2016 ᠣᠨ ᠳᠤ᠂ ᠪᠤᠭᠤᠲᠤ ᠬᠤᠳᠠ ᠶᠢᠨ ᠡᠳ᠋ ᠤᠨ ᠵᠠᠰᠠᠭ ᠳᠡᠭᠡᠳᠦ ᠱᠠᠲᠤᠨ ᠤ ᠰᠤᠷᠭᠠᠨ ᠬᠥᠮᠦᠵᠢᠯ ᠤᠨ | ᠲᠦᠷᠦᠯ ᠤᠨ ᠲᠤᠰᠬᠠᠢ ᠲᠡᠳᠭᠦᠨ ᠳᠡᠮᠵᠢᠬᠦ ᠪᠡᠯᠡ ᠮᠥᠩᠭᠦ ᠶᠢ 1.3 ᠳ᠋ᠦᠡᠭᠰᠢᠭᠤᠷ ᠲᠦᠬᠦᠷᠢᠭ ᠤᠯᠵᠤ᠂ ᠪᠤᠭᠤᠲᠤ | ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠬᠦ ᠶᠢ ᠳᠡᠮᠵᠢᠪᠡ᠃ 2016 | ᠣᠨ ᠠᠴᠠ ᠨᠠᠰᠢ᠂ ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠤᠯᠤᠰ ᠪᠠ ᠥᠪᠡᠷᠲᠡᠭᠡᠨ ᠵᠠᠰᠠᠬᠤ | ᠣᠷᠣᠨ ᠠᠴᠠ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ ᠨᠡᠶᠢᠲᠡᠯᠡᠭᠰᠡᠨ ᠡᠯ᠎ᠡ ᠵᠦᠢᠯ ᠤᠨ | ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠵᠢᠬᠦᠯᠵᠤ᠂ ᠳᠡᠭᠡᠳᠦ ᠱᠠᠲᠤᠨ ᠤ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠶᠢᠯᠠᠭᠠᠨ᠂ | ᠣᠨᠣᠪᠴᠢᠲᠠᠶ ᠪᠠᠷ ᠡᠵᠡᠮᠰᠢᠵᠦ᠂ ᠰᠢᠪᠲᠤᠯᠤᠯᠲᠠ ᠶᠢᠨ ᠴᠢᠭ᠋ ᠢ ᠣᠨᠣᠪᠴᠢᠲᠠᠶ ᠡᠷᠢᠵᠦ᠂ ᠣᠯᠠᠨ ᠵᠦᠢᠯ ᠤᠨ ᠠᠷᠭ᠎ᠠ | ᠬᠡᠮᠵᠢᠶ᠎ᠡ ᠠᠪᠴᠤ᠂ ᠬᠦᠴᠦ ᠲᠠᠯᠪᠢᠵᠤ ᠪᠠᠶᠢᠭᠠᠳ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠲᠦᠷᠦᠯ ᠤᠨ | ᠲᠤᠰᠬᠠᠶ ᠲᠡᠳᠭᠦᠨ ᠳᠡᠮᠵᠢᠬᠦ ᠪᠡᠯᠡ ᠮᠦᠡᠭᠭᠦ ᠶᠢ 1.3 ᠳ᠋ᠦᠡᠭᠰᠢᠭᠤᠷ ᠲᠦᠭᠦᠷᠢᠭ ᠤᠯᠪᠠ᠃ ᠣᠳᠣᠬᠠᠨ ᠳᠤ᠂ | ᠤᠯᠤᠭᠰᠠᠨ ᠪᠡᠯᠡ ᠮᠥᠩᠭᠦ ᠪᠠᠨ ᠪᠦᠬᠦᠨ ᠢ ᠳᠤᠮᠳᠠᠳᠤ ᠪᠠᠭ᠎ᠠ ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠤᠨ | ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ᠂ ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ | ᠵᠢᠴᠢ ᠰᠢᠯᠵᠢᠭᠦᠯᠦᠨ ᠪᠠᠶᠢᠭᠤᠯᠬᠤ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠪᠤᠯᠤᠨ ᠲᠤᠷᠰᠢᠯᠲᠠ ᠶᠢᠨ ᠠᠰᠠᠷ | ᠪᠦᠲᠦᠭᠡᠨ ᠪᠠᠶᠢᠭᠤᠯᠬᠤ᠂ ᠪᠠᠷᠢᠮᠵᠢᠶᠠᠵᠢᠭᠰᠠᠨ ᠰᠤᠷᠭᠠᠭᠤᠯᠢ ᠶᠢ ᠪᠥᠳᠥᠭᠡᠨ ᠪᠠᠶᠢᠭᠤᠯᠬᠤ ᠵᠢᠴᠢ ᠲᠥᠬᠦᠭᠡᠷᠦᠮᠵᠢ | ᠬᠤᠳᠠᠯᠳᠤᠨ ᠠᠪᠬᠤ ᠵᠡᠷᠭᠡ ᠳᠤ ᠬᠡᠷᠡᠭᠯᠡᠵᠤ᠂ ᠬᠥᠯ ᠪᠦᠮᠪᠦᠭᠡ ᠶᠢᠨ ᠲᠠᠯᠠᠪᠠᠶ ᠣᠷᠳᠣᠨ ᠤ ᠪᠦᠲᠦᠭᠡᠨ | ᠪᠠᠶᠢᠭᠤᠯᠤᠯᠲᠠ ᠶᠢ ᠳᠡᠮᠵᠢᠵᠦ᠂ ᠲᠤᠰ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ | ᠦᠷᠭᠦᠯᠵᠢᠯᠡᠨ ᠲᠦᠷᠭᠡᠨ ᠬᠥᠭᠵᠢᠬᠦ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠬᠡᠷᠡᠭᠯᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠬᠦ ᠶᠢᠨ ᠲᠤᠯᠠᠳᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠤᠯᠠᠨ ᠵᠦᠢᠯ ᠤᠨ ᠬᠡᠯᠪᠡᠷᠢ | ᠪᠠᠷ ᠪᠡᠯᠡ ᠮᠥᠩᠭᠦ ᠶᠢᠨ ᠬᠡᠷᠡᠭᠯᠡᠯᠲᠡ ᠶᠢ ᠵᠢᠷᠤᠮᠵᠢᠭᠤᠯᠤᠭᠰᠠᠨ ᠪᠠᠶᠢᠳᠠᠯ ᠢ ᠪᠠᠶᠢᠴᠠᠭᠠᠵᠤ᠂ ᠪᠡᠯᠡ ᠮᠥᠩᠭᠦ ᠶᠢᠨ | ᠬᠡᠷᠡᠭᠯᠡᠭᠡ ᠶᠢ ᠴᠢᠩᠭ᠎ᠠ ᠬᠢᠵᠠᠭᠠᠷᠯᠠᠵᠤ᠂ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠡᠯᠡ | ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠬᠦᠯᠪᠡ᠃ |