ᠪᠦᠬᠦ ᠤᠷᠤᠨ ᠤ ᠰᠤᠶᠤᠯ ︵ᠲᠡᠤᠬᠡ ᠶᠢᠨ ᠲᠤᠷᠠᠰᠬᠠᠯᠳᠤ ᠵᠦᠢᠯᠡᠰ︶ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/1/23
     1 ᠳ᠋ᠤᠭᠡᠷ ᠰᠠᠷ᠎ᠠ ᠶᠢᠨ 21 ᠤ ᠡᠳᠦᠷ᠂ ᠪᠦᠬᠦ ᠤᠷᠤᠨ ᠤ ᠰᠤᠶᠤᠯ ︵ᠲᠡᠤᠬᠡ ᠶᠢᠨ ᠲᠤᠷᠠᠰᠬᠠᠯᠳᠤ ᠵᠦᠢᠯᠡᠰ︶ ᠤᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠵᠤ᠂ 2016 ᠣᠨ ᠤ ᠪᠦᠬᠦ ᠤᠷᠤᠨ ᠤ ᠰᠤᠶᠤᠯ ︵ᠲᠡᠤᠬᠡ ᠶᠢᠨ ᠲᠤᠷᠠᠰᠬᠠᠯᠳᠤ ᠵᠦᠢᠯᠡᠰ︶ ᠤᠨ ᠠᠵᠢᠯ ᠢ ᠡᠷᠬᠢᠴᠡᠬᠦᠯᠦᠨ ᠳ᠋ᠦᠩᠨᠡᠬᠦ ᠶᠢᠨ ᠬᠠᠮᠳᠤ 2017 ᠣᠨ ᠤ ᠠᠵᠢᠯ ᠢ ᠪᠠᠶᠢᠷᠢᠯᠠᠭᠤᠯᠵᠠᠢ᠃ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢᠦ ᠰᠢᠨ ᠯᠧ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠯᠢᠦ ᠰᠢᠨ ᠯᠧ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠪᠤᠯᠤᠨ ᠰᠠᠶ᠋ᠢᠬᠠᠨ ᠲᠡᠬᠦᠰᠦᠭᠰᠡᠡ ᠦᠪᠡᠷᠳᠡᠬᠡᠨ ᠵᠠᠰᠠᠬᠤ ᠤᠷᠤᠨ ᠤ ︽ᠬᠤᠶᠠᠷ ᠬᠤᠷᠠᠯ︾ ᠨᠢ ᠪᠦᠬᠦ ᠤᠷᠤᠨ ᠤ ᠰᠤᠶᠤᠯ ᠤᠨ ᠠᠵᠢᠯ ᠤᠨ ᠢᠷᠡᠬᠡᠳᠦᠢ ᠶᠢᠨ ᠬᠦᠭᠵᠢᠯᠳᠠ ᠳᠤ ᠰᠢᠰᠲ᠋ᠧᠮ ᠲᠠᠢ ᠲᠦᠯᠦᠪᠵᠢᠬᠦᠯᠬᠡ ᠬᠢᠵᠤ᠂ ᠪᠦᠬᠦ ᠤᠷᠤᠨ ᠤ ᠰᠤᠶᠤᠯ ᠤᠨ ᠠᠵᠢᠯ  ᠤᠨ ᠴᠢᠭᠯᠡᠯ ᠢ ᠲᠤᠳᠤᠷᠬᠠᠶᠢᠯᠠᠬᠤ ᠶᠢᠨ ᠬᠠᠮᠳᠤ ᠰᠢᠨ᠎ᠠ ᠱᠠᠭᠠᠷᠳᠠᠯᠭ᠎ᠠ ᠲᠤᠷᠠᠳᠤᠭᠰᠠᠠ ᠪᠠᠶᠢᠨ᠎ᠠ ᠬᠡᠵᠡᠢ᠃ ᠲᠡᠷᠡ ᠴᠢᠬᠤᠯᠠᠴᠢᠯᠠᠭᠰᠠᠨ ᠨᠢ᠂ ᠡᠯ᠎ᠠ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠪᠤᠯᠤᠨ ᠪᠦᠬᠦ ᠤᠷᠤᠨ ᠤ ᠰᠤᠶᠤᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠤᠶᠤᠯ ᠤᠨ ᠠᠵᠢᠯ ᠤᠨ ᠲᠤᠬᠠᠢ ᠰᠢᠷᠢᠰ ᠴᠢᠬᠤᠯᠠ ᠦᠬᠦᠯᠡᠯ ᠪᠤᠯᠤᠨ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠵᠤᠷᠢᠬ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠤᠶᠤᠯ  ᠤᠨ ᠠᠵᠢᠯ ᠢ ᠠᠬᠢᠭᠤᠯᠵᠤ᠂ ᠪᠦᠬᠦ ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠶᠡᠭᠡ ᠪᠠᠶᠢᠳᠠᠯ ᠳᠤ ᠤᠬᠠᠮᠰᠠᠷ ᠠᠴᠠ ᠪᠠᠨ ᠦᠢᠯᠡᠴᠢᠯᠡᠬᠦ ᠬᠡᠷᠡᠭᠳᠡᠢ᠃ ᠪᠦᠬᠦ ᠤᠷᠤᠨ ᠤ ᠰᠤᠶᠤᠯ ᠤᠨ ᠪᠠᠶᠢᠭᠤᠯᠤᠮᠵᠢ ᠶᠢᠨ ᠦᠬᠡᠷᠡᠴᠢᠯᠠᠯᠳᠠ ᠶᠢᠨ ᠠᠵᠢᠯ᠂ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢᠨ ᠭᠤᠤᠯᠳᠠᠯᠭᠠᠳᠤ ᠲᠦᠷᠦᠯ ᠵᠦᠢᠯ᠂ ︽ᠤᠯᠠᠨ ᠨᠠᠶᠢᠳᠠ ᠶᠢᠨ ᠰᠤᠶᠤᠯ ᠤᠨ ᠦᠢᠯᠡᠴᠢᠯᠡᠬᠡᠨ ᠤ ᠪᠠᠳᠤᠯᠠᠭ᠎ᠠ ᠶᠢᠨ ᠬᠠᠤᠯᠢ ︾ ᠶᠢᠨ ᠬᠡᠷᠡᠭᠵᠢᠬᠦᠯᠦᠯᠳᠠ᠂ ᠤᠷᠠᠯᠢᠬ ᠤᠨ ᠲᠠᠶᠢᠰᠠᠨ ᠤ ᠤᠬᠢ ᠤᠷᠠᠯᠢᠬ ᠢ ᠪᠦᠳᠦᠬᠡᠨ ᠲᠤᠭᠯᠠᠬᠤ᠂ ᠰᠤᠶᠤᠯ ᠤᠨ ᠦᠪ ᠢ ᠬᠠᠮᠠᠭᠠᠯᠠᠵᠤ ᠤᠯᠠᠮᠵᠢᠯᠠᠨ ᠠᠰᠢᠬᠯᠠᠬᠤ᠂ ᠰᠤᠶᠤᠯ ᠤᠨ ᠠᠵᠤ ᠦᠢᠯᠡᠰ ᠪᠤᠯᠤᠨ ᠰᠤᠶᠤᠯ ᠤᠨ ᠵᠠᠬ᠎ᠠ ᠲᠡᠯᠬᠡᠬᠦᠷ  ᠤᠨ ᠠᠵᠢᠯ᠂ ᠰᠢᠨ᠎ᠠ ᠴᠠᠭ ᠦᠶ᠎ᠠ ᠶᠢᠨ ᠭᠠᠳᠠᠭᠠᠳᠤ ᠯᠤᠭ᠎ᠠ ᠶᠢᠨ ᠰᠤᠶᠤᠯ ᠤᠨ ᠰᠤᠯᠢᠯᠴᠠᠭ᠎ᠠ ᠵᠡᠷᠬᠡ ᠶᠢ ᠪᠦᠬᠦ ᠬᠦᠴᠦᠨ ᠢᠶᠠᠷ ᠰᠠᠶᠢᠳᠤᠷ ᠠᠳᠬᠤᠵᠤ᠂ ᠪᠦᠬᠦ ᠤᠷᠤᠨ ᠤ ᠰᠤᠶᠤᠯ ᠤᠨ ᠠᠵᠢᠯ ᠤᠨ ᠰᠢᠨ᠎ᠠ ᠪᠠᠶᠢᠳᠠᠯ ᠢ ᠡᠬᠦᠳᠤᠨ ᠨᠡᠬᠡᠬᠡᠬᠦ ᠪᠠᠷ ᠴᠢᠷᠮᠠᠶᠢᠨ ᠠᠵᠢᠯᠯᠠᠬᠤ ᠬᠡᠷᠡᠭᠳᠡᠢ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号