︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠦᠬᠦ ᠲᠠᠯ᠎ᠠ ᠪᠠᠷ ᠴᠢᠯᠥᠭᠡᠲᠡᠶ ᠲᠠᠯᠪᠢᠵᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠤᠬᠠᠶ ᠰᠠᠨᠠᠯ ᠤᠳ︾᠎ ᠤᠨ ᠲᠠᠯ᠎ᠠ ᠪᠠᠷ ᠬᠢ ᠠᠷᠠᠳ ᠤᠨ ᠶᠠᠪᠤᠳᠠᠯ ᠤᠨ ᠶᠠᠮᠤᠨ ᠤ ᠲᠠᠶᠢᠯᠤᠮᠵᠢ
ᠨᠡᠶᠢᠲᠡᠯᠡᠭᠰᠡᠨ ᠴᠠᠭ᠄
2017/1/26
     ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠦᠬᠦ ᠲᠠᠯ᠎ᠠ ᠪᠠᠷ ᠴᠢᠯᠥᠭᠡᠲᠡᠶ ᠲᠠᠯᠪᠢᠵᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠤᠬᠠᠶ ᠰᠠᠨᠠᠯ ᠤᠳ︾᠎ ᠢ 23᠎ ᠤ ᠡᠳᠦᠷ ᠨᠡᠶᠢᠲᠡᠯᠡᠪᠡ᠂ ᠰᠠᠨᠠᠯ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠣᠳᠣᠬᠠᠨ ᠳᠤ ᠲᠤᠯᠭᠠᠷᠠᠵᠤ ᠪᠠᠶᠢᠭ᠎ᠠ ᠲᠤᠪᠤᠶᠢᠢᠮ᠎ᠠ ᠳᠤᠲᠠᠭᠤᠳᠠᠯ ᠳᠤ ᠴᠢᠭᠯᠡᠭᠦᠯᠦᠨ᠂ ᠬᠠᠨᠳᠤᠯᠭᠠᠲᠤ ᠴᠢᠨᠠᠷᠲᠠᠶ ᠱᠠᠭᠠᠷᠳᠠᠯᠭ᠎ᠠ ᠶᠢ ᠳᠤᠷᠠᠳᠤᠭᠰᠠᠨ ᠪᠥᠭᠡᠳ 2020 ᠣᠨ ᠪᠣᠯᠬᠤ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠢᠯᠡᠳᠲᠡ ᠰᠠᠶᠢᠵᠢᠷᠠᠭᠤᠯᠵᠤ᠂ ᠤᠯᠠᠨ ᠲᠦᠮᠡᠨ ᠤ ᠲᠠᠭᠠᠰᠢᠶᠠᠯ ᠤᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠬᠦ ᠬᠠᠷᠠᠯᠲᠠ ᠶᠢ ᠲᠣᠳᠣᠷᠬᠠᠶ ᠳᠤᠷᠠᠳᠤᠨ ᠭᠠᠷᠭᠠᠪᠠ᠃      ᠠᠷᠠᠳ ᠤᠨ ᠶᠠᠪᠤᠳᠠᠯ ᠤᠨ ᠶᠠᠮᠤᠨ ᠤ ᠨᠡᠶᠢᠭᠡᠮ ᠤᠨ ᠠᠰᠠᠷᠠᠮᠵᠢ ᠪᠣᠯᠣᠨ ᠨᠢᠭᠦᠯᠡᠰᠦᠩᠭᠦᠶ ᠶᠢᠨ ᠦᠢᠯᠡᠰ ᠢ ᠠᠬᠢᠭᠤᠯᠬᠤ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠢᠯᠡᠳᠬᠡᠭᠰᠡᠨ ᠨᠢ᠂ ᠡᠨᠡ ᠪᠣᠯ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶ᠎ᠡ ᠶᠢᠨ ᠬᠥᠮᠦᠨ ᠠᠮᠠ ᠶᠢᠨ ᠨᠠᠰᠤᠵᠢᠯ ᠢ ᠳᠠᠷᠤᠶᠢᠬᠠᠨ᠂ ᠰᠢᠨᠵᠢᠯᠡᠬᠦ ᠤᠬᠠᠭᠠᠨᠴᠢ ᠪᠠᠷ᠂ ᠶᠡᠷᠦᠩᠬᠡᠶᠢᠯᠡᠨ ᠠᠷᠭᠠᠴᠠᠬᠤ ᠲᠤᠬᠠᠶ ᠪᠣᠳᠠᠲᠠᠶ ᠠᠵᠢᠯᠯᠠᠭ᠎ᠠ ᠮᠥᠨ᠂ ᠶᠠᠰᠤ ᠴᠢᠨᠠᠷ ᠤᠨ ᠪᠠᠶᠢᠭᠤᠯᠤᠯᠲᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠳᠤᠮᠳᠠᠳᠤ ᠤᠯᠤᠰ ᠤᠨ ᠲᠥᠷᠥᠯ ᠲᠡᠮᠳᠡᠭᠲᠦ︾᠎ ᠶᠢ ᠪᠦᠬᠦ ᠲᠠᠯ᠎ᠠ ᠪᠠᠷ ᠥᠷᠨᠢᠭᠦᠯᠬᠦ ᠰᠢᠰᠲ᠋ᠧᠮᠲᠦ ᠴᠢᠨᠠᠷ ᠲᠠᠢ ᠵᠢᠯᠣᠭᠤᠳᠤᠯᠭ᠎ᠠ ᠮᠥᠨ ᠭᠡᠵᠡᠢ᠃      ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢ ᠪᠦᠷᠢᠨ ᠪᠦᠷᠬᠦᠭᠦᠯᠬᠦ ᠶᠢ ᠲᠦᠯᠬᠢᠨ ᠠᠬᠢᠭᠤᠯᠤᠨ᠎ᠠ      ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠪᠣᠯ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠭᠰᠡᠨ᠂ ᠨᠠᠰᠤᠲᠠᠶᠢᠴᠤᠳ ᠤᠨ ᠬᠠᠮᠤᠭ ᠤᠨ ᠠᠷᠪᠢᠨ ᠰᠣᠩᠭᠤᠵᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠬᠡᠯᠪᠡᠷᠢ ᠮᠥᠨ᠂ ᠭᠡᠪᠡᠴᠦ ᠤᠷᠳᠤ ᠬᠤᠭᠤᠴᠠᠭᠠᠨ ᠤ ᠲᠤᠷᠰᠢ᠂ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠥᠨᠳᠥᠷ ᠪᠢᠰᠢ᠂ ᠰᠠᠭᠤᠷᠢ ᠪᠡᠯᠡᠳᠬᠡᠮᠵᠢ ᠨᠢ ᠲᠡᠭᠦᠯᠳᠡᠷ ᠪᠤᠰᠤ᠂ ᠴᠢᠳᠠᠪᠤᠷᠢᠲᠠᠨ ᠳᠤᠲᠠᠭᠳᠠᠵᠤ ᠪᠠᠶᠢᠬᠤ᠂ ᠪᠡᠯᠡ ᠮᠥᠩᠭᠦ ᠶᠢᠨ ᠣᠷᠣᠭᠤᠯᠤᠯᠲᠠ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠨᠡᠯᠢᠶᠡᠳ ᠳᠣᠪᠣᠶᠢᠮ᠎ᠡ ᠪᠠᠶᠢᠨ᠎ᠠ᠃      ᠰᠠᠨᠠᠯ ᠨᠢ ᠳᠤᠲᠠᠭᠤᠳᠠᠯ ᠢ ᠨᠥᠬᠦᠪᠦᠷᠢᠯᠡᠬᠦ ᠠᠴᠠ ᠭᠠᠷᠳᠠᠵᠤ᠂ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠪᠦᠷᠢᠨ ᠪᠦᠷᠬᠦᠭᠦᠯᠬᠦ ᠬᠠᠷᠠᠯᠲᠠᠲᠤ ᠱᠠᠭᠠᠷᠳᠠᠯᠭ᠎ᠠ ᠪᠣᠯᠣᠨ ᠠᠷᠭ᠎ᠠ ᠬᠡᠮᠵᠢᠶ᠎ᠡ ᠶᠢ ᠳᠤᠷᠠᠳᠪᠠ᠄      — — ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠶᠢ ᠦᠨᠡᠯᠡᠨ ᠵᠢᠱᠢᠬᠦ ᠶᠢ ᠥᠷᠨᠢᠭᠦᠯᠵᠦ᠂ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢ ᠲᠦᠷᠭᠡᠨ ᠪᠠᠶᠢᠭᠤᠯᠵᠤ᠂ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠵᠣᠯᠭᠠᠯᠳᠤᠭᠤᠯᠵᠤ᠂ ᠬᠤᠭᠤᠯᠠᠨ ᠲᠤᠰᠠᠯᠠᠮᠵᠢ᠂ ᠠᠷᠢᠭᠤᠨ ᠴᠡᠪᠡᠷ ᠤᠨ ᠲᠤᠰᠠᠯᠠᠮᠵᠢ᠂ ᠶᠠᠪᠤᠵᠤ ᠰᠠᠭᠤᠬᠤ ᠶᠢᠨ ᠲᠤᠰᠠᠯᠠᠮᠵᠢ᠂ ᠤᠬᠢᠶᠠᠯ ᠤᠨ ᠲᠤᠰᠠᠯᠠᠮᠵᠢ ᠂ ᠡᠮ ᠡᠮᠨᠡᠯᠭᠡ ᠶᠢᠨ ᠲᠤᠰᠠᠯᠠᠮᠵᠢ ᠵᠡᠷᠭᠡ ᠭᠡᠷ ᠲᠤᠨᠢ ᠬᠦᠷᠴᠦ ᠦᠢᠯᠡᠴᠢᠯᠡᠭᠡ ᠶᠢ ᠬᠠᠩᠭᠠᠵᠤ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠷᠬᠦᠴᠡ ᠶᠢᠨ ᠬᠡᠮᠵᠢᠶ᠎ᠡ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      — — ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ︵ᠥᠷᠲᠡᠭᠡ︶᠂ ᠨᠡᠶᠢᠭᠡᠮ ᠲᠣᠭᠤᠷᠢᠭ ᠤᠨ ᠡᠳᠦᠷ ᠲᠣᠲᠣᠮ ᠤᠨ ᠬᠠᠷᠠᠭᠠᠯᠵᠠᠯ ᠤᠨ ᠲᠥᠪ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ ᠡᠬᠢ ᠪᠠᠶᠠᠯᠢᠭ ᠲᠤ ᠲᠦᠰᠢᠭᠯᠡᠨ᠂ ᠨᠠᠰᠤᠲᠠᠶᠢᠴᠤᠳ ᠲᠤ ᠡᠷᠡᠭᠦᠯ ᠴᠢᠭᠢᠷᠠᠭ᠂ ᠰᠣᠶᠣᠯ ᠪᠣᠯᠪᠠᠰᠤᠷᠠᠯ᠂ ᠪᠡᠶ᠎ᠡ ᠶᠢᠨ ᠲᠠᠮᠢᠷ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠦᠢᠯᠡᠴᠢᠯᠡᠭᠡ ᠬᠠᠩᠭᠠᠨ᠎ᠠ᠃      — — ᠵᠢᠵᠢᠭ ᠬᠡᠯᠪᠡᠷᠢ ᠶᠢᠨ ᠨᠡᠶᠢᠭᠡᠮ ᠲᠣᠭᠤᠷᠢᠭ ᠤᠨ ᠨᠠᠰᠤᠲᠠᠨ ᠠᠰᠠᠷᠠᠬᠤ ᠬᠦᠷᠢᠶᠡᠯᠡᠩ ᠪᠠᠶᠢᠭᠤᠯᠬᠤ ᠶᠢ ᠨᠢ ᠵᠣᠷᠢᠭᠵᠢᠭᠤᠯᠵᠤ᠂ ᠨᠠᠰᠤᠲᠠᠶᠢᠴᠤᠳ ᠤᠨ ᠣᠶᠢᠷ᠎ᠠ ᠬᠠᠪᠢ ᠳᠠᠭᠠᠨ ᠨᠠᠰᠤᠵᠢᠯ ᠤᠨ ᠠᠰᠠᠷᠠᠮᠵᠢ ᠬᠦᠷᠲᠡᠬᠦ ᠬᠡᠷᠡᠭᠴᠡᠭᠡ ᠶᠢ ᠬᠠᠩᠭᠠᠵᠤ᠂ ᠲᠥᠷᠥᠯ ᠰᠠᠳᠤᠨ ᠨᠢ ᠬᠠᠷᠠᠭᠠᠯᠵᠠᠨ ᠠᠰᠠᠷᠠᠬᠤ ᠡᠷᠬᠢᠨ ᠦᠵᠡᠬᠦ ᠳᠤ ᠲᠥᠬᠦᠮ ᠦᠵᠡᠭᠦᠯᠦᠨ᠎ᠡ᠃      ᠠᠷᠠᠳ ᠤᠨ ᠶᠠᠪᠤᠳᠠᠯ ᠤᠨ ᠶᠠᠮᠤᠨ ᠤ ᠨᠡᠶᠢᠭᠡᠮ ᠤᠨ ᠠᠰᠠᠷᠠᠮᠵᠢ ᠨᠢᠭᠦᠯᠡᠰᠦᠩᠭᠦᠶ ᠶᠢᠨ ᠦᠢᠯᠡᠰ ᠢ ᠠᠬᠢᠭᠤᠯᠬᠤ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠳᠬᠡᠭᠰᠡᠨ ᠨᠢ᠂ ᠡᠳᠡᠭᠡᠷ ᠠᠷᠭ᠎ᠠ ᠬᠡᠮᠵᠢᠶ᠎ᠡ ᠨᠢ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠶᠢ ᠯᠠᠪᠲᠠᠶ ᠴᠢᠩᠭᠠᠳᠬᠠᠵᠤ᠂   ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠳᠤᠮᠳᠠᠬᠢ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠰᠠᠭᠤᠷᠢᠯᠠᠬᠤ ᠴᠢᠨᠠᠷᠲᠠᠶ ᠦᠢᠯᠡᠳᠦᠯ ᠢ ᠪᠠᠬᠢᠵᠢᠭᠦᠯᠬᠦ ᠪᠣᠯᠣᠨ᠎ᠠ ᠭᠡᠵᠡᠢ᠃      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠷᠴᠢᠮᠬᠠᠨ᠂ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠭᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠬᠦ 26 ᠲᠤᠰᠬᠠᠢ ᠣᠷᠣᠨ ᠤ ᠲᠡᠰ ᠤᠨ ᠬᠤᠲᠠ ᠶᠢ ᠰᠢᠯᠢᠨ ᠰᠣᠩᠭᠤᠨ ᠨᠡᠶᠢᠲᠡᠯᠡᠪᠡ᠃ ︽13·5︾᠎ ᠶᠢᠨ ᠬᠤᠭᠤᠴᠠᠭᠠᠨ ᠳᠤ᠂ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠲᠤᠰ ᠲᠤᠷᠰᠢᠯᠲᠠ ᠶᠢ ᠦᠷᠭᠦᠯᠵᠢᠯᠡᠨ ᠥᠷᠨᠢᠭᠦᠯᠵᠦ᠂ ᠤᠯᠤᠰ ᠤᠨ ᠪᠠᠶᠢᠳᠠᠯ ᠳᠤ ᠨᠡᠶᠢᠴᠡᠭᠰᠡᠨ ᠨᠢᠭᠡ ᠪᠦᠯᠦᠭ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠠᠶᠢᠢᠨ ᠲᠤᠷᠰᠢᠯᠭ᠎ᠠ᠂ ᠰᠡᠶᠢᠢᠠ ᠬᠢᠳᠡᠯ ᠢ ᠰᠦᠪᠡᠭᠴᠢᠯᠡᠨ ᠳ᠋ᠦᠩᠨᠡᠬᠦ ᠪᠠ ᠳᠡᠯᠭᠡᠷᠡᠭᠦᠯᠦᠨ ᠬᠡᠷᠡᠭᠯᠡᠵᠦ᠂ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠰᠠᠭᠤᠷᠢ ᠶᠢ ᠪᠠᠬᠢᠵᠢᠭᠦᠯᠬᠦ ᠪᠣᠯᠣᠨ᠎ᠠ᠃      ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ      ᠬᠤᠳᠠ ᠬᠥᠳᠡᠭᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠥᠭᠵᠢᠯᠲᠡ ᠲᠡᠩᠴᠡᠭᠦᠷᠢ ᠦᠭᠡᠢ ᠪᠠᠶᠢᠬᠤ ᠪᠣᠯ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠨᠥᠯᠥᠭᠡᠯᠡᠵᠦ ᠪᠠᠶᠢᠭ᠎ᠠ ᠴᠢᠬᠤᠯᠠ ᠶᠡᠭᠡ ᠠᠰᠠᠭᠤᠳᠠᠯ ᠮᠥᠨ᠃ ᠤᠷᠲᠤ ᠬᠤᠭᠤᠴᠠᠭᠠᠨ ᠤ ᠲᠤᠷᠰᠢ᠂ ᠮᠠᠨ ᠤ ᠤᠯᠤᠰ ᠤᠨ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠥᠭᠵᠢᠯᠲᠡ ᠲᠤᠩ ᠮᠠᠭᠤ ᠪᠠᠶᠢᠵᠤ᠂ ᠲᠡᠦᠬᠡᠨ ᠠᠴᠠ ᠦᠯᠡᠳᠡᠭᠳᠡᠭᠰᠡᠨ ᠥᠷᠢ ᠰᠢᠷᠢ ᠨᠡᠯᠢᠶᠡᠳ ᠠᠷᠪᠢᠨ ᠪᠠᠶᠢᠨ᠎ᠠ᠃      ᠰᠠᠨᠠᠯ ᠨᠢ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠪᠣᠯᠤᠨ ᠬᠢᠷᠢ ᠲᠦᠪᠰᠢᠨ ᠳᠡᠭᠡᠭᠰᠢᠯᠡᠭᠦᠯᠬᠦ ᠶᠢᠨ ᠲᠣᠭᠤᠷᠢᠨ ᠳᠤ᠂ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠬᠡᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠮᠵᠢ ᠶᠢ ᠥᠷᠭᠡᠳᠭᠡᠵᠦ᠂ ᠠᠦ᠋ᠲ᠋ᠣᠴᠢᠯᠠᠭᠰᠠᠨ ᠮᠠᠶ᠋ᠢᠭ᠂ ᠬᠠᠷᠢᠯᠴᠠᠨ ᠬᠠᠪᠰᠤᠷᠤᠯᠴᠠᠬᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠶᠢ ᠨᠢ ᠵᠣᠷᠢᠭᠵᠢᠭᠤᠯᠵᠤ᠂ ᠬᠥᠳᠡᠭᠡ ᠲᠣᠰᠬᠤᠨ ᠤ ᠨᠠᠰᠤᠲᠠᠨ ᠢ ᠠᠰᠠᠷᠠᠬᠤ ᠬᠦᠷᠢᠶᠡᠯᠡᠩ ᠤᠨ ᠪᠠᠶᠢᠭᠤᠯᠤᠯᠲᠠ ᠶᠢ ᠴᠢᠩᠭᠠᠳᠬᠠᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠴᠢᠶᠠᠯᠠᠪᠤᠷᠢ ᠶᠢ ᠪᠠᠶᠠᠯᠢᠭᠵᠢᠭᠤᠯᠬᠤ ᠬᠡᠷᠡᠭᠲᠡᠢ ᠭᠡᠵᠦ ᠱᠠᠭᠠᠷᠳᠠᠪᠠ᠃      ᠡᠭᠦᠨ ᠤ ᠬᠠᠮᠲᠤ᠂ ᠲᠤᠰᠬᠠᠶ ᠮᠡᠷᠭᠡᠵᠢᠯ ᠤᠨ ᠨᠡᠶᠢᠭᠡᠮ ᠤᠨ ᠠᠵᠢᠯᠯᠠᠭᠴᠢ᠂ ᠨᠡᠶᠢᠭᠡᠮ ᠲᠣᠭᠤᠷᠢᠭ ᠤᠨ ᠠᠵᠢᠯᠲᠠᠨ᠂ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠭᠴᠢ ᠶᠢ ᠵᠣᠷᠢᠭᠵᠢᠭᠤᠯᠤᠨ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠲᠦᠰᠢᠭᠯᠡᠨ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ ᠣᠷᠣᠯᠴᠠᠵᠤ᠂ ᠬᠦᠴᠦᠨ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠭᠤᠣᠯ ᠴᠣᠭᠴᠠ ᠶᠢ ᠪᠠᠶᠠᠯᠢᠭᠵᠢᠭᠤᠯᠤᠨ᠎ᠠ᠃      ᠠᠷᠠᠳ ᠤᠨ ᠶᠠᠪᠤᠳᠠᠯ ᠤᠨ ᠶᠠᠮᠤᠨ ᠤ ᠨᠡᠶᠢᠭᠡᠮ ᠤᠨ ᠠᠰᠠᠷᠠᠮᠵᠢ ᠪᠠ ᠨᠢᠭᠦᠯᠡᠰᠦᠩᠭᠦᠶ ᠶᠢᠨ ᠦᠢᠯᠡᠰ ᠢ ᠠᠬᠢᠭᠤᠯᠬᠤ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠳᠬᠡᠭᠰᠡᠨ ᠨᠢ᠂ ᠲᠠᠷᠠᠭᠠᠴᠢ ᠶᠢᠨ ᠠᠯᠬᠤᠮ ᠳᠤ᠂ ᠠᠷᠠᠳ ᠤᠨ ᠶᠠᠪᠤᠳᠠᠯ ᠤᠨ ᠶᠠᠮᠤᠨ ᠠᠴᠠ ᠲᠠᠪᠤᠨ ᠪᠠᠲᠤᠯᠠᠭᠠᠲᠤ ᠠᠰᠠᠷᠠᠨ ᠲᠡᠵᠢᠭᠡᠬᠦ ᠪᠠᠶᠢᠭᠤᠯᠤᠮᠵᠢ ᠪᠣᠯᠣᠨ ᠬᠠᠷᠢᠯᠴᠠᠨ ᠬᠠᠪᠰᠤᠷᠤᠯᠴᠠᠬᠤ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠠᠪᠤᠨ ᠪᠠᠲᠤᠯᠠᠭᠠᠲᠤ ᠶᠢ ᠠᠰᠠᠷᠠᠨ ᠲᠡᠵᠢᠭᠡᠬᠦ ᠨᠥᠬᠦᠴᠡᠯ ᠲᠠᠢ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠣᠷᠣᠨ ᠪᠦᠰᠡ  ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠣᠯᠭᠠᠨ ᠬᠦᠭᠵᠢᠭᠦᠯᠦᠨ᠎ᠡ᠃ ᠡᠭᠦᠨ ᠤ ᠬᠠᠮᠲᠤ᠂ ᠬᠥᠳᠡᠭᠡ ᠲᠣᠰᠬᠤᠨ ᠤ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ᠂ ᠭᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ᠂ ᠥᠨᠳᠥᠷ ᠨᠠᠰᠤᠯᠠᠭᠰᠠᠨ ᠵᠡᠷᠭᠡ ᠣᠨᠴᠣᠭᠤᠢ ᠪᠠ ᠬᠦᠴᠢᠷᠳᠡᠯᠲᠡᠶ ᠨᠠᠰᠤᠲᠠᠶᠢᠴᠤᠳ ᠢ ᠬᠠᠯᠠᠮᠵᠢᠯᠠᠨ ᠬᠠᠷᠠᠭᠠᠯᠵᠠᠬᠤ ᠦᠢᠯᠡᠴᠢᠯᠡᠭᠡᠨ ᠤ ᠰᠢᠰᠲ᠋ᠧᠮᠵᠢ ᠪᠠᠶᠢᠭᠤᠯᠬᠤ ᠶᠢ ᠬᠦᠴᠦᠯᠡᠨ ᠠᠬᠢᠭᠤᠯᠵᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠢ ᠬᠤᠳᠠ ᠬᠥᠳᠡᠭᠡ ᠳᠤ ᠠᠳᠠᠯᠢ ᠲᠡᠭᠰᠢ ᠪᠠᠶᠢᠯᠭᠠᠬᠤ ᠶᠢ ᠠᠬᠢᠭᠤᠯᠤᠨ᠎ᠠ᠃      ᠡᠮᠴᠢᠯᠡᠬᠦ ᠠᠰᠠᠷᠠᠬᠤ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠴᠣᠭᠴᠠᠯᠠᠨ᠎ᠠ      ︽ᠡᠮᠴᠢᠯᠡᠬᠦ ᠠᠰᠠᠷᠠᠬᠤ ᠶᠢ ᠤᠶᠠᠯᠳᠤᠭᠤᠯᠬᠤ︾ ᠪᠣᠯ ︽ᠨᠠᠰᠤᠵᠢᠯ ᠤᠨ ᠡᠷᠡᠭᠦᠯ ᠠᠰᠠᠷᠠᠮᠵᠢ︾᠎ ᠶᠢ ᠪᠡᠶᠡᠯᠡᠭᠦᠯᠬᠦ ᠪᠦᠲᠦᠮᠵᠢᠲᠡᠶ ᠠᠷᠭ᠎ᠠ ᠵᠠᠮ ᠪᠣᠯᠣᠨ᠎ᠠ᠂ ᠮᠥᠨ ᠴᠦ ᠨᠠᠰᠤᠲᠠᠶᠢᠴᠤᠳ ᠤᠨ ᠲᠤᠯᠭᠠᠮ᠎ᠠ ᠱᠠᠭᠠᠷᠳᠠᠯᠭ᠎ᠠ ᠶᠤᠮ᠃ ᠡᠭᠦᠨ ᠤ ᠲᠤᠯᠠᠳᠠ᠂ ᠰᠠᠨᠠᠯ ᠳᠤ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠰᠢᠭᠤᠳ ᠨᠡᠪᠲᠡᠷᠡᠯ ᠤᠨ ︽ᠠᠵᠢᠯᠯᠠᠭᠠᠨ ᠤ ᠵᠦᠭᠯᠡᠭᠦᠷ︾ ᠪᠠᠶᠢᠭᠤᠯᠤᠨ᠂ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠯᠦᠭᠡ ᠠᠭᠤᠰᠤᠯᠴᠠᠨ ᠬᠦᠭᠵᠢᠭᠦᠯᠬᠦ ᠶᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ  ᠲᠣᠲᠣᠷᠬᠠᠢ ᠳᠤᠷᠠᠳᠴᠠᠢ᠃      — — ᠨᠥᠬᠦᠴᠡᠯ ᠳᠤ ᠨᠡᠶᠢᠴᠡᠬᠦ ᠠᠵᠢᠯ ᠡᠷᠬᠢᠯᠡᠬᠦ ᠡᠮᠴᠢ ᠨᠢ ᠨᠠᠰᠤᠵᠢᠯ ᠤᠨ ᠠᠰᠠᠷᠠᠮᠵᠢ  ᠶᠢᠨ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠬᠠᠷᠠᠭᠠᠯᠵᠠᠬᠤ ᠪᠠᠶᠢᠭᠤᠯᠤᠮᠵᠢ ᠶᠢᠨ ᠲᠤᠲᠤᠭᠠᠳᠤ ᠳᠤ ᠪᠠᠶᠢᠭᠤᠯᠤᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠦᠷᠴᠦ ᠤᠯᠠᠨ ᠭᠠᠵᠠᠷ ᠠᠵᠢᠯ ᠡᠷᠬᠢᠯᠡᠬᠦ ᠶᠢ ᠨᠢ ᠵᠣᠷᠢᠭᠵᠢᠭᠤᠯᠤᠨ᠎ᠠ᠃      — — ᠪᠣᠯᠵᠣᠵᠤ ᠡᠮᠴᠢᠯᠡᠭᠦᠯᠬᠦ ᠳᠤ ᠰᠢᠭᠤᠳ ᠨᠡᠪᠲᠡᠷᠡᠯ ᠤᠨ ᠵᠠᠮ ᠢ ᠨᠡᠭᠡᠭᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠬᠠᠷᠠᠭᠠᠯᠵᠠᠬᠤ ᠪᠠᠶᠢᠭᠤᠯᠤᠮᠵᠢ ᠪᠣᠯᠤᠨ ᠡᠮᠴᠢᠯᠡᠭᠡᠨ ᠤ ᠪᠠᠶᠢᠭᠤᠯᠤᠮᠵᠢ ᠶᠢᠨ ᠵᠤᠯᠭᠠᠯᠳᠤᠬᠤ ᠶᠢ ᠲᠦᠯᠬᠢᠨ ᠠᠬᠢᠭᠤᠯᠵᠤ᠂ ᠨᠠᠰᠤᠲᠠᠶᠢᠴᠤᠳ ᠲᠤ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠃      — — ᠡᠮᠴᠢᠯᠡᠭᠡᠨ ᠤ ᠳᠠᠭᠠᠳᠬᠠᠯ ᠢ ᠭᠠᠷᠳᠠᠨ ᠭᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠨᠠᠰᠤᠲᠠᠶᠢᠴᠤᠳ ᠤᠨ ᠥᠭᠡᠷ᠎ᠡ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠣᠳᠣᠬᠤ ᠠᠰᠠᠭᠤᠳᠠᠯ  ᠢ ᠦᠨᠡᠨ ᠬᠦ ᠰᠢᠢᠳᠪᠦᠷᠢᠯᠡᠨ᠎ᠡ᠃      — — ᠤᠷᠳᠤ ᠬᠤᠭᠤᠴᠠᠭ᠎ᠠ ᠪᠠᠷ ᠰᠤᠪᠢᠯᠠᠬᠤ ᠳᠠᠭᠠᠳᠬᠠᠯ ᠤᠨ ᠲᠦᠷᠢᠮ ᠢ ᠰᠦᠪᠡᠭᠴᠢᠯᠡᠨ ᠪᠠᠶᠢᠭᠤᠯᠵᠤ᠂ ᠤᠯᠠᠨ ᠡᠰᠢᠵᠢᠭᠰᠡᠨ ᠳᠠᠭᠠᠳᠬᠠᠯ ᠤᠨ ᠪᠡᠯᠡ ᠮᠥᠩᠭᠦ ᠴᠤᠭᠯᠠᠭᠤᠯᠬᠤ ᠵᠠᠭᠪᠤᠷ ᠢ ᠪᠣᠢ ᠪᠣᠯᠭᠠᠨ᠂ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠬᠥᠮᠦᠰ ᠤᠨ ᠦᠨᠳᠦᠰᠦᠨ ᠠᠮᠢᠳᠤᠷᠠᠯ ᠢ ᠨᠢ ᠬᠠᠷᠠᠭᠠᠯᠵᠠᠬᠤ ᠪᠠ ᠬᠠᠮᠢᠶ᠎ᠠ ᠪᠦᠬᠦᠢ ᠡᠮᠴᠢᠯᠡᠭᠡ ᠰᠤᠪᠢᠯᠠᠯᠲᠠ ᠵᠡᠷᠭᠡ ᠳᠤ ᠬᠡᠷᠡᠭᠰᠡᠬᠦ ᠵᠠᠷᠤᠳᠠᠯ ᠤᠨ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃      ︽ᠠᠷᠠᠳ ᠤᠨ ᠶᠠᠪᠤᠳᠠᠯ ᠤᠨ ᠶᠠᠮᠤᠨ ᠨᠢ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠥᠪᠯᠡᠯ ᠲᠠᠢ ᠬᠠᠮᠲᠤ ᠪᠠᠷ ᠤᠳᠤ ᠶᠢᠨ ᠦᠷᠨᠢᠭᠦᠯᠵᠦ ᠪᠠᠶᠢᠭ᠎ᠠ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠲᠤᠷᠰᠢᠯᠲᠠ ᠶᠢᠨ ᠰᠠᠭᠤᠷᠢᠨ ᠳᠡᠭᠡᠷ᠎ᠡ᠂ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠰᠢᠭᠤᠳ ᠨᠡᠪᠲᠡᠷᠡᠯ ᠤᠨ ᠵᠠᠮ ᠢ ᠤᠯᠠᠮ ᠨᠢᠭᠡ ᠠᠯᠬᠤᠮ ᠨᠡᠭᠡᠭᠡᠵᠦ᠂ ᠬᠤᠲᠠ ᠬᠥᠳᠡᠭᠡ ᠶᠢ ᠬᠠᠮᠤᠷᠤᠭᠰᠠᠨ᠂ ᠬᠡᠪᠴᠢᠶ᠎ᠡ ᠨᠢ ᠲᠣᠬᠢᠷᠠᠮᠵᠢᠲᠠᠶ᠂ ᠴᠢᠳᠠᠪᠬᠢ ᠨᠢ ᠵᠦᠢ ᠵᠣᠬᠢᠰᠲᠠᠶ᠂ ᠶᠡᠷᠦᠩᠬᠡᠶᠢᠯᠡᠭᠰᠡᠨ ᠦᠷᠭᠦᠯᠵᠢᠯᠡᠭᠰᠡᠨ  ᠡᠮᠴᠢᠯᠡᠬᠦ ᠠᠰᠠᠷᠠᠬᠤ ᠶᠢ ᠤᠶᠠᠯᠳᠤᠭᠤᠯᠬᠤ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠣᠢ ᠪᠣᠯᠭᠠᠨ᠎ᠠ᠃︾ ᠭᠡᠵᠦ ᠠᠷᠠᠳ ᠤᠨ ᠶᠠᠪᠤᠳᠠᠯ ᠤᠨ ᠶᠠᠮᠤᠨ ᠤ ᠨᠡᠶᠢᠭᠡᠮ ᠤᠨ ᠠᠰᠠᠷᠠᠮᠵᠢ ᠪᠠ ᠨᠢᠭᠦᠯᠡᠰᠦᠩᠭᠦᠶ ᠶᠢᠨ ᠦᠢᠯᠡᠰ ᠢ ᠠᠬᠢᠭᠤᠯᠬᠤ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ᠃      ᠡᠨᠡᠬᠦ ᠬᠠᠷᠢᠭᠤᠴᠠᠯᠭᠠᠲᠠᠨ ᠢᠯᠡᠳᠬᠡᠭᠰᠡᠨ ᠨᠢ᠂ ᠠᠷᠠᠳ ᠤᠨ ᠶᠠᠪᠤᠳᠠᠯ ᠤᠨ ᠶᠠᠮᠤᠨ ᠨᠢ ᠤᠷᠳᠤ ᠬᠤᠭᠤᠴᠠᠭ᠎ᠠ ᠪᠠᠷ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠪᠠᠷᠢᠮᠵᠢᠶ᠎ᠠ᠂ ᠶᠠᠰᠤ ᠴᠢᠨᠠᠷ ᠢ ᠦᠨᠡᠯᠡᠯᠲᠡ ᠵᠡᠷᠭᠡ ᠠᠵᠢᠯ ᠲᠦᠷᠦᠯ ᠤᠨ ᠵᠢᠷᠤᠮᠵᠢᠯ ᠢ ᠲᠣᠭᠲᠠᠭᠠᠵᠤ᠂ ᠭᠡᠷ ᠵᠠᠭᠤᠷ᠎ᠠ᠂ ᠨᠡᠶᠢᠭᠡᠮ ᠲᠣᠭᠤᠷᠢᠭ ᠠᠴᠠ ᠲᠤᠰᠬᠠᠶ ᠪᠠᠶᠢᠭᠤᠯᠤᠮᠵᠢ ᠬᠦᠷᠲᠡᠯᠡᠬᠢ ᠱᠠᠲᠤ ᠬᠤᠪᠢᠶᠠᠨ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠤᠨ᠎ᠠ᠃ ᠡᠭᠦᠨ ᠤ ᠬᠠᠮᠲᠤ᠂ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠵᠡᠩᠨᠡᠯᠲᠡ ᠶᠢᠨ ᠦᠢᠯᠡᠴᠢᠯᠡᠭᠡ ᠶᠢ ᠵᠢᠷᠤᠮᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ ᠭᠡᠪᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ