1 ᠳ᠋ᠤᠭᠡᠷ ᠰᠠᠷ᠎ᠠ ᠶᠢᠨ 22 ᠤᠨ ᠡᠳᠦᠷ᠂ 2017 ᠣᠨ ᠤ ᠦᠪᠡᠷᠳᠡᠬᠡᠨ ᠵᠠᠰᠠᠬᠤ ᠤᠷᠤᠨ ᠤ ︽ᠱᠠᠯᠢᠬ | ᠵᠠᠪᠬᠠᠢ ᠵᠦᠢᠯᠡᠰ ᠢ ᠠᠷᠢᠯᠭᠠᠨ ᠬᠠᠤᠯᠢ ᠪᠤᠰᠤ ᠬᠡᠪᠯᠡᠭᠳᠡᠬᠦᠨ ᠳᠤ ᠴᠤᠬᠢᠯᠳᠠ ᠦᠭᠬᠦ︾ ᠠᠵᠢᠯ ᠢ ᠪᠠᠶᠢᠷᠢᠯᠠᠭᠤᠯᠬᠤ | ᠬᠤᠷᠠᠯ ᠬᠦᠬᠡᠬᠤᠳᠠ ᠳᠤ ᠬᠤᠷᠠᠯᠳᠤᠵᠠᠢ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ | ᠤᠨ ᠲᠠᠷᠤᠭ᠎ᠠ ᠪᠠᠢ ᠢᠤᠢ ᠭᠠᠩ ᠬᠤᠷᠠᠯ ᠳᠤ ᠤᠷᠤᠯᠴᠠᠬᠰᠠᠨ ᠤ ᠬᠠᠮᠳᠤ ᠶᠠᠷᠢᠶ᠎ᠠ ᠲᠠᠯᠪᠢᠵᠠᠢ᠃ | ᠪᠠᠢ ᠢᠤᠢ ᠭᠠᠩ ᠵᠢᠭᠠᠵᠤ ᠭᠠᠷᠭᠠᠬᠰᠠᠨ ᠨᠢ᠂ 2017 ᠣᠨ ᠳᠤ᠂ ᠪᠦᠬᠦ ᠤᠷᠤᠨ ᠤ ︽ᠱᠠᠯᠢᠬ ᠵᠠᠪᠬᠠᠢ | ᠵᠦᠢᠯᠡᠰ ᠢ ᠠᠷᠢᠯᠭᠠᠨ ᠬᠠᠤᠯᠢ ᠪᠤᠰᠤ ᠬᠡᠪᠯᠡᠭᠳᠡᠬᠦᠨ ᠳᠤ ᠴᠤᠬᠢᠯᠳᠠ ᠦᠭᠬᠦ︾ ᠠᠵᠢᠯ ᠨᠠᠮ ᠤᠨ ᠠᠷᠪᠠ ᠶᠢᠰᠦᠳᠦᠬᠡᠷ | ᠶᠡᠭᠡ ᠬᠤᠷᠠᠯ ᠢ ᠤᠬᠳᠤᠨ ᠣᠬᠠᠭᠤᠯᠬᠤ ᠡᠨᠡᠬᠦ ᠭᠤᠤᠯ ᠰᠢᠵᠢᠮ ᠤᠨ ᠳᠣᠭᠤᠷᠢᠨ ᠳᠤ ᠦᠪᠡᠷᠳᠡᠬᠡᠨ ᠵᠠᠰᠠᠬᠤ ᠤᠷᠤᠨ | ᠪᠠᠶᠢᠭᠤᠯᠤᠬᠳᠠᠬᠰᠠᠨ 70 ᠵᠢᠯ ᠤᠨ ᠤᠢ ᠶᠢᠨ ᠴᠢᠬᠤᠯᠠ ᠠᠵᠢᠯᠯᠠᠭ᠎ᠠ ᠲᠠᠢ ᠨᠢᠭᠳᠠ ᠣᠶᠠᠯᠳᠣᠭᠤᠯᠵᠣ᠂ ᠤᠯᠤᠰ | ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠬᠡᠳᠦᠯᠳᠡᠢ ᠪᠠᠶᠢᠬᠤ ᠤᠬᠠᠮᠰᠠᠷ | ᠢᠶᠠᠨ ᠦᠨᠡᠨᠬᠦ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠪᠤᠯᠤᠨ ᠤᠯᠤᠰ | ᠲᠦᠷᠦ ᠶᠢᠨ ᠠᠮᠤᠷ ᠲᠦᠪᠰᠢᠨ ᠢ ᠪᠠᠳᠤ ᠰᠠᠬᠢᠵᠤ᠂ ᠰᠤᠷᠳᠠᠯ ᠴᠢᠭᠡᠴᠢ ᠤᠪᠤᠷ ᠲᠦᠪ ᠶᠠᠷᠢᠶ᠎ᠠ ᠬᠡᠯᠡᠯᠴᠡᠭᠡ ᠰᠤᠶᠤᠯ | ᠤᠨ ᠤᠷᠴᠢᠨ ᠲᠤᠭᠤᠷᠢᠨ ᠢ ᠬᠦᠴᠦᠯᠡᠨ ᠪᠤᠢ ᠪᠤᠯᠭᠠᠬᠤ ᠬᠡᠷᠡᠭᠳᠡᠢ᠃ ᠣᠭᠳᠣ ᠠᠭᠤᠴᠢᠯᠠᠬᠤ ᠦᠬᠡᠢ ᠤᠪᠤᠷ ᠢᠶᠠᠷ | ᠬᠤᠤᠷ ᠲᠠᠢ ᠬᠡᠪᠯᠡᠯ ᠤᠨ ᠪᠦᠳᠦᠭᠡᠭᠳᠡᠬᠦᠨ ᠳᠤ ᠴᠤᠬᠢᠯᠳᠠ ᠦᠭᠬᠦ ᠬᠡᠷᠡᠭᠳᠡᠢ︔ ᠨᠡᠩ ᠴᠡᠪᠡᠷ ᠠᠷᠢᠭᠤᠨ ᠰᠦᠯᠵᠢᠶᠡᠨ ᠤ | ᠤᠷᠤᠨ ᠵᠠᠢ ᠶᠢ ᠬᠦᠴᠦᠯᠡᠨ ᠴᠤᠬᠴᠠᠯᠠᠵᠣ᠂ ᠰᠦᠯᠵᠢᠶᠡᠨ ᠤ ᠰᠤᠶᠤᠯ ᠤᠨ ᠬᠡᠯᠪᠡᠷᠢ ᠶᠢ ᠠᠷᠢᠭᠤᠳᠬᠠᠬᠤ ᠬᠡᠷᠡᠭᠳᠡᠢ︔ | ᠰᠤᠨᠢᠨ ᠮᠡᠳᠡᠭᠡ ᠬᠡᠪᠯᠡᠯ ᠲᠠᠮᠵᠢᠭᠤᠯᠭ᠎ᠠ ᠶᠢᠨ ᠡᠮᠬᠢ ᠵᠢᠷᠣᠮ ᠢ ᠬᠦᠴᠦᠯᠡᠨ ᠵᠢᠷᠣᠮᠵᠢᠭᠤᠯᠵᠣ᠂ ᠰᠤᠨᠢᠨ ᠮᠡᠳᠡᠭᠡ ᠪᠠᠷ | ᠬᠢᠬᠠᠬᠤ ᠪᠤᠯᠤᠨ ᠬᠠᠭᠤᠷᠮᠠᠬ ᠰᠤᠨᠢᠨ ᠮᠡᠳᠡᠭᠡ᠂ ᠬᠠᠭᠤᠷᠮᠠᠬ ᠰᠤᠷᠪᠤᠯᠵᠢᠯᠠᠬᠴᠢ ᠳᠤ ᠴᠤᠬᠢᠯᠳᠠ ᠦᠭᠬᠦ ᠡᠷᠴᠢᠮ ᠢᠶᠠᠨ | ᠴᠢᠩᠭᠠᠷᠠᠭᠤᠯᠬᠤ ᠬᠡᠷᠡᠭᠳᠡᠢ︔ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠪᠠ ᠤᠯᠤᠰ ᠲᠦᠷᠦ ᠶᠢᠨ | ᠠᠮᠤᠷ ᠲᠦᠪᠰᠢᠨ ᠤ ᠬᠤᠷᠢᠭ᠎ᠠ ᠱᠤᠭᠤᠮ ᠢ ᠬᠦᠴᠦᠯᠡᠨ ᠪᠠᠳᠣ ᠰᠠᠬᠢᠵᠣ᠂ ᠭᠤᠤᠯ ᠴᠤᠬᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠡᠢ︔ ᠠᠵᠢᠯ ᠤᠨ ᠰᠢᠨ᠎ᠡ ᠬᠦᠭᠵᠢᠯᠳᠡ᠂ ᠰᠢᠨ᠎ᠡ ᠲᠠᠪᠰᠢᠯᠳᠠ ᠶᠢ ᠬᠦᠴᠦᠯᠡᠨ | ᠠᠬᠢᠭᠤᠯᠵᠣ᠂ ᠡᠯ᠎ᠡ ᠵᠦᠢᠯ ᠤᠨ ᠰᠠᠭᠤᠷᠢ ᠠᠵᠢᠯ ᠢ ᠯᠠᠪᠳᠠᠭᠤᠨ ᠪᠠᠳᠤᠳᠠᠢ ᠦᠷᠨᠢᠭᠦᠯᠬᠦ ᠶᠢ ᠬᠦᠴᠦᠯᠡᠨ ᠠᠬᠢᠭᠤᠯᠬᠤ | ᠬᠡᠷᠡᠭᠳᠡᠢ︔ ᠬᠠᠤᠯᠢ ᠶᠤᠰᠤᠭᠠᠷ ᠬᠢᠨᠠᠯᠳᠠ ᠲᠠᠯᠪᠢᠬᠤ᠂ ᠬᠠᠮᠵᠢᠯᠴᠠᠨ ᠬᠠᠮᠳᠤᠷᠠᠯᠴᠠᠬᠤ᠂ ᠬᠡᠷᠡᠭ ᠢ ᠪᠠᠶᠢᠴᠠᠭᠠᠨ | ᠰᠢᠢᠳᠪᠦᠷᠢᠯᠡᠬᠦ᠂ ᠬᠠᠷᠢᠭᠤᠴᠠᠯᠭ᠎ᠠ ᠨᠡᠬᠡᠮᠵᠢᠯᠡᠬᠦ᠂ ᠰᠠᠬᠢᠯᠭ᠎ᠠ ᠪᠠᠳᠣ ᠶᠢ ᠬᠡᠷᠡᠭᠵᠢᠭᠦᠯᠦᠨ ᠬᠠᠷᠢᠭᠤᠴᠠᠯᠭ᠎ᠠ ᠳᠣᠯᠭᠠᠬᠤ᠂ | ᠴᠢᠩᠭ᠎ᠠ ᠳᠣᠯᠭᠠᠮ᠎ᠠ ᠤᠯᠤᠰ ᠲᠦᠷᠦ ᠶᠢᠨ ᠬᠠᠷᠢᠭᠤᠴᠠᠯᠭ᠎ᠠ ᠪᠠ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ | ᠪᠠᠶᠢᠳᠠᠯ ᠢᠶᠠᠷ ︽ᠱᠠᠯᠢᠬ ᠵᠠᠪᠬᠠᠢ ᠵᠦᠢᠯᠡᠰ ᠢ ᠠᠷᠢᠯᠭᠠᠨ ᠬᠠᠤᠯᠢ ᠪᠤᠰᠤ ᠬᠡᠪᠯᠡᠭᠳᠡᠬᠦᠨ ᠳᠤ ᠴᠤᠬᠢᠯᠳᠠ ᠦᠭᠬᠦ︾ | ᠠᠵᠢᠯ ᠢ ᠬᠢᠨᠠᠮᠠᠭᠠᠢ ᠰᠠᠶᠢᠳᠤᠷ ᠬᠢᠵᠦ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠠᠮᠵᠢᠯᠳᠠ ᠲᠠᠢ | ᠬᠤᠷᠠᠯᠳᠤᠬᠤ᠂ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠬᠦ ᠳᠤ ᠰᠠᠶᠢᠨ | ᠰᠠᠶᠢᠬᠠᠨ ᠤᠯᠤᠰ ᠲᠦᠷᠦ ᠶᠢᠨ ᠤᠷᠴᠢᠨ ᠲᠤᠭᠤᠷᠢᠨ᠂ ᠰᠤᠶᠤᠯ ᠤᠨ ᠤᠷᠴᠢᠨ ᠲᠤᠭᠤᠷᠢᠨ ᠪᠤᠯᠤᠨ ᠨᠡᠶᠢᠬᠡᠮ ᠤᠨ | ᠤᠷᠴᠢᠨ ᠲᠤᠭᠤᠷᠢᠨ ᠢ ᠡᠭᠦᠳᠦᠨ ᠥᠭᠬᠦ ᠬᠡᠷᠡᠭᠳᠡᠢ ᠬᠡᠵᠡᠢ᠃ |