2017 ᠣᠨ ᠤ ᠤᠷᠠᠯᠢᠭ ᠤᠨ ᠪᠤᠰᠤᠳ ᠲᠥᠷᠥᠯ ᠤᠨ ᠲᠤᠰᠬᠠᠶ ᠮᠡᠷᠭᠡᠵᠢᠯ ᠤᠨ ᠬᠤᠯᠪᠣᠭᠠᠲᠤ ᠰᠢᠯᠭᠠᠯᠲᠠ ᠶᠢᠨ ᠬᠢᠷᠢ ᠪᠦᠲᠦᠮᠵᠢ ᠶᠢ 23 ᠤ ᠡᠳᠦᠷ ᠨᠡᠶᠢᠲᠡᠯᠡᠪᠡ
ᠨᠡᠶᠢᠲᠡᠯᠡᠭᠰᠡᠨ ᠴᠠᠭ᠄
2017/1/24
     ᠮᠠᠨ ᠤ ᠣᠷᠣᠨ ᠤ 2017 ᠣᠨ ᠤ ᠤᠷᠠᠯᠢᠭ ᠤᠨ ᠪᠤᠰᠤᠳ ᠲᠥᠷᠥᠯ ᠤᠨ ᠲᠤᠰᠬᠠᠶ ᠮᠡᠷᠭᠡᠵᠢᠯ ᠤᠨ ᠬᠤᠯᠪᠣᠭᠠᠲᠤ ᠰᠢᠯᠭᠠᠯᠲᠠ ᠶᠢᠨ ᠠᠵᠢᠯ ᠨᠢᠭᠡᠨᠲᠡ ᠳᠠᠭᠤᠰᠴᠤ᠂ 2017 ᠣᠨ ᠤ 1 ᠳ᠋ᠦ᠋ᠭᠡᠷ ᠰᠠᠷ᠎ᠠ ᠶᠢᠨ 23 ᠤ ᠡᠳᠦᠷ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠪᠡ᠂ ᠰᠢᠯᠭᠠᠭᠤᠯᠤᠭᠴᠢᠳ ᠰᠢᠯᠭᠠᠯᠲᠠ ᠶᠢᠨ ᠬᠢᠷᠢ ᠪᠦᠲᠦᠮᠵᠢ ᠪᠠᠨ ᠳᠣᠣᠷᠠᠬᠢ ᠬᠤᠶᠠᠷ ᠵᠦᠢᠯ ᠤᠨ ᠠᠷᠭ᠎ᠠ ᠪᠠᠷ ᠪᠠᠶᠢᠴᠠᠭᠠᠨ ᠯᠠᠪᠯᠠᠵᠤ ᠪᠣᠯᠤᠨ᠎ᠠ᠃ ᠤᠷᠠᠯᠢᠭ ᠤᠨ ᠪᠤᠰᠤᠳ ᠲᠥᠷᠥᠯ ᠤᠨ ᠬᠤᠯᠪᠣᠭᠠᠲᠤ ᠰᠢᠯᠭᠠᠯᠲᠠ ᠶᠢᠨ ᠡᠯ᠎ᠡ ᠲᠤᠰᠬᠠᠶ ᠮᠡᠷᠭᠡᠵᠢᠯ ᠤᠨ ᠬᠢᠷᠢ ᠲᠡᠩᠴᠡᠭᠦ ᠬᠤᠪᠢ ᠶᠢᠨ ᠬᠢᠵᠠᠭᠠᠷ ᠢ ᠮᠥᠨᠬᠦ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠬᠤᠪᠢ ᠶᠢᠨ ᠬᠢᠵᠠᠭᠠᠷ ᠲᠠᠢ ᠬᠠᠮᠲᠤ ᠳᠤᠨᠢ ᠨᠡᠶᠢᠲᠡᠯᠡᠨ᠎ᠡ᠃ ᠰᠢᠯᠭᠠᠭᠤᠯᠤᠭᠴᠢᠳ ︽ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ︾ ᠶᠢᠨ ᠠᠯᠪᠠᠨ ᠤ ᠸᠢᠴᠠᠲ ︵ᠸᠢᠴᠠᠲ ᠤᠨ ᠳ᠋ᠤᠭᠠᠷ᠄ nmgzskszwx︶ ᠢ ᠬᠠᠶᠢᠬᠤ ᠶᠢᠨ ᠬᠠᠮᠲᠤ ᠠᠩᠬᠠᠷᠴᠤ᠂ ᠣᠯᠠᠨ ᠨᠡᠶᠢᠲᠡ ᠶᠢᠨ ᠳᠠᠪᠴᠠᠩ ᠳᠤ ᠣᠷᠣᠭᠰᠠᠨ ᠤ ᠳᠠᠷᠠᠭ᠎ᠠ ᠪᠠᠷᠠᠭᠤᠨ ᠳᠣᠣᠷ᠎ᠠ ᠥᠨᠴᠥᠭ ᠤᠨ ︽ᠮᠡᠳᠡᠭᠡ ᠵᠠᠩᠭᠢ ᠪᠠᠶᠢᠴᠠᠭᠠᠨ ᠯᠠᠪᠯᠠᠬᠤ︾ ᠶᠢ ᠲᠣᠪᠴᠢᠳᠠᠵᠤ᠂ ︽2017 ᠣᠨ ᠤ ᠤᠷᠠᠯᠢᠭ ᠤᠨ ᠪᠤᠰᠤᠳ ᠲᠥᠷᠥᠯ ᠤᠨ ᠲᠤᠰᠬᠠᠶ ᠮᠡᠷᠭᠡᠵᠢᠯ ᠤᠨ ᠬᠤᠯᠪᠣᠭᠠᠲᠤ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ︾ ᠶᠢ ᠰᠣᠩᠭᠤᠵᠤ ᠬᠤᠪᠢ ᠪᠠᠨ ᠪᠠᠶᠢᠴᠠᠭᠠᠵᠤ ᠪᠣᠯᠣᠨ᠎ᠠ᠃ ᠰᠢᠯᠭᠠᠭᠤᠯᠤᠭᠴᠢᠳ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠤ ︽ᠡᠩ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ︾ ᠰᠤᠪᠠᠭ ᠤᠨ ᠲᠣᠲᠣᠷᠠᠬᠢ ︽ᠮᠡᠳᠡᠭᠡ ᠵᠠᠩᠭᠢ ᠪᠠᠶᠢᠴᠠᠭᠠᠨ ᠯᠠᠪᠯᠠᠬᠤ︾ ᠪᠤᠯᠤᠩ ᠢᠶᠠᠷ ᠳᠠᠮᠵᠢᠭᠤᠯᠤᠨ ᠬᠤᠪᠢ ᠪᠠᠨ ᠪᠠᠶᠢᠴᠠᠭᠠᠵᠤ ᠪᠣᠯᠣᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号