ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ  ᠤᠨ ᠬᠤᠷᠠᠯ ᠬᠦᠬᠡᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2017-01-24
     1 ᠳ᠋ᠤᠭᠡᠷ ᠰᠠᠷ᠎ᠠ ᠶᠢᠨ 23 ᠤ ᠡᠳᠦᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠬᠡᠨ ᠵᠠᠰᠠᠬᠤ ᠤᠷᠤᠨ  ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᠾᠧᠩ ᠪᠦᠬᠦ ᠤᠷᠤᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠴᠢᠬᠤᠯᠠ ᠴᠤᠬᠤᠯᠠᠪᠤᠷᠢ ᠦᠭᠴᠦ ᠴᠢᠬᠤᠯᠠᠴᠢᠯᠠᠭᠰᠠᠨ ᠨᠢ᠂ ᠨᠡᠩ ᠦᠨᠳᠦᠷ ᠲᠦᠪᠰᠢᠨ ᠪᠦᠬᠦᠢ ᠠᠮᠤᠷ ᠠᠮᠤᠭᠤᠯᠠᠩ ᠦᠪᠦᠷ ᠮᠤᠩᠭᠤᠯ ᠪᠠ ᠬᠠᠤᠯᠢᠵᠢᠯ ᠤᠨ ᠦᠪᠦᠷ ᠮᠤᠩᠭᠤᠯ ᠢ ᠪᠦᠳᠦᠬᠡᠨ ᠪᠠᠶᠢᠭᠤᠯᠵᠤ᠂ ᠡᠬᠡ ᠤᠯᠤᠰ  ᠤᠨ ᠤᠮᠠᠷᠠᠳᠤ ᠬᠢᠯᠢ ᠶᠢᠨ ᠠᠮᠤᠷ ᠲᠦᠪᠰᠢᠨ ᠲᠤᠬᠳᠠᠭᠤᠨ ᠤ ᠬᠠᠯᠬᠠᠪᠴᠢ ᠶᠢ ᠪᠠᠳᠣ ᠴᠣᠭᠴᠠᠯᠠᠬᠤ ᠬᠡᠷᠡᠭᠳᠡᠢ ᠬᠡᠵᠠᠢ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ ᠪᠦᠬᠡᠳ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠵᠤ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠲᠤᠳᠤᠭᠠᠳᠤ ᠶᠢ ᠬᠠᠮᠠᠭᠠᠯᠠᠬᠤ ᠲᠢᠩᠬᠢᠮ ᠤᠨ ᠲᠠᠷᠤᠭ᠎ᠠ ᠮᠠ ᠮᠢᠩ ᠬᠤᠷᠠᠯ ᠡᠷᠬᠢᠯᠡᠵᠦ᠂ ᠦᠪᠦᠷ ᠮᠤᠩᠭᠤᠯ ᠤᠨ ᠴᠡᠷᠢᠭ ᠤᠨ ᠲᠤᠭᠤᠷᠢᠬ ᠤᠨ ᠲᠡᠳ᠋ ᠺᠤᠮᠢᠰᠰᠠᠷ᠂ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠭᠤᠤ ᠬᠤᠩ ᠭᠤᠸᠠᠩ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠬᠡ ᠶᠢᠨ ᠰᠢᠬᠦᠬᠦ ᠬᠤᠷᠢᠶ᠎ᠠ ᠶᠢᠨ ᠲᠠᠷᠤᠭ᠎ᠠ ᠬᠤ᠋ ᠢ ᠹᠧᠩ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠮᠠ ᠶᠦᠩ ᠱᠧᠩ ᠂ ᠵᠡᠪᠰᠡᠭᠳᠦ ᠴᠠᠬᠳᠠᠭ᠎ᠠ ᠶᠢᠨ ᠦᠪᠦᠷ ᠮᠤᠩᠭᠤᠯ ᠤᠨ ᠶᠡᠷᠦᠩᠬᠡᠢ ᠠᠩᠬᠢ ᠶᠢᠨ ᠺᠤᠮᠠᠨᠳᠠᠯᠠᠬᠴᠢ ᠮᠠ ᠵᠢᠶᠠᠨ ᠬᠠᠢ᠂ ᠦᠪᠦᠷ ᠮᠤᠩᠭᠤᠯ ᠤᠨ ᠲᠤᠳᠤᠭᠠᠳᠤ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠳᠠ ᠶᠢᠨ ᠶᠡᠷᠦᠩᠬᠡᠢ ᠠᠩᠬᠢ ᠶᠢᠨ ᠺᠤᠮᠢᠰᠰᠠᠷ ᠯᠢᠦ ᠴᠢᠩ ᠴᠧᠨ ᠬᠤᠷᠠᠯ ᠳᠤ ᠤᠷᠤᠯᠴᠠᠵᠠᠢ᠃      ᠯᠢ ᠵᠢᠢ ᠡᠾᠧᠩ ᠪᠦᠬᠦ ᠤᠷᠤᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠬᠦᠢᠴᠡᠳ ᠨᠤᠳᠠᠯᠠᠭᠰᠡᠨ  ᠤ ᠬᠠᠮᠳᠤ᠂ ᠪᠦᠬᠦ ᠤᠷᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠪᠠ ᠤᠯᠤᠰ ᠲᠦᠷᠦ ᠬᠠᠤᠯᠢ ᠴᠠᠭᠠᠵᠠ ᠶᠢᠨ ᠹᠷᠤᠨᠲ ᠤᠨ ᠨᠦᠬᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠲᠡᠷᠡ ᠵᠢᠭᠠᠵᠤ ᠭᠠᠷᠭᠠᠬᠰᠠᠨ ᠨᠢ᠂ 2017 ᠣᠨ ᠳᠤ ᠮᠠᠨ ᠤ ᠨᠠᠮ ᠠᠷᠪᠠ ᠶᠢᠰᠦᠳᠦᠬᠡᠷ ᠶᠡᠭᠡ ᠬᠤᠷᠠᠯ ᠢᠶᠠᠨ ᠬᠤᠷᠠᠯᠳᠤᠭᠤᠯᠵᠣ᠂ ᠦᠪᠡᠷᠳᠡᠬᠡᠨ ᠵᠠᠰᠠᠬᠤ ᠤᠷᠤᠨ 70 ᠵᠢᠯ ᠤᠨ ᠤᠢ ᠪᠠᠨ ᠤᠬᠳᠤᠨ ᠠᠪᠴᠢᠷᠠᠵᠤ᠂ ᠨᠠᠮ ᠪᠠ ᠤᠯᠤᠰ᠂ ᠦᠪᠡᠷᠳᠡᠬᠡᠨ ᠵᠠᠰᠠᠬᠤ ᠤᠷᠤᠨ ᠤ ᠲᠡᠦᠬᠡᠨ ᠲᠡᠭᠡᠷᠡᠬᠢ ᠣᠨᠴᠤᠭᠤᠢ ᠠᠴᠢ ᠬᠤᠯᠪᠤᠬᠳᠠᠯ ᠲᠠᠢ ᠨᠢᠬᠡ ᠵᠢᠯ ᠪᠤᠯᠤᠨ᠎ᠠ᠃ ᠬᠦᠰᠡᠬᠦ ᠨᠢ ᠪᠦᠬᠦ ᠤᠷᠤᠨ ᠤ ᠤᠯᠤᠰ ᠲᠦᠷᠦ ᠬᠠᠤᠯᠢ ᠴᠠᠭᠠᠵᠠ ᠶᠢᠨ ᠹᠷᠤᠨᠲ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠬ ᠰᠠᠨᠠᠭ᠎ᠠ᠂ ᠤᠨᠴᠠᠭᠠᠶᠢᠯᠠᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠦᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠵᠤᠷᠢᠬ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠬᠡᠯᠡᠭᠴᠢᠳ  ᠤᠨ ᠶᠡᠭᠡ ᠬᠤᠷᠠᠯ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠬᠳᠠᠭᠤᠨ ᠤ ᠲᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ ︽ᠲᠦᠷᠪᠡᠨ ᠤᠬᠠᠮᠰᠠᠷ︾᠂ ᠤᠨᠴᠠᠭᠠᠶᠢᠯᠠᠨ ᠭᠤᠤᠯᠯᠠᠬᠤ ᠤᠬᠠᠮᠰᠠᠷ᠂ ᠨᠢᠬᠡᠳᠦᠯᠳᠡᠢ ᠪᠠᠶᠢᠬᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ ᠶᠣᠰᠣ ᠳᠦᠷᠢᠮ ᠢ ᠪᠠᠳᠤ ᠰᠠᠬᠢᠵᠤ᠂ ᠡᠷᠡᠰ ᠭᠤᠶᠢᠪᠢᠰᠢ ᠦᠬᠡᠢ ᠪᠠᠷ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠲᠡᠭᠡᠷ᠎ᠡ ᠪᠠᠨ ᠰᠢ ᠶᠢᠨ ᠫᠢᠩ ᠨᠦᠬᠦᠷ   ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠬᠡᠳᠦ ᠬᠡᠮᠵᠢᠶ᠎ᠡ ᠪᠠᠷ ᠨᠢᠬᠡᠳᠦᠯᠳᠡᠢ ᠪᠠᠶᠢᠬᠤ ᠬᠡᠷᠡᠭᠳᠡᠢ᠃ ᠵᠤᠪᠠᠨᠢᠯ ᠤᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠨ᠂ ᠠᠵᠢᠯ ᠤᠨ ᠰᠠᠨᠠᠭᠠᠴᠢᠯᠠᠭᠠᠳᠤ ᠴᠢᠨᠠᠷ ᠪᠠ ᠤᠷᠢᠳᠴᠢᠯᠠᠨ ᠮᠡᠳᠡᠬᠦ ᠴᠢᠨᠠᠷ ᠢᠶᠠᠨ ᠲᠠᠰᠤᠷᠠᠯᠳᠠ ᠦᠬᠡᠢ ᠴᠢᠩᠭᠠᠳᠬᠠᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ᠂ ᠤᠨᠴᠠᠭᠠᠶᠢᠯᠠᠨ ᠲᠦᠷᠦ ᠶᠢᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠬᠦᠨ ᠪᠠᠶᠢᠷᠢᠨ   ᠳᠤ ᠲᠠᠯᠪᠢᠵᠤ᠂ ᠳᠠᠰᠣᠷᠠᠯᠳᠠ ᠦᠭᠡᠢ ᠪᠠᠷ ᠣᠨᠣᠯᠵᠢᠬᠤᠨ ᠰᠡᠳᠬᠢᠴᠡ᠂ ᠪᠠᠶᠢᠭᠤᠯᠤᠮᠵᠢ ᠲᠤᠬᠳᠠᠴᠠ᠂ ᠠᠷᠭ᠎ᠠ ᠬᠡᠮᠵᠢᠶ᠎ᠡ ᠠᠷᠭ᠎ᠠ ᠪᠠᠷᠢᠯ  ᠤᠨ ᠰᠢᠨ᠎ᠡ ᠶᠢ ᠡᠭᠦᠳᠴᠦ᠂ ᠡᠯ᠎ᠡ ᠵᠦᠢᠯ ᠤᠨ ᠲᠦᠭᠰᠢᠬᠦᠷᠢ ᠦᠷᠢᠰᠦᠯᠳᠦᠬᠡᠨ ᠢ ᠰᠡᠷᠬᠡᠶᠢᠯᠡᠨ ᠠᠷᠭᠠᠴᠠᠬᠤ ᠲᠦᠪᠰᠢᠨ  ᠢᠶᠠᠨ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠪᠦᠬᠦ ᠤᠷᠤᠨ ᠢᠶᠠᠷ ᠢᠶᠠᠨ ᠤᠷᠳᠤ ᠣᠳᠠᠭᠠᠨ ᠬᠤᠭᠤᠴᠠᠭ᠎ᠠ ᠪᠠᠷ ᠠᠮᠤᠷ ᠳᠣᠭᠳᠠᠭᠤᠨ᠂ ᠠᠷᠠᠳ ᠲᠦᠮᠡᠨ ᠠᠮᠤᠷ ᠵᠢᠷᠭᠠᠨ ᠠᠵᠤ ᠲᠦᠷᠦᠬᠦ ᠶᠢ ᠦᠨᠡᠨᠬᠦ ᠪᠠᠳᠤᠯᠠᠬᠤ ᠬᠡᠷᠡᠭᠳᠡᠢ᠃ ᠪᠤᠰᠤᠭ᠎ᠠ ᠴᠤᠬᠴᠠᠵᠢᠬᠰᠠᠨ᠂ ᠮᠡᠳᠡᠭᠡ ᠵᠠᠩᠭᠢᠵᠢᠬᠰᠠᠨ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠰᠢᠰᠲ᠋ᠧᠮᠵᠢ  ᠶᠢᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠦ᠂ ᠨᠡᠶᠢᠭᠡᠮ ᠤᠨ ᠵᠦᠷᠢᠴᠡᠯ ᠢ ᠪᠠᠶᠢᠡᠭᠭᠤ ᠪᠠᠶᠢᠴᠠᠭᠠᠨ ᠨᠠᠮᠳᠠᠭᠤᠯᠬᠤ ᠲᠤᠬᠳᠠᠴᠠ ᠶᠢ ᠪᠠᠶᠢᠭᠤᠯᠤᠨ ᠪᠦᠷᠢᠨᠰᠢᠭᠦᠯᠵᠦ᠂ ᠭᠤᠤᠯᠳᠠᠯᠭ᠎ᠠ ᠲᠠᠢ ᠬᠦᠷᠢᠶ᠎ᠠ᠂ ᠭᠤᠤᠯᠳᠠᠯᠭ᠎ᠠ ᠲᠠᠢ ᠭᠠᠵᠠᠷ ᠪᠠ ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠢ ᠨᠦᠯᠦᠭᠡᠯᠡᠭᠦ ᠲᠤᠪᠤᠶᠢᠮ᠎ᠠ ᠠᠰᠠᠭᠤᠳᠠᠯ ᠢ ᠠᠳᠬᠤᠵᠦ᠂ ᠠᠮᠤᠷ ᠲᠦᠪᠰᠢᠨ ᠢ ᠪᠠᠳᠤᠯᠠᠬᠤ᠂ ᠲᠤᠬᠳᠠᠭᠤᠨ ᠢ ᠬᠠᠮᠠᠭᠠᠯᠠᠬᠤ ᠠᠵᠢᠯ ᠢ ᠴᠢᠩᠭ᠎ᠠ ᠪᠤᠳᠠᠳᠠᠢ ᠨᠠᠷᠢᠯᠢᠭ ᠬᠢᠵᠦ᠂ ᠤᠯᠠᠨ ᠲᠦᠮᠡᠨ ᠤ ᠠᠮᠤᠷ ᠲᠦᠪᠰᠢᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠠ ᠶᠢ ᠲᠠᠰᠤᠷᠠᠯᠳᠠ ᠦᠭᠡᠢ ᠨᠡᠮᠡᠭᠳᠡᠭᠦᠯᠭᠦ ᠬᠡᠷᠡᠭᠳᠡᠢ᠃ ᠬᠠᠤᠯᠢ ᠶᠠᠪᠣᠭᠤᠯᠬᠤ ᠪᠠᠶᠢᠭᠤᠯᠤᠮᠵᠢ ᠶᠢᠨ ᠦᠭᠡᠷᠡᠴᠢᠯᠠᠯᠳᠠ ᠶᠢ ᠴᠦᠬᠦᠷᠡᠯ ᠦᠭᠡᠢ ᠠᠬᠢᠭᠤᠯᠵᠦ᠂ ᠬᠠᠤᠯᠢ ᠶᠠᠪᠣᠭᠤᠯᠬᠤ ᠴᠢᠨᠠᠷ ᠴᠢᠨᠰᠠᠭ᠎ᠠ᠂ ᠦᠷ᠎ᠠ ᠪᠦᠲᠦᠮᠵᠢ ᠪᠠ ᠨᠡᠶᠢᠳᠡ ᠳᠤ ᠢᠳᠡᠭᠡᠭᠦᠯᠭᠦ ᠬᠦᠴᠦᠨ ᠢ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠦᠵᠡᠯ ᠰᠠᠨᠠᠭ᠎ᠠ ᠤᠯᠤᠰ ᠲᠦᠷᠦ᠂ ᠲᠤᠬᠠᠶᠢᠯᠠᠬᠰᠠᠨ ᠠᠵᠢᠯ ᠤᠨ ᠴᠢᠳᠠᠪᠤᠷᠢ᠂ ᠰᠠᠬᠢᠯᠭ᠎ᠠ ᠪᠠᠳᠤ ᠰᠤᠷᠳᠠᠯ ᠤᠨ ᠪᠠᠶᠢᠭᠤᠯᠤᠯᠳᠠ ᠶᠢ ᠴᠦᠬᠦᠷᠡᠯ ᠦᠭᠡᠢ ᠴᠢᠩᠭᠠᠳᠬᠠᠵᠦ᠂ ᠨᠢᠭᠡᠨ ᠰᠠᠯᠠᠭ᠎ᠠ ᠢᠳᠡᠭᠡᠯ ᠪᠢᠰᠢᠷᠡᠯ ᠡᠷᠡᠰ ᠪᠠᠳᠤ᠂ ᠠᠷᠠᠳ ᠤᠨ ᠲᠦᠯᠦᠭᠡ ᠬᠠᠤᠯᠢ ᠬᠡᠷᠡᠭᠵᠢᠭᠦᠯᠭᠦ᠂ ᠵᠤᠷᠢᠬᠳᠠᠢ ᠪᠠᠷ ᠬᠠᠷᠢᠭᠤᠴᠠᠯᠭ᠎ᠠ ᠡᠭᠦᠷᠭᠡᠯᠡᠭᠦ᠂ ᠠᠷᠢᠭᠤᠨ ᠴᠡᠪᠡᠷ ᠲᠦᠪ ᠴᠢᠭᠡᠴᠢ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠴᠢᠷᠮᠠᠶᠢᠨ ᠪᠠᠶᠢᠭᠤᠯᠵᠦ᠂ ᠨᠢᠭᠡ ᠭᠠᠵᠠᠷ ᠤᠷᠤᠨ ᠤ ᠬᠦᠭᠵᠢᠯᠳᠠ ᠶᠢ ᠠᠬᠢᠭᠤᠯᠤᠨ ᠨᠢᠭᠡ ᠭᠠᠵᠠᠷ ᠤᠷᠤᠨ ᠤ ᠠᠮᠤᠷ ᠲᠦᠪᠰᠢᠨ ᠢ ᠪᠠᠳᠤᠯᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨᠭᠦ ᠡᠭᠦᠷᠭᠡᠯᠡᠵᠦ ᠂ ᠨᠡᠩ ᠦᠨᠳᠦᠷ ᠲᠦᠪᠰᠢᠨ ᠪᠦᠭᠦᠢ ᠠᠮᠤᠷ ᠠᠮᠤᠭᠤᠯᠠᠩ ᠦᠪᠤᠷ ᠮᠤᠩᠭᠤᠯ ᠪᠠ ᠬᠠᠤᠯᠢᠵᠢᠯ ᠤᠨ ᠦᠪᠤᠷ ᠮᠤᠩᠭᠤᠯ ᠢ ᠪᠦᠳᠦᠬᠡᠨ ᠪᠠᠶᠢᠭᠤᠯᠬᠤ᠂ ᠡᠭᠡ ᠤᠯᠤᠰ ᠤᠨ ᠤᠮᠠᠷᠠᠳᠤ ᠬᠢᠯᠢ ᠶᠢᠨ ᠠᠮᠤᠷ ᠲᠤᠬᠳᠠᠭᠤᠨ ᠤ ᠬᠠᠯᠬᠠᠪᠴᠢ ᠶᠢ ᠪᠠᠳᠣ ᠴᠣᠭᠴᠠᠯᠠᠬᠤ ᠲᠤ ᠨᠡᠩ ᠶᠡᠭᠡ ᠰᠢᠨ᠎ᠠ ᠬᠤᠪᠢ ᠨᠡᠮᠡᠷᠢ ᠦᠵᠡᠭᠦᠯᠵᠦ᠂ ᠰᠢᠯᠢᠳᠡᠭ ᠠᠮᠵᠢᠯᠳᠠ ᠪᠠᠷ ᠢᠶᠠᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠬᠤ ᠬᠡᠷᠡᠭᠳᠡᠢ ᠭᠡᠪᠡ᠃      ᠯᠢ ᠵᠢᠶᠠ ᠵᠢᠭᠠᠵᠦ ᠭᠠᠷᠭᠠᠬᠰᠠᠨ ᠨᠢ᠂ ᠯᠢ ᠵᠢᠢ ᠾᠸᠡᠭ ᠨᠦᠭᠦᠷ ᠤᠨ ᠴᠢᠬᠤᠯᠠ ᠴᠤᠬᠤᠯᠠᠪᠤᠷᠢ ᠪᠤᠯ ᠶᠡᠷᠦᠩᠭᠡᠢ ᠱᠦᠵᠢ ᠰᠢ ᠶᠢᠨ ᠫᠢᠡᠭ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠲᠠᠬᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠬᠤ᠂ ᠮᠠᠨ ᠤ ᠤᠷᠤᠨ ᠤ ᠤᠳᠤᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠠᠶᠢᠳᠣᠷ ᠬᠢᠬᠦ ᠴᠢᠬᠤᠯᠠ ᠵᠢᠷᠤᠮᠯᠠᠯ ᠪᠤᠯᠤᠨ᠎ᠠ᠃ ᠪᠦᠭᠦ ᠤᠷᠤᠨ ᠤ ᠤᠯᠤᠰ ᠲᠦᠷᠦ ᠬᠠᠤᠯᠢ ᠴᠠᠭᠠᠵᠠ ᠶᠢᠨ ᠹᠷᠤᠨᠲ ᠤᠨ ᠬᠢᠨ ᠬᠢᠨᠠᠮᠠᠭᠠᠢ ᠰᠤᠷᠤᠯᠴᠠᠨ ᠬᠦᠨᠵᠡᠭᠡᠢ ᠤᠶᠢᠯᠠᠭᠠᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ  ᠤᠨ ᠬᠤᠷᠢᠶ᠎ᠠ ᠶᠢᠨ ᠱᠠᠭᠠᠷᠳᠠᠯᠭ᠎ᠠ ᠪᠠᠶᠢᠷᠢᠯᠠᠭᠤᠯᠤᠯᠳᠠ ᠲᠡᠭᠡᠷ᠎ᠡ ᠦᠨᠡᠨᠭᠦ ᠨᠢᠭᠡᠳᠭᠡᠵᠦ᠂ ᠰᠢᠨ᠎ᠠ ᠴᠠᠬ ᠦᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠨᠡᠩ ᠰᠠᠶᠢᠳᠣᠷ ᠬᠢᠭᠦ ᠪᠠᠷ ᠴᠢᠷᠮᠠᠶᠢᠬᠤ ᠬᠡᠷᠡᠭᠳᠡᠢ ᠬᠡᠪᠡ᠃      ᠯᠢ ᠵᠢᠶᠠ ᠴᠢᠬᠤᠯᠠᠴᠢᠯᠠᠭᠰᠠᠨ ᠨᠢ᠂ ᠪᠦᠬᠦ ᠤᠷᠤᠨ ᠤ ᠤᠯᠤᠰ ᠲᠦᠷᠦ ᠬᠠᠥᠯᠢ ᠴᠠᠭᠠᠵᠠ ᠶᠢᠨ ᠹᠷᠦᠨᠲ  ᠤᠨ ᠬᠢᠨ ︽ᠳᠦᠷᠪᠡᠨ ᠤᠬᠠᠮᠰᠠᠷ︾᠂ ᠤᠨᠴᠠᠭᠠᠶᠢᠯᠠᠨ ᠭᠤᠤᠯᠯᠠᠬᠤ ᠤᠬᠠᠮᠰᠠᠷ᠂ ᠨᠢᠭᠡᠲᠦᠯᠲᠡᠢ ᠪᠠᠶᠢᠬᠤ ᠤᠬᠠᠮᠰᠠᠷ ᠢ ᠪᠠᠲᠦ ᠪᠣᠢ ᠪᠤᠯᠭᠠᠨ ᠰᠡᠳᠬᠢᠯ ᠳᠡᠭᠡᠨ ᠬᠠᠳᠠᠩᠰᠢᠭᠤᠯᠬᠤ ᠪᠠᠷ ᠪᠠᠷᠠᠬᠤ ᠦᠬᠡᠢ ᠨᠡᠩ ᠴᠦ ᠦᠢᠯᠡ ᠠᠵᠢᠯᠯᠠᠭ᠎ᠠ ᠪᠣᠯᠭᠠᠨ ᠬᠤᠪᠢᠷᠠᠭᠤᠯᠵᠣ᠂ ᠰᠡᠳᠬᠢᠯ ᠤᠨ ᠤᠭ ᠠᠴᠠ ᠪᠠᠨ ᠰᠢ ᠶᠢᠨ ᠫᠢᠩ ᠨᠦᠬᠦᠷ ᠤᠨ ᠨᠠᠮ ᠤᠨ ᠲᠦᠪ ᠬᠤᠷᠢᠶ᠎ᠠ᠂ ᠪᠦᠬᠦ ᠨᠠᠮ ᠳᠠᠬᠢ ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠦ᠂ ᠪᠤᠳᠠᠳᠦ ᠦᠢᠯᠡ ᠠᠵᠢᠯᠯᠠᠭ᠎ᠠ ᠪᠠᠷ ᠢᠶᠠᠨ ᠨᠠᠮ ᠤᠨ ᠲᠦᠪ ᠬᠤᠷᠢᠶ᠎ᠠ ᠲᠠᠢ ᠨᠢᠭᠡᠲᠦᠯᠲᠡᠢ ᠪᠠᠶᠢᠵᠦ᠂ ᠶᠡᠷᠦᠩᠬᠡᠢ ᠱᠦᠵᠢ ᠰᠢ ᠶᠢᠨ ᠫᠢᠩ ᠲᠠᠢ ᠨᠢᠭᠡᠲᠦᠯᠲᠡᠢ ᠪᠠᠶᠢᠵᠦ᠂ ᠡᠨᠡᠬᠦ ᠰᠠᠯᠠᠭ᠎ᠠ ᠡᠩᠨᠡᠭᠡ ᠶᠢᠨ ᠬᠠᠷᠢᠴᠠᠯᠠᠰᠢᠬᠦᠢ ᠦᠨᠡᠨᠴᠢ ᠰᠢᠳᠤᠷᠭᠤ᠂ ᠬᠠᠷᠢᠴᠠᠯᠠᠰᠢᠬᠦᠢ ᠨᠠᠶᠢᠳᠠᠪᠤᠷᠢᠲᠠᠢ ᠪᠠᠶᠢᠬᠤ ᠶᠢ ᠦᠨᠡᠨᠬᠦ ᠪᠠᠲᠤᠯᠠᠵᠦ᠂ ᠵᠡᠷ ᠵᠡᠪᠰᠡᠭ ᠢ ᠢᠮᠠᠭᠳᠠ ᠨᠠᠮ ᠪᠤᠯᠤᠨ ᠠᠷᠠᠳ ᠲᠦᠮᠡᠨ ᠪᠠᠳᠣ ᠠᠳᠬᠤᠬᠤ ᠶᠢ ᠦᠨᠡᠨᠬᠦ ᠪᠠᠲᠤᠯᠠᠵᠦ᠂ ᠵᠠᠩᠬᠢᠯᠠᠭ᠎ᠠ ᠶᠢᠨ ᠦᠶ᠎ᠡ ᠳᠤ ᠨᠢᠭᠡ ᠵᠠᠷᠯᠢᠭ ᠢ ᠲᠤᠶᠢᠯ ᠳᠤᠨᠢ ᠲᠤᠯᠲᠠᠯ᠎ᠠ ᠬᠠᠰᠬᠢᠷᠬᠤ᠂ ᠡᠴᠦᠰ ᠲᠤᠨᠢ ᠲᠤᠯᠲᠠᠯ᠎ᠠ ᠬᠢᠬᠦ ᠶᠢ ᠦᠨᠡᠨᠬᠦ ᠪᠠᠲᠤᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠤᠷᠤᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠬᠦᠨᠳᠤ ᠨᠠᠶᠢᠳᠠᠯᠭ᠎ᠠ ᠶᠢ ᠪᠠᠲᠦ ᠴᠡᠭᠡᠵᠢᠯᠠᠵᠦ᠂ ᠭᠡᠷ ᠡᠷᠦᠬᠡ ᠪᠠᠨ ᠰᠠᠶᠢᠳᠣᠷ ᠰᠠᠬᠢᠨ ᠬᠠᠮᠠᠭᠠᠯᠠᠵᠣ᠂ ᠡᠬᠡ ᠤᠯᠤᠰ ᠤᠨ ᠬᠢᠯᠢ ᠬᠢᠵᠠᠭᠠᠷ ᠢ ᠰᠠᠶᠢᠳᠣᠷ ᠰᠠᠬᠢᠨ ᠬᠠᠮᠠᠭᠠᠯᠠᠵᠣ᠂ ᠦᠪᠦᠷ ᠮᠤᠩᠭᠤᠯ ᠤᠨ ᠴᠦᠭᠡᠨ ᠲᠤᠭᠠᠲᠦ ᠦᠨᠳᠦᠰᠦᠲᠡᠨ ᠤ ᠰᠠᠶᠢᠨ ᠰᠠᠶᠢᠬᠠᠨ ᠤᠶᠤᠨ ᠰᠠᠨᠠᠭᠠᠨ ᠤ ᠬᠡᠷ ᠤᠷᠤᠨ ᠢ ᠰᠠᠶᠢᠳᠣᠷ ᠰᠠᠬᠢᠨ ᠬᠠᠮᠠᠭᠠᠯᠠᠵᠦ᠂ ᠡᠬᠡ ᠤᠯᠤᠰ ᠤᠨ ᠤᠮᠠᠷᠠᠲᠦ ᠬᠢᠯᠢ ᠶᠢᠨ ᠠᠮᠤᠷ ᠲᠦᠪᠰᠢᠨ ᠲᠤᠭᠲᠠᠭᠤᠨ ᠤ ᠬᠠᠯᠬᠠᠪᠴᠢ ᠶᠢ ᠪᠡᠳᠣ ᠴᠣᠭᠴᠠᠯᠠᠬᠤ ᠬᠡᠷᠡᠭᠲᠡᠢ᠃ ᠦᠭᠡᠷᠡᠴᠢᠯᠡᠯᠲᠡ ᠶᠢᠨ ᠪᠤᠲᠠᠲᠠᠢ ᠠᠵᠢᠯᠯᠠᠬᠴᠢ ᠪᠤᠯᠤᠨ ᠠᠬᠢᠭᠤᠯᠤᠬᠴᠢ ᠪᠤᠯᠬᠤ ᠪᠠᠷ ᠴᠢᠷᠮᠠᠶᠢᠵᠦ᠂ ᠨᠢᠭᠡᠯᠡ ᠠᠮᠢᠰᠬᠤᠭ᠎ᠠ ᠪᠠᠷ ᠬᠦᠴᠢᠷ ᠢ ᠳᠠᠪᠠᠨ ᠪᠡᠷᠭᠡ ᠶᠢ ᠢᠯᠡᠵᠦ᠂ ᠬᠠᠥᠯᠢ ᠶᠠᠪᠣᠭᠤᠯᠬᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠰᠢᠢᠳᠪᠦᠷᠢᠳᠦ ᠢᠯᠠᠯᠲᠠ ᠤᠯᠬᠤ ᠶᠢ ᠪᠠᠲᠤᠯᠠᠬᠤ ᠬᠡᠷᠡᠭᠲᠡᠢ᠃ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠴᠢᠳᠠᠮᠠᠭᠠᠢ ᠪᠠᠷ ᠠᠰᠢᠬᠯᠠᠨ ᠤᠯᠤᠰ ᠲᠦᠷᠦ ᠬᠠᠥᠯᠢ ᠴᠠᠭᠠᠵᠠ ᠶᠢᠨ ᠠᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠶᠠᠯᠠᠳᠣ ᠡᠲᠡᠭᠡᠳ ᠲᠠᠢ ᠳᠡᠮᠡᠴᠡᠬᠦ ᠦᠶ᠎ᠡ ᠳᠤ ᠲᠤᠬᠢᠶᠠᠯ ᠢ ᠤᠷᠢᠳᠠᠪᠡᠷ ᠡᠵᠡᠮᠰᠢᠨ ᠰᠠᠨᠠᠭᠠᠴᠢᠯᠠᠭᠠᠲᠦ ᠡᠷᠭᠡ ᠶᠢ ᠤᠯᠬᠤ ᠶᠢ ᠦᠨᠡᠨᠬᠦ ᠪᠠᠳᠣᠯᠠᠬᠤ ᠬᠡᠷᠡᠭᠲᠡᠢ᠃ ᠴᠠᠬᠳᠠᠭ᠎ᠠ ᠶᠢ ᠬᠠᠷᠠᠭᠠᠯᠵᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠣᠷᠢᠵᠢᠭᠤᠯᠵᠣ᠂ ᠦᠨᠳᠦᠰᠦᠨ ᠱᠠᠲᠦᠨ ᠤ ᠤᠯᠤᠰ ᠲᠦᠷᠦ ᠬᠠᠥᠯᠢ ᠴᠠᠭᠠᠵᠠ ᠶᠢᠨ ᠺᠠᠳ᠋ᠷ ᠴᠠᠬᠳᠠᠭ᠎ᠠ ᠶᠢ ᠨᠡᠩ ᠬᠠᠯᠠᠮᠵᠢᠯᠠᠨ ᠬᠠᠶᠢᠷᠠᠯᠠᠵᠦ᠂ ᠠᠷᠭ᠎ᠠ ᠪᠦᠬᠦᠨ ᠢ ᠰᠦᠪᠡᠭᠴᠢᠯᠡᠨ ᠳᠡᠳᠡᠨᠡᠷ ᠢ ᠬᠠᠪᠰᠤᠷᠤᠨ ᠪᠤᠲᠠᠲᠠᠢ ᠬᠦᠴᠢᠷᠳᠡᠯ ᠢ ᠨᠢ ᠰᠢᠢᠳᠪᠦᠷᠢᠯᠡᠵᠦ ᠦᠭᠬᠦ ᠬᠡᠷᠡᠭᠲᠡᠢ ᠭᠡᠵᠡᠢ᠃      ᠯᠢ ᠵᠢᠶᠠ ᠱᠠᠭᠠᠷᠳᠠᠬᠰᠠᠨ ᠨᠢ᠂ ᠤᠳᠤᠷᠢᠳᠬᠤ ᠺᠠᠳ᠋ᠷ ᠲᠦᠷᠦᠭᠦᠯᠡᠨ ᠬᠡᠷᠡᠭ ᠰᠢᠢᠳᠪᠦᠷᠢᠯᠡᠵᠦ ᠬᠡᠷᠡᠭ ᠢ ᠳᠠᠭᠠᠭᠠᠴᠢᠯᠠᠬᠤ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠬᠤᠷᠠᠮᠳᠤᠯ ᠬᠡᠷᠡᠭ ᠢ ᠰᠢᠢᠳᠪᠦᠷᠢᠯᠡᠬᠦ ︽ᠵᠠᠭᠤᠨ ᠡᠳᠦᠷ ᠤᠨ ᠪᠤᠭᠤᠮᠲᠠ ᠰᠢᠪᠲᠤᠯᠣᠯᠳᠠ︾ ᠶᠢ ᠯᠠᠪᠳᠠᠭᠤᠨ ᠪᠠᠲᠤᠲᠠᠢ ᠦᠷᠨᠢᠬᠦᠯᠵᠦ᠂ ᠵᠤᠷᠢᠭ ᠰᠢᠭᠤᠳᠣᠨ ᠬᠦᠴᠦ ᠣᠷᠣᠭᠤᠯᠵᠣ ᠪᠠᠶᠢᠭᠠᠳ ᠤᠯᠠᠨ ᠲᠦᠮᠡᠨ ᠤ ᠬᠠᠣᠯᠢ ᠶᠤᠰᠤᠨ ᠳᠤ ᠨᠡᠶᠢᠴᠡᠬᠦ ᠱᠠᠭᠠᠷᠳᠠᠯᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠦᠷᠢᠴᠡᠯ ᠢ ᠪᠠᠶᠢᠴᠠᠭᠠᠨ ᠨᠠᠮᠳᠠᠭᠤᠯᠬᠤ᠂ ᠠᠮᠤᠷ ᠲᠦᠪᠰᠢᠨ ᠢ ᠴᠡᠭᠴᠡᠯᠡᠨ ᠵᠠᠰᠠᠬᠤ᠂ ᠤᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠬᠤ ᠪᠣᠭᠤᠮᠳᠠ ᠰᠢᠪᠲᠤᠯᠬᠤ ᠲᠠᠶᠢᠯᠠᠯᠳᠣᠭᠠᠨ ᠢ ᠰᠠᠶᠢᠲᠤᠷ ᠬᠢᠵᠦ᠂ ᠨᠡᠶᠢᠭᠡᠮ ᠤᠨ ᠠᠮᠤᠷ ᠲᠤᠬᠲᠠᠭᠤᠨ ᠪᠤᠯᠤᠨ ᠡᠶ᠎ᠡ ᠵᠤᠬᠢᠴᠠᠩᠭᠤᠢ ᠶᠢ ᠨᠦᠯᠦᠬᠡᠯᠡᠬᠦ ᠲᠦᠭᠰᠢᠬᠦᠷᠢ ᠭᠡᠮ ᠰᠣᠭᠤᠭ ᠢ ᠰᠠᠶᠢᠳᠣᠷ ᠰᠡᠷᠭᠡᠶᠢᠯᠡᠨ ᠬᠠᠮᠢᠶᠠᠷᠤᠨ ᠡᠵᠡᠮᠳᠡᠵᠦ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ ᠴᠢᠨᠠᠭᠰᠢᠳᠠ ᠨᠡᠮᠡᠭᠳᠡᠬᠦᠯᠬᠦ ᠬᠡᠷᠡᠭᠳᠡᠢ᠃ ᠴᠠᠭᠠᠨ ᠰᠠᠷ᠎ᠠ ᠶᠢᠨ ᠬᠤᠭᠤᠴᠠᠭᠠᠨ ᠤ ᠠᠮᠤᠷ ᠲᠦᠪᠰᠢᠨ ᠢ ᠪᠠᠲᠤᠯᠠᠬᠤ᠂ ᠲᠤᠬᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠨᠠᠷᠢᠨ ᠨᠢᠮᠪᠠᠢ ᠪᠠᠶᠢᠷᠢᠯᠠᠭᠤᠯᠤᠨ ᠴᠢᠩᠭ᠎ᠠ ᠪᠤᠲᠠᠲᠠᠢ ᠨᠠᠷᠢᠯᠢᠭ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠤᠷ ᠳᠠᠶᠢᠪᠣᠩ ᠵᠤᠯ ᠵᠢᠷᠭᠠᠯ ᠲᠠᠢ ᠪᠠᠷ ᠴᠠᠭᠠᠨ ᠰᠠᠷ᠎ᠠ ᠶᠢᠨ ᠪᠠᠶᠠᠷ ᠤᠨ ᠡᠳᠦᠷ ᠢ ᠦᠩᠭᠡᠷᠡᠬᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号