| 1 ᠳ᠋ᠦ᠋ᠭᠡᠷ ᠰᠠᠷ᠎ᠠ ᠶᠢᠨ 8 ᠤ ᠡᠳᠦᠷ᠂ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ | ᠬᠡᠪᠡᠯᠢ ᠳᠠᠬᠢ ᠠᠩᠬᠠᠳᠠᠭᠴᠢ ᠡᠮᠦᠨᠡᠰᠢ ᠤᠮᠠᠷᠠᠰᠢ ᠭᠤᠯᠳᠤ ᠪᠠᠷ ᠨᠡᠪᠲᠡᠷᠡᠵᠦ ᠮᠤᠵᠢ ᠠᠯᠤᠰᠯᠠᠨ ᠪᠡᠭᠡᠵᠢᠩ ᠳᠤ ᠣᠷᠣᠬᠤ | ᠳᠣᠯᠤᠨᠨᠤᠤᠷ ᠠᠴᠠ ᠡᠾᠧᠪᠸᠢ ᠶᠢᠨ ᠹᠸᠡᠭᠨᠢᠩ ᠤᠨ ᠬᠤᠶᠢᠲᠤ ᠬᠡᠰᠡᠭ ᠬᠦᠷᠬᠦ ᠲᠡᠮᠦᠷ ᠵᠠᠮ ᠵᠢᠩᠬᠢᠨᠢ ᠪᠠᠷ ᠲᠡᠷᠭᠡ | ᠨᠡᠪᠲᠡᠷᠡᠭᠰᠡᠨ ᠪᠠᠶᠢᠨ᠎ᠠ᠃ ᠡᠨᠡᠬᠦ ᠲᠡᠮᠥᠷ ᠵᠠᠮ ᠨᠡᠪᠲᠡᠷᠡᠵᠦ ᠠᠰᠢᠭᠯᠠᠯᠲᠠ ᠳᠤ ᠣᠷᠣᠬᠤ ᠶᠢ ᠳᠠᠭᠠᠯᠳᠤᠨ᠂ ᠥᠪᠥᠷ | ᠮᠣᠩᠭᠤᠯ ᠤᠨ ᠬᠠᠮᠤᠭ ᠤᠨ ᠬᠤᠶᠢᠲᠤ ᠵᠠᠬ᠎ᠠ ᠳᠤ ᠪᠠᠶᠢᠭ᠎ᠠ ᠰᠢᠯᠢᠩᠬᠤᠲᠠ ᠠᠴᠠ ᠭᠠᠯᠲᠤ ᠲᠡᠷᠭᠡᠨ ᠳᠤ ᠰᠠᠭᠤᠵᠤ | ᠰᠢᠭᠤᠳ ᠪᠡᠭᠡᠵᠢᠩ ᠳᠤ ᠬᠦᠷᠴᠦ᠂ ᠲᠠᠯ᠎ᠠ ᠨᠤᠲᠤᠭ ᠤᠨ ᠠᠷᠠᠳ ᠤᠯᠠᠨ ᠤ ᠠᠶᠠᠯᠠᠬᠤ ᠨᠥᠬᠦᠴᠡᠯ ᠢ ᠪᠦᠬᠦ ᠲᠠᠯ᠎ᠠ ᠪᠠᠷ | ᠰᠠᠶᠢᠵᠢᠷᠠᠭᠤᠯᠵᠤ᠂ ᠵᠢᠭᠤᠯᠴᠢᠯᠠᠯ᠂ ᠰᠣᠶᠣᠯ᠂ ᠠᠷᠠᠯᠵᠢᠶ᠎ᠠ ᠬᠤᠳᠠᠯᠳᠤᠭ᠎ᠠ᠂ ᠡᠳ᠋ ᠪᠠᠷᠠᠭ᠎ᠠ ᠶᠢᠨ ᠭᠦᠢᠯᠭᠡᠭᠡ ᠵᠡᠷᠭᠡ | ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠬᠦᠴᠦᠲᠡᠢ ᠠᠬᠢᠭᠤᠯᠬᠤ ᠪᠣᠯᠣᠨ᠎ᠠ᠃ | ᠣᠶᠢᠯᠠᠭᠠᠭᠰᠠᠨ ᠢᠶᠠᠷ᠂ ᠲᠤᠯᠤᠨᠨᠤᠤᠷ ᠠᠴᠠ ᠡᠾᠧᠪᠸᠢ ᠶᠢᠨ ᠹᠸᠡᠭᠨᠢᠩ ᠬᠦᠷᠬᠦ ᠲᠡᠮᠦᠷ ᠵᠠᠮ ᠤᠨ ᠪᠦᠬᠦ | ᠣᠷᠳᠣ ᠨᠢ 166.346 ᠺᠢᠯᠣᠮᠧᠲᠷ ᠪᠠᠶᠢᠵᠤ᠂ ᠬᠤᠶᠢᠨ᠎ᠠ ᠠᠴᠠ ᠰᠢᠯᠢᠩᠬᠤᠲᠠ ᠠᠴᠠ ᠡᠬᠢᠯᠠᠵᠤ | ᠠᠶᠠᠯᠠᠨ ᠲᠤᠯᠤᠨᠨᠤᠤᠷ ᠲᠡᠮᠦᠷ ᠵᠠᠮ ᠤᠨ ᠲᠤᠯᠤᠨᠨᠤᠤᠷ ᠥᠷᠲᠡᠭᠡ ᠳᠤ ᠬᠦᠷᠴᠦ᠂ ᠡᠴᠦᠰ ᠤᠨ ᠥᠷᠲᠡᠭᠡ ᠡᠾᠧᠪᠸᠢ | ᠮᠤᠵᠢ ᠶᠢᠨ ᠹᠸᠡᠭᠨᠢᠩ ᠰᠢᠶᠠᠨ ᠤ ᠲᠢᠶᠠᠨ ᠴᠢᠶᠣᠤ ᠦᠷᠳᠡᠭᠡ ᠳᠤ ᠬᠦᠷᠴᠦ᠂ ᠬᠤ᠋ ᠱᠢ ᠬᠠ ᠠᠴᠠ ᠹᠧᠩᠨᠢᠩ ᠬᠦᠷᠬᠦ ︵ | ᠨᠢᠭᠡᠳᠦᠭᠡᠷ ᠬᠤᠭᠤᠴᠠᠭ᠎ᠠ︶ ᠲᠡᠮᠦᠷ ᠵᠠᠮ ︵ᠬᠤ᠋ ᠱᠢ ᠬᠠ ᠥᠷᠲᠡᠭᠡ ᠠᠴᠠ ᠲᠢᠶᠠᠨ ᠴᠢᠶᠤᠤ ᠦᠷᠳᠡᠭᠡ ᠬᠦᠷᠬᠦ︶ | ᠯᠤᠭ᠎ᠠ ᠶᠢᠨ ᠵᠠᠮ ᠱᠤᠭᠤᠮ ᠲᠠᠢ ᠨᠡᠶᠢᠯᠡᠨ᠎ᠡ᠂ ᠡᠭᠦᠨ ᠳᠤ ᠳᠣᠯᠣᠨᠨᠣᠣᠷ ᠠᠴᠠ ᠹᠧᠩᠨᠢᠩ ᠬᠦᠷᠬᠦ ᠵᠠᠮ ᠱᠤᠭᠤᠮ ᠤ | ᠥᠪᠥᠷ ᠮᠣᠩᠭᠤᠯ ᠳᠠᠬᠢ ᠬᠡᠰᠡᠭ ᠤᠨ 20.732 ᠺᠢᠯᠣᠮᠧᠲᠷ᠂ ᠡᠾᠧᠪᠸᠢ ᠳᠠᠬᠢ ᠬᠡᠰᠡᠭ ᠤᠨ 97.41 ᠺᠢᠯᠣᠮᠧᠲᠷ | ᠪᠠ ᠬᠤ᠋ ᠱᠢ ᠬᠠ ᠠᠴᠠ ᠹᠧᠩᠨᠢᠩ ᠬᠦᠷᠬᠦ ︵ᠬᠤᠶᠠᠳᠤᠭᠠᠷ ᠬᠤᠭᠤᠴᠠᠭ᠎ᠠ︶ ᠲᠡᠮᠦᠷ ᠵᠠᠮ ᠤᠨ 48.204 | ᠺᠢᠯᠣᠮᠧᠲᠷ ᠪᠠᠭᠲᠠᠨ᠎ᠠ᠃ ᠳᠣᠯᠤᠨᠨᠤᠤᠷ ᠠᠴᠠ ᠡᠾᠧᠪᠸᠢ ᠶᠢᠨ ᠹᠸᠡᠭᠨᠢᠩ ᠬᠦᠷᠬᠦ ᠲᠡᠮᠦᠷ ᠵᠠᠮ ᠡᠮᠦᠨ᠎ᠡ ᠬᠤᠭᠤᠴᠠᠭᠠᠨ | ᠳᠠᠭᠠᠨ ᠲᠤᠯᠤᠨᠨᠤᠤᠷ ᠠᠴᠠ ᠹᠧᠩᠨᠢᠩ ᠬᠥᠷᠬᠦ ᠲᠡᠮᠤᠷ ᠵᠠᠮ ᠤᠨ ᠬᠤᠶᠢᠲᠤ ᠬᠦᠷᠬᠦ ᠬᠡᠰᠡᠭ ᠢ ᠨᠡᠪᠲᠡᠷᠡᠭᠦᠯᠵᠦ᠂ ᠵᠠᠮ | ᠳᠠᠭᠠᠤ ᠳ᠋ᠠ ᠯᠦᠸᠧ ᠽᠢ ᠭᠤᠤ᠂ ᠹᠧᠩᠨᠢᠩ ᠬᠤᠶᠢᠲᠤ ᠥᠷᠲᠡᠭᠡ ᠪᠠᠶᠢᠭᠤᠯᠤᠨ᠂ ᠭᠤᠣᠯ ᠱᠤᠭᠤᠮ ᠤᠨ ᠪᠦᠬᠦ | ᠣᠷᠳᠣ ᠨᠢ 92.643 ᠺᠢᠯᠣᠮᠧᠲᠷ ᠪᠣᠯᠣᠨ᠎ᠠ᠃ | ᠲᠠᠨᠢᠯᠴᠠᠭᠤᠯᠤᠭᠰᠠᠨ ᠢᠶᠠᠷ᠂ ᠳᠣᠯᠤᠨᠨᠤᠤᠷ ᠠᠴᠠ ᠡᠾᠧᠪᠸᠢ ᠶᠢᠨ ᠹᠸᠡᠭᠨᠢᠩ ᠬᠦᠷᠬᠦ ᠲᠡᠮᠦᠷ ᠵᠠᠮ ᠨᠢ 2017 | ᠣᠨ ᠤ 5 ᠳ᠋ᠤᠭᠠᠷ ᠰᠠᠷ᠎ᠠ ᠳᠤ ᠪᠦᠬᠦ ᠱᠤᠭᠤᠮ ᠢᠶᠠᠷ ᠲᠡᠷᠭᠡ ᠨᠡᠪᠲᠡᠷᠡᠬᠦ ᠪᠣᠯᠣᠨ᠎ᠠ᠃ ᠲᠤᠬᠠᠶ ᠶᠢᠨ ᠦᠶ᠎ᠡ ᠳᠤ ᠲᠤᠰ | ᠲᠡᠮᠦᠷ ᠵᠠᠮ ᠨᠢ ᠬᠤ᠋ ᠱᠢ ᠬᠠ ᠠᠴᠠ ᠹᠧᠩᠨᠢᠩ ᠬᠦᠷᠬᠦ ︵ᠬᠤᠶᠠᠳᠤᠭᠠᠷ ᠬᠤᠭᠤᠴᠠᠭ᠎ᠠ︶ ᠲᠡᠮᠥᠷ ᠵᠠᠮ ᠪᠣᠯᠤᠨ ᠥᠪᠥᠷ | ᠮᠣᠩᠭᠤᠯ ᠤᠨ ᠰᠢᠯᠢᠩᠬᠤᠲᠠ ᠠᠴᠠ ᠡᠾᠧᠪᠸᠢ ᠶᠢᠨ ᠹᠸᠡᠭᠨᠢᠩ ᠬᠥᠷᠬᠦ ᠲᠡᠮᠥᠷ ᠵᠠᠮ ᠯᠤᠭ᠎ᠠ ᠥᠪᠥᠷ ᠮᠣᠩᠭᠤᠯ ᠤᠨ | ᠳᠤᠮᠳᠠ ᠬᠡᠰᠡᠭ ᠠᠴᠠ ᠪᠡᠭᠡᠵᠢᠩ ᠲᠢᠶᠠᠨᠵᠢᠨ ᠡᠾᠧᠪᠸᠢ ᠵᠢᠴᠢ ᠲᠠᠯᠠᠢ ᠳᠠᠭᠠᠤ ᠭᠠᠵᠠᠷ ᠣᠷᠣᠨ ᠬᠦᠷᠲᠡᠯ᠎ᠡ ᠲᠦᠷᠭᠡᠨ | ᠨᠡᠪᠲᠡᠷᠡᠬᠦ ᠵᠠᠮ ᠪᠣᠯᠬᠤ ᠪᠦᠭᠡᠳ ᠴᠧᠩ ᠳ᠋ᠧ ᠠᠴᠠ ᠴᠢᠨ ᠬᠤᠸᠠᠩ ᠳ᠋ᠤᠤ ᠠᠷᠠᠯ ᠬᠦᠷᠬᠦ ᠲᠡᠮᠦᠷ ᠵᠠᠮ᠂ ᠴᠢᠭᠤᠯᠤᠯᠲᠤ | ᠬᠠᠭᠠᠯᠭ᠎ᠠ ᠠᠴᠠ ᠳᠠᠩ ᠱᠠᠨ ᠬᠦᠷᠬᠦ ᠲᠡᠮᠦᠷ ᠵᠠᠮ ᠤᠨ ᠬᠠᠮᠲᠤ ᠥᠪᠥᠷ ᠮᠣᠩᠭᠤᠯ ᠤᠨ ᠳᠤᠮᠳᠠ᠂ ᠵᠡᠭᠦᠨ ᠬᠡᠰᠡᠭ ᠤᠨ | ᠭᠠᠵᠠᠷ ᠣᠷᠣᠨ ᠤ ᠵᠠᠮ ᠲᠣᠣᠷ ᠤᠨ ᠳᠠᠯᠠᠢ ᠳᠠᠭᠠᠤ ᠣᠷᠣᠨ ᠳᠤ ᠬᠦᠷᠬᠦ ᠶᠡᠭᠡ ᠨᠡᠪᠲᠡᠷᠡᠯ ᠤᠨ ᠵᠠᠮ ᠢ ᠪᠦᠷᠢᠯᠳᠦᠭᠦᠯᠬᠦ | ᠪᠣᠯᠣᠨ᠎ᠠ᠃ ᠲᠤᠰ ᠲᠡᠮᠦᠷ ᠵᠠᠮ ᠤᠨ ᠪᠠᠶᠢᠭᠤᠯᠤᠭᠳᠠᠭᠰᠠᠨ ᠨᠢ ᠰᠢᠯᠢᠩᠬᠤᠲᠠ᠂ ᠳᠣᠯᠣᠨᠨᠣᠣᠷ᠂ ᠹᠧᠩᠨᠢᠩ᠂ ᠼᠤᠤ | ᠹᠸᠢ ᠳᠢᠶᠠᠨ ᠭᠠᠷᠠᠮ ᠢ ᠨᠡᠪᠲᠡᠷᠡᠭᠦᠯᠦᠨ ᠣᠷᠣᠨ ᠠᠴᠠ ᠭᠠᠷᠤᠨ ᠳᠠᠯᠠᠢ ᠳᠤ ᠬᠦᠷᠬᠦ ᠶᠡᠭᠡ ᠨᠡᠪᠲᠡᠷᠡᠯ ᠤᠨ ᠵᠠᠮ ᠤᠨ | ᠰᠢᠵᠢᠷ ᠠᠯᠲᠠᠨ ᠵᠠᠮ ᠱᠤᠭᠤᠮ ᠪᠣᠯᠣᠨ᠎ᠠ᠂ ᠪᠠᠰᠠ ᠴᠤ ᠵᠡᠭᠦᠨ ᠬᠤᠶᠢᠲᠤ ᠣᠷᠣᠨ ᠢ ᠨᠥᠯᠥᠭᠡᠯᠡᠬᠦ᠂ ᠪᠠᠷᠠᠭᠤᠨ | ᠬᠤᠶᠢᠲᠤ ᠣᠷᠣᠨ ᠢ ᠬᠤᠯᠪᠤᠬᠤ᠂ ᠤᠮᠠᠷᠠᠲᠤ ᠪᠣᠭᠤᠮᠲᠠ ᠳᠤ ᠨᠡᠪᠲᠡᠷᠡᠬᠦ ᠴᠢᠬᠤᠯᠠ ᠵᠠᠮ ᠬᠠᠷᠢᠯᠴᠠᠭᠠᠨ ᠤ ᠱᠤᠭᠤᠮ | ᠪᠣᠯᠬᠤ ᠶᠤᠮ᠃ | |