ ᠦᠢᠯᠡᠲᠦᠯᠭᠡ ᠶᠢᠨ ᠱᠠᠭᠠᠷᠲᠠᠯᠭ᠎ᠠ ᠶᠢ ᠤᠶᠢᠢᠯᠠᠭᠠᠠ ᠡᠵᠡᠮᠲᠡᠬᠦ ᠶᠢ ᠲᠠᠰᠤᠷᠠᠯᠲᠠ ᠦᠭᠡᠢ ᠴᠢᠩᠭᠠᠳᠬᠠᠠ᠂ ᠦᠨᠡᠡ ᠰᠡᠳᠭᠢᠯ ᠠᠴᠠ ᠪᠠᠨ ᠤᠶᠢᠯᠠᠭᠠᠬᠤ᠂ ᠦᠨᠡᠨ ᠢᠶᠠᠷ ᠮᠡᠲᠡᠷᠡᠵᠦ᠂ ᠬᠦᠴᠤᠲᠠᠢ ᠲᠤᠤᠱᠯᠠᠭᠤᠯᠤᠨ᠂ ᠦᠪᠦᠷ ᠮᠤᠩᠭᠤᠯ ᠤᠨ ᠬᠦᠭᠵᠢᠯᠲᠠ ᠶᠢ ᠨᠡᠩ ᠦᠨᠲᠦᠷ ᠤᠷᠴᠢᠨ ᠠᠬᠤᠢ᠂ ᠨᠡᠩ ᠦᠨᠲᠦᠷ ᠲᠦᠪᠰᠢᠨ ᠳᠤ ᠬᠦᠷᠭᠡᠵᠠᠢ ᠬᠡᠵᠦ ᠵᠢᠭᠠᠵᠦ ᠭᠠᠷᠭᠠᠪᠡ᠃      ︽ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠤᠷᠤᠨ ᠳᠤ ᠰᠢᠨᠵᠢᠯᠠᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠰᠤᠷᠤᠯᠴᠠᠨ ᠳᠤᠤᠱᠯᠠᠭᠤᠯᠬᠤ ᠳᠤ᠂ ᠰᠤᠷᠤᠯᠴᠠᠬᠤ ᠪᠤᠯ ᠤᠷᠢᠳᠡᠯ᠂ ᠳᠤᠤᠱᠯᠠᠭᠤᠯᠬᠤ ᠪᠤᠯ ᠵᠠᠩᠬᠢᠯᠠᠭ᠎ᠠ ᠶᠤᠮ︾᠃ ᠯᠢ ᠵᠢᠢ ᠡᡁᠧᠩ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠱᠠᠭᠠᠷᠳᠠᠯᠭ᠎ᠠ ᠶᠤᠰᠤᠭᠠᠷ᠂ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠳᠦᠯᠦᠬᠡᠯᠡᠭᠴᠢᠳ ᠤᠨ ᠶᠡᠭᠡ ᠬᠤᠷᠠᠯ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠤᠰᠤᠭᠠᠷ᠂ ᠤᠨᠢᠨ ᠳᠡᠬᠡᠷ᠎ᠠ ᠨᠢ ᠬᠦᠴᠦᠯᠡᠨ᠂ ᠦᠷᠬᠦᠯᠵᠢᠯᠡᠨ ᠬᠦᠴᠦᠯᠡᠵᠦ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠶᠢ ᠳᠦᠷᠬᠡᠳᠬᠡᠨ ᠠᠬᠢᠭᠤᠯᠵᠦ᠂ ᠮᠠᠯ ᠠᠵᠤ ᠠᠬᠤᠢ ᠳᠠᠷᠢᠶᠠᠯᠠᠩ ᠤᠨ ᠤᠳᠤᠬᠢᠴᠢᠯᠠᠯᠳᠠ ᠶᠢᠨ ᠠᠬᠢᠴᠠ ᠶᠢ ᠶᠡᠬᠡᠪᠡᠷ ᠠᠬᠢᠭᠤᠯᠵᠦ᠂ ᠤᠳᠤ ᠦᠶ᠎ᠠ ᠶᠢᠨ ᠰᠠᠭᠤᠷᠢ ᠳᠦᠬᠦᠬᠡᠷᠦᠮᠵᠢ ᠶᠢᠨ ᠳᠤᠤᠷ ᠤᠨ ᠰᠢᠰᠲ᠋ᠧᠮᠵᠢ ᠶᠢ ᠳᠠᠰᠤᠷᠠᠯᠳᠠ ᠦᠬᠡᠢ ᠳᠡᠬᠦᠯᠳᠡᠷᠵᠢᠬᠦᠯᠵᠦ᠂ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠶᠢ ᠬᠦᠨᠵᠡᠬᠡᠢ ᠠᠬᠢᠭᠤᠯᠵᠦ᠂ ᠳᠤᠳᠤᠭᠠᠳᠤ ᠭᠠᠳᠠᠭᠠᠳᠤ ᠳᠤ ᠨᠡᠬᠡᠬᠡᠯᠳᠡ ᠬᠢᠬᠦ ᠶᠢ ᠪᠦᠬᠦ ᠳᠡᠯ᠎ᠠ ᠪᠠᠷ ᠦᠷᠬᠡᠳᠬᠡᠵᠦ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ︽ᠬᠤᠶᠠᠷ ᠬᠠᠯᠬᠠᠪᠴᠢ︾ ᠶᠢᠨ ᠪᠦᠳᠦᠬᠡᠨ ᠪᠠᠶᠢᠭᠤᠯᠤᠯᠳᠠ ᠶᠢ ᠦᠨᠡᠨᠬᠦ ᠴᠢᠩᠭᠠᠳᠬᠠᠵᠦ᠂ ᠨᠠᠮ ᠢ ᠴᠢᠩᠭ᠎ᠠ ᠬᠠᠮᠢᠶᠠᠷᠬᠤ ᠴᠢᠩᠭ᠎ᠠ ᠵᠠᠰᠠᠬᠤ ᠠᠵᠢᠯ ᠢ ᠪᠦᠬᠦ ᠳᠠᠯ᠎ᠠ ᠪᠠᠷ ᠠᠬᠢᠭᠤᠯᠵᠦ᠂ ᠡᠯ᠎ᠠ ᠳᠦᠷᠦᠯ ᠤᠨ ᠠᠵᠢᠯ ᠦᠢᠯᠡᠰ ᠤᠨ ᠬᠦᠭᠵᠢᠯᠳᠡ ᠶᠢᠨ ᠰᠢᠨ᠎ᠠ ᠪᠠᠶᠢᠳᠠᠯ ᠢ ᠴᠢᠷᠮᠠᠶᠢᠨ ᠡᠬᠦᠳᠬᠦ ᠬᠡᠷᠡᠭᠳᠡᠢ ᠬᠡᠵᠦ ᠴᠢᠬᠤᠯᠠᠴᠢᠯᠠᠪᠠ᠃      ︽ᠶᠡᠷᠦᠩᠬᠡᠢ ᠱᠦᠵᠢ ᠰᠢ ᠶᠢᠨ ᠫᠢᠩ ᠮᠠᠨ ᠤ ᠤᠷᠤᠨ ᠢ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠡ ᠶᠠᠷᠢᠶᠡᠨ ᠤ ᠵᠤᠷᠢᠭ ᠰᠠᠨᠠᠭ᠎ᠠ ᠨᠢ ᠪᠢᠳᠡᠨ ᠳᠤ ᠰᠢᠨᠵᠢᠯᠡᠭᠦ ᠤᠬᠠᠭᠠᠨᠴᠢ ᠠᠵᠢᠯᠯᠠᠭᠠᠨ ᠤ ᠵᠦᠭᠯᠡᠭᠦᠷ ᠬᠠᠩᠭᠠᠬᠰᠡᠨ ᠢᠶᠠᠷ ᠪᠠᠷᠠᠬᠤ ᠦᠭᠡᠢ᠂ ᠪᠠᠰᠠ ᠭᠦᠴᠦᠷᠭᠡᠭ ᠶᠡᠭᠡ ᠵᠤᠷᠢᠭ ᠰᠠᠨᠠᠭᠠᠨ ᠤ ᠭᠦᠳᠡᠯᠭᠡᠭᠦ ᠭᠦᠴᠤ ᠶᠢ ᠬᠠᠩᠭᠠᠵᠠᠢ︾᠃ ᠯᠢ ᠵᠢᠢ ᠾᠧᠩ᠂ ᠡᠯ᠎ᠡ ᠱᠠᠳᠤᠨ ᠤ ᠤᠳᠤᠷᠢᠳᠬᠤ ᠪᠠᠭ ᠪᠡ ᠨᠠᠮ ᠤᠨ ᠭᠡᠰᠢᠭᠦᠨ ᠺᠡᠳ᠋ᠷ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠡᠷᠴᠢᠮᠳᠠᠢ ᠪᠠᠳᠠᠷᠠᠭᠤᠯᠵᠤ᠂ ᠢᠮᠡᠬᠳᠡ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠭᠦᠮᠳᠡᠨ ᠲᠡᠮᠡᠴᠡᠵᠤ᠂ ᠴᠤᠴᠠᠯᠳᠠ ᠦᠭᠡᠢ ᠤᠷᠤᠭᠰᠢᠯᠠᠬᠤ ᠵᠤᠷᠢᠭ ᠰᠠᠨᠠᠭᠠᠨ ᠤ ᠲᠦᠷᠰᠤ ᠪᠠᠶᠢᠳᠡᠯ ᠢ ᠪᠠᠷᠢᠮᠳᠠᠯᠠᠵᠤ᠂ ᠬᠠᠳᠠᠭᠤᠵᠢᠯᠳᠡᠢ ᠠᠵᠢᠯᠯᠠᠵᠤ ᠪᠤᠳᠠᠳᠠᠢ ᠠᠵᠢᠯᠯᠠᠬᠤ᠂ ᠵᠤᠷᠢᠭᠲᠠᠢ ᠡᠭᠦᠷᠭᠡᠯᠡᠵᠤ ᠬᠠᠷᠢᠭᠤᠴᠠᠬᠤ᠂ ᠦᠨᠡᠨᠴᠢ ᠰᠢᠳᠤᠷᠭᠤ ᠵᠢᠳᠭᠦᠭᠦ ᠳᠡᠭᠡᠷ᠎ᠡ ᠬᠤᠰᠢᠭᠤᠴᠢ ᠲᠠᠭᠤᠷᠢᠶᠠᠯ ᠪᠤᠯᠵᠤ᠂ ᠪᠦᠭᠦ ᠤᠷᠤᠨ ᠤ ᠦᠨᠳᠤᠰᠤᠳᠡᠨ ᠨᠦᠭᠦᠳ ᠤᠨ ᠺᠡᠳ᠋ᠷ ᠤᠯᠠᠨ ᠲᠦᠮᠡᠨ ᠢ ᠪᠦᠯᠭᠦᠮᠳᠡᠬᠦᠯᠦᠨ ᠲᠠᠶᠢᠴᠢᠯᠠᠵᠤ ᠪᠠᠶᠢᠭᠠᠳ ᠪᠦᠭᠦ ᠲᠠᠯ ᠎ᠡ ᠪᠠᠷ ᠴᠢᠨᠡᠭᠡᠯᠢᠭᠵᠢᠭᠦ ᠰᠢᠢᠳᠪᠦ᠋ᠷᠢᠳᠤ ᠢᠯᠡᠯᠳᠡ ᠤᠯᠬᠤ᠂ ᠤᠳᠤᠬᠢᠴᠢᠯᠡᠬᠰᠡᠨ ᠦᠪᠤᠷ ᠮᠤᠩᠭᠤᠯ ᠢ ᠪᠦᠳᠦᠭᠡᠨ ᠪᠠᠶᠢᠭᠤᠯᠬᠤ᠂ ᠡᠭᠡ ᠤᠯᠤᠰ ᠤᠨ ᠤᠮᠠᠷᠠᠳᠤ ᠶᠢᠨ ᠦᠵᠡᠰᠭᠦᠯᠡᠩᠳᠤ ᠰᠠᠶᠢᠬᠠᠨ ᠦᠵᠡᠮᠵᠢ ᠶᠢᠨ ᠤᠷᠤᠨ ᠢ ᠪᠠᠶᠢᠭᠤᠯᠬᠤ ᠲᠠᠯ᠎ᠠ ᠪᠠᠷ ᠠᠭᠤᠤ ᠶᠡᠭᠡ ᠦᠢᠯᠡᠳᠦᠯᠭᠡ ᠳᠤ ᠤᠷᠤᠯᠴᠠᠨ ᠠᠮᠵᠢᠯᠳᠠ ᠭᠠᠷᠭᠠᠬᠤ ᠪᠠᠷ ᠬᠦᠴᠦᠯᠡᠨ ᠴᠢᠷᠮᠠᠶᠢᠵᠦ᠂ ᠴᠠᠭ ᠦᠶ᠎ᠡ ᠳᠤ ᠤᠰᠤᠯᠳᠠᠬᠤ ᠦᠭᠡᠢ᠂ ᠠᠷᠠᠳ ᠲᠦᠮᠡᠨ ᠳᠤ ᠤᠰᠤᠯᠳᠠᠬᠤ ᠦᠭᠡᠢ᠂ ᠲᠡᠤᠭᠡ ᠳᠤ ᠤᠰᠤᠯᠳᠠᠬᠤ ᠦᠭᠡᠢ ᠦᠢᠯᠡᠰ ᠢ ᠪᠦᠳᠦᠭᠡᠵᠤ᠂ ᠦᠪᠤᠷ ᠮᠤᠩᠭᠤᠯ ᠢᠶᠠᠨ ᠡᠳᠤᠷ ᠠᠴᠠ ᠡᠳᠤᠷ ᠦᠭᠡᠳᠡᠯᠡᠨ ᠮᠠᠨᠳᠤᠭᠤᠯᠵᠤ᠂ ᠦᠷᠨᠢᠭᠦᠨ ᠬᠦᠭᠵᠢᠬᠦᠯᠬᠦ ᠭᠡᠷᠡᠭᠲᠠᠢ ᠭᠡᠵᠤ ᠴᠢᠬᠤᠯᠡᠴᠢᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号