ᠣᠶᠢᠷ᠎ᠠ ᠳᠤ᠂ ᠮᠠᠨᠵᠤᠤᠷ ᠬᠤᠲᠠ ᠬᠤᠶᠠᠷ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠤ | ᠬᠦᠴᠢᠷᠳᠡᠯᠲᠡᠶ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠲᠤᠯᠠᠭ᠎ᠠ ᠶᠢ ᠬᠠᠪᠰᠤᠷᠤᠨ ᠲᠡᠳᠬᠦᠵᠦ | ᠲᠡᠩᠭᠡᠷᠡᠭᠦᠯᠦᠨ ᠲᠤᠰᠠᠯᠠᠬᠤ ᠠᠵᠢᠯ ᠢ ᠨᠠᠶᠢᠳᠠᠪᠤᠷᠢᠵᠢᠭᠤᠯᠬᠤ ᠬᠤᠷᠠᠯ ᠬᠢᠪᠡ᠃ | ᠬᠤᠷᠠᠯ ᠨᠢ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠳᠠ ᠶᠢᠨ ᠬᠤᠶᠠᠷ ᠪᠠᠶᠠᠷ ᠳᠤᠷᠠᠰᠬᠠᠯ ᠤᠨ | ᠡᠳᠦᠷ ᠤᠨ ᠬᠤᠭᠤᠴᠠᠭᠠᠨ ᠳᠤ ᠬᠦᠴᠢᠷᠳᠡᠯᠲᠡᠶ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠨᠢ ᠪᠠᠲᠤᠯᠠᠬᠤ | ᠠᠵᠢᠯ ᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠪᠠᠶᠢᠷᠢᠯᠠᠭᠤᠯᠤᠯᠲᠠ ᠬᠢᠪᠡ᠃ ᠬᠤᠷᠠᠯ ᠠᠴᠠ | ᠱᠠᠭᠠᠷᠳᠠᠭᠰᠠᠨ ᠨᠢ᠂ ᠪᠦᠬᠦ ᠬᠤᠲᠠ ᠶᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠦᠴᠢᠷᠳᠡᠯᠲᠡᠶ ᠤᠯᠠᠨ | ᠲᠦᠮᠡᠨ ᠢ ᠬᠠᠪᠰᠤᠷᠤᠨ ᠲᠡᠳᠬᠦᠬᠦ ᠠᠵᠢᠯ ᠢ ᠭᠦᠨᠵᠡᠭᠡᠶ ᠪᠥᠭᠡᠳ ᠨᠢᠮᠪᠠᠶ ᠰᠠᠶᠢᠲᠤᠷ ᠬᠢᠵᠦ᠂ ᠬᠦᠴᠢᠷᠳᠡᠯᠲᠡᠶ ᠤᠯᠠᠨ | ᠲᠦᠮᠡᠨ ᠤ ᠪᠠᠶᠢᠳᠠᠯ ᠢ ᠵᠢᠭᠰᠠᠭᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠲᠥᠪ ᠤᠨ ᠪᠠ | ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠳᠠ ᠶᠢᠨ ᠠᠷᠠᠳ ᠤᠨ ᠠᠮᠢᠳᠤᠷᠠᠯ ᠤᠨ ᠲᠤᠬᠠᠶ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠰᠤᠷᠪᠤᠯᠵᠢᠯᠠᠨ ᠲᠣᠬᠤᠨᠢᠭᠤᠯᠵᠤ | ᠬᠠᠯᠠᠮᠵᠢᠯᠠᠯ ᠬᠦᠷᠲᠡᠭᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠦᠷᠨᠢᠬᠦᠯᠵᠤ᠂ ᠬᠤᠳᠠ ᠶᠢᠨ ᠳᠥᠷᠪᠡᠨ ᠲᠣᠮᠣ | ᠪᠠᠭ᠂ ᠲᠣᠭᠤᠷᠢᠭ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠵᠢᠴᠢ ᠡᠯ᠎ᠡ ᠰᠠᠯᠠᠭ᠎ᠠ | ᠮᠥᠴᠢᠷ ᠵᠡᠷᠭᠡ ᠲᠠᠪᠤᠨ ᠱᠠᠲᠤᠨ ᠤ ᠬᠠᠮᠲᠤᠷᠠᠨ ᠬᠥᠳᠡᠯᠦᠯᠴᠡᠬᠦ ᠪᠠᠶᠢᠭᠤᠯᠤᠮᠵᠢ ᠶᠢ ᠪᠦᠷᠢᠯᠳᠦᠬᠦᠯᠵᠤ᠂ | ᠬᠠᠷᠢᠭᠤᠴᠠᠯᠭ᠎ᠠ ᠶᠢ ᠨᠠᠷᠢᠯᠢᠬᠵᠢᠭᠤᠯᠤᠨ ᠪᠣᠳᠠᠲᠠᠶ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ︔ | ᠲᠣᠬᠤᠨᠢᠭᠤᠯᠬᠤ ᠪᠡᠯᠡ ᠮᠥᠩᠭᠦ ᠶᠢ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠡᠯ᠎ᠡ ᠰᠠᠯᠠᠭ᠎ᠠ ᠮᠥᠴᠢᠷ ᠤᠨ | ᠲᠤᠰᠬᠠᠶ ᠵᠦᠢᠯ ᠤᠨ ᠪᠡᠯᠡ ᠮᠥᠩᠭᠦ ᠪᠠᠷ ᠭᠤᠣᠯ ᠴᠣᠭᠴᠠ ᠪᠤᠯᠭᠠᠨ᠂ ᠵᠠᠰᠠᠭ ᠤᠨ ᠣᠷᠳᠣᠨ ᠵᠣᠬᠢᠬᠤ ᠬᠡᠮᠵᠢᠶᠡᠨ ᠤ | ᠨᠥᠬᠦᠪᠥᠷᠢ ᠥᠭᠬᠦ ᠠᠷᠭ᠎ᠠ ᠬᠡᠯᠪᠡᠷᠢ ᠪᠠᠷ ᠲᠤᠬᠤᠨᠢᠭᠤᠯᠬᠤ ᠪᠡᠯᠡ ᠮᠥᠩᠭᠦ ᠶᠢ ᠪᠤᠳᠠᠲᠠᠢ ᠳᠤ ᠨᠠᠶᠢᠳᠠᠪᠤᠷᠢᠵᠢᠭᠤᠯᠬᠤ ᠶᠢ | ᠦᠨᠡᠨᠬᠦ ᠪᠠᠲᠤᠯᠠᠬᠤ ᠬᠡᠷᠡᠭᠲᠠᠢ︔ ᠨᠡᠶᠢᠭᠡᠮ ᠨᠡᠶᠢᠲᠡ ᠶᠢᠨ ᠬᠦᠴᠦᠨ ᠢ ᠲᠠᠶᠢᠢᠴᠢᠯᠠᠨ᠂ ᠶᠠᠳᠠᠭᠤ ᠶᠢ ᠲᠡᠳᠬᠦᠵᠦ | ᠲᠡᠩᠭᠡᠷᠡᠭᠦᠯᠦᠨ ᠲᠤᠰᠠᠯᠠᠬᠤ ᠠᠵᠢᠯ ᠢ ᠰᠠᠶᠢᠲᠤᠷ ᠬᠢᠵᠤ᠂ ᠵᠠᠰᠠᠭ ᠤᠨ ᠣᠷᠳᠣᠨ ᠪᠤᠯᠤᠨ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠬᠠᠮᠲᠤᠷᠠᠯᠴᠠᠨ᠂ ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠲᠠᠪᠴᠠᠩ ᠢ ᠬᠠᠮᠲᠤ ᠪᠠᠷ ᠪᠠᠶᠢᠭᠤᠯᠬᠤ | ᠬᠡᠷᠡᠭᠲᠡᠶ ᠬᠡᠪᠡ᠃ | ᠬᠤᠷᠠᠯ ᠠᠴᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠦᠴᠦ ᠶᠠᠪᠤᠭᠴᠢ ᠮᠠᠯᠴᠢᠨ ᠲᠠᠷᠢᠶᠠᠴᠢᠳ ᠤᠨ | ᠴᠠᠯᠢᠩ ᠤᠨ ᠦᠷᠢᠳᠦᠯ ᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠬᠠᠤᠯᠢ ᠪᠤᠰᠤ ᠥᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠦᠭᠭᠦᠨ ᠰᠢᠢᠳᠪᠦᠷᠢᠯᠡᠵᠤ᠂ | ᠠᠰᠠᠭᠤᠳᠠᠯ ᠢ ᠴᠤᠬᠤᠶᠢᠵᠤ ᠪᠠᠶᠢᠭ᠎ᠠ ᠬᠤᠭᠤᠴᠠᠭᠠᠨ ᠳᠤ ᠨᠢ ᠤᠯᠵᠤ ᠮᠡᠳᠡᠵᠤ᠂ ᠡᠭᠦᠰᠬᠦ ᠠᠴᠠ ᠨᠢ ᠡᠮᠦᠨ᠎ᠡ | ᠰᠢᠢᠳᠪᠦᠷᠢᠯᠡᠵᠤ᠂ ᠦᠢᠯᠡᠳᠪᠦᠷᠢᠯᠡᠯ ᠤᠨ ᠦᠯᠡᠬᠦᠦ ᠴᠢᠳᠠᠪᠤᠷᠢ ᠶᠢ ᠨᠢ ᠦᠭᠡᠶᠢᠰᠭᠡᠭᠰᠡᠨ ᠠᠵᠢᠯᠳᠠᠨ ᠠᠵᠢᠯᠴᠢᠳ ᠢ | ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠦᠨᠡᠨ ᠬᠦ | ᠪᠠᠲᠤᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠠᠢ ᠬᠡᠵᠤ ᠴᠢᠬᠤᠯᠠᠴᠢᠯᠠᠪᠠ᠃ |