ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2017 ᠤᠨ ᠤ 1 ᠳ᠋ᠤᠭᠡᠷ ᠤᠳᠠᠭ᠎ᠠ ᠶᠢᠨ ᠪᠠᠶᠢᠡᠭᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/1/9
      1 ᠳ᠋ᠤᠭᠡᠷ ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠳᠤ ᠲᠡᠪᠰᠢᠬᠦᠯᠵᠥ ᠬᠢᠨᠠᠨ ᠵᠦᠪᠯᠡᠬᠦᠯᠬᠦ ︽ᠵᠠᠰᠠᠭ ᠤᠨ ᠤᠷᠳᠤᠨ ᠤ ᠠᠵᠢᠯ ᠤᠨ ᠢᠯᠡᠳᠬᠡᠯ ︵ᠬᠢᠨᠠᠨ ᠵᠦᠪᠯᠡᠬᠦᠯᠬᠦ ᠨᠤᠤᠷᠠᠭ︶︾᠂ ︽ᠦᠪᠡᠷᠳᠡᠭᠡᠨ ᠵᠠᠰᠠᠬᠤ ᠤᠷᠤᠨ ᠤ 2016 ᠤᠨ ᠤ ᠤᠯᠤᠰ ᠠᠷᠠᠳ ᠤᠨ ᠠᠵᠥ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠥᠪᠯᠡᠭᠡ ᠶᠢ ᠬᠦᠢᠴᠡᠳᠭᠡᠭᠰᠡᠡ ᠪᠠᠶᠢᠳᠠᠯ ᠪᠤᠯᠤᠨ 2017 ᠤᠨ ᠤ ᠤᠯᠤᠰ ᠠᠷᠠᠳ ᠤᠨ ᠠᠵᠥ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠥᠪᠯᠡᠭᠡ ᠶᠢᠨ ᠲᠦᠰᠦᠯ ᠤᠨ ᠮᠡᠳᠡᠬᠦᠯᠥᠯᠳᠡ ︵ᠬᠢᠨᠠᠨ ᠵᠦᠪᠯᠡᠬᠦᠯᠬᠦ ᠨᠤᠤᠷᠠᠭ︶︾᠂ ︽ᠦᠪᠡᠷᠳᠡᠭᠡᠨ ᠵᠠᠰᠠᠬᠤ ᠤᠷᠤᠨ ᠤ 2016 ᠤᠨ ᠤ ᠡᠳ᠋ ᠤᠨ ᠵᠠᠰᠠᠭ ᠤᠨ ᠲᠦᠰᠦᠪ ᠢ ᠬᠦᠢᠴᠡᠳᠭᠡᠭᠰᠡᠡ ᠪᠠᠶᠢᠳᠠᠯ ᠪᠤᠯᠤᠨ 2017 ᠤᠨ ᠤ ᠡᠳ᠋ ᠤᠨ ᠵᠠᠰᠠᠭ ᠤᠨ ᠲᠦᠰᠦᠪ ᠤᠨ ᠲᠦᠰᠦᠯ ᠤᠨ ᠮᠡᠳᠡᠬᠦᠯᠥᠯᠳᠡ ︵ᠬᠢᠨᠠᠨ ᠵᠦᠪᠯᠡᠬᠦᠯᠬᠦ ᠨᠤᠤᠷᠠᠭ︶︾ ᠶᠢ ᠰᠤᠳᠤᠯᠤᠨ ᠶᠠᠷᠢᠯᠴᠠᠪᠠ᠃      ᠬᠤᠷᠠᠯ ᠠᠴᠠ ᠦᠵᠡᠭᠰᠡᠨ ᠨᠢ᠂ ︽ᠵᠠᠰᠠᠭ ᠤᠨ ᠤᠷᠳᠤᠨ ᠤ ᠠᠵᠢᠯ ᠤᠨ ᠢᠯᠡᠳᠬᠡᠯ ︵ᠬᠢᠨᠠᠨ ᠵᠦᠪᠯᠡᠬᠦᠯᠬᠦ ᠨᠤᠤᠷᠠᠭ︶︾ ᠳᠤ 2016 ᠤᠨ ᠤ ᠪᠦᠬᠦ ᠤᠷᠤᠨ ᠤ ᠠᠵᠥ ᠠᠬᠤᠢ ᠨᠡᠶᠢᠭᠡᠮ ᠤᠨ ᠬᠦᠭᠵᠢᠯᠳᠡ ᠶᠢᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠳ᠋ᠦᠩᠨᠡᠨ ᠡᠷᠬᠢᠴᠡᠬᠦᠯᠵᠥ᠂ ᠠᠮᠵᠢᠯᠳᠠ ᠶᠢ ᠨᠤᠳᠠᠯᠠᠭᠰᠠᠠ ᠢᠶᠠᠷ ᠪᠠᠷᠠᠬᠤ ᠦᠭᠡᠢ ᠤᠷᠤᠰᠢᠵᠥ ᠪᠠᠶᠢᠭ᠎ᠠ ᠠᠰᠠᠭᠤᠳᠠᠯ ᠢ ᠦᠨᠡᠨ ᠢ ᠪᠠᠷᠢᠮᠳᠠᠯᠠᠨ ᠵᠠᠳᠠᠯᠵᠥ᠂ ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠤᠩᠬᠡᠢ ᠱᠠᠭᠠᠷᠳᠠᠯᠭ᠎ᠠ᠂ ᠠᠵᠥ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠵᠢᠱᠢᠭᠰᠡᠡ ᠬᠠᠷᠠᠯᠳᠡ ᠪᠤᠯᠤᠨ ᠠᠵᠢᠯ ᠤᠨ ᠭᠤᠤᠯᠳᠠᠯᠭ᠎ᠠ ᠶᠢ ᠲᠤᠷᠠᠳᠤᠭᠰᠠᠠ ᠪᠠᠶᠢᠨ᠎ᠠ ᠬᠡᠪᠡ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠲᠦᠪ ᠤᠨ ᠠᠵᠦ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ  ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠰᠢᠢᠳᠪᠤᠷᠢᠲᠦ ᠪᠤᠳᠤᠯᠭ᠎ᠠ ᠪᠠᠶᠢᠷᠢᠯᠠᠭᠤᠯᠤᠯᠲᠠ ᠶᠤᠰᠤᠭᠠᠷ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠥᠲᠠ ᠶᠢ ᠨᠢᠭᠡᠳᠦᠯᠲᠠᠢ ᠲᠦᠯᠦᠪᠯᠡᠨ ᠠᠬᠢᠭᠤᠯᠵᠦ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠩᠭᠤᠢ ᠠᠬᠢᠭᠤᠯᠵᠦ᠂ ᠲᠤᠭᠲᠠᠭᠤᠨ ᠤ ᠳᠤᠮᠲᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠰᠢᠨ᠎ᠡ ᠬᠦᠭᠵᠢᠯᠲᠡ ᠶᠢᠨ ᠤᠨᠤᠯᠵᠢᠬᠤᠨ ᠢ ᠪᠠᠲᠦ ᠪᠤᠢ ᠪᠤᠯᠭᠠᠵᠦ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠦ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠤᠬᠢᠴᠠᠨ ᠠᠵᠦ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠢ ᠡᠵᠡᠮᠰᠢᠵᠤ ᠬᠦᠳᠦᠯᠦᠨ ᠲᠠᠭᠠᠭᠤᠯᠵᠤ᠂ ᠬᠦᠭᠵᠢᠯᠲᠡ ᠶᠢᠨ ᠴᠢᠨᠠᠷ ᠴᠢᠨᠰᠠᠭ᠎ᠠ ᠪᠤᠯᠤᠨ ᠦᠷ᠎ᠠ ᠠᠰᠢᠬ ᠢ ᠲᠡᠭᠡᠭᠰᠢᠯᠡᠭᠦᠯᠬᠦ ᠪᠠᠷ ᠭᠤᠤᠯ ᠪᠤᠯᠭᠠᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠬᠤ ᠪᠠᠷ ᠭᠤᠤᠯ ᠱᠤᠭᠤᠮ ᠪᠤᠯᠭᠠᠵᠦ᠂ ᠬᠦᠭᠵᠢᠯᠲᠡ᠂ ᠠᠮᠢ ᠠᠬᠤᠢ ᠪᠤᠯᠤᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠡᠷᠡᠰ ᠰᠠᠬᠢᠵᠦ᠂ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ ᠲᠦᠷᠭᠡᠳᠬᠡᠨ ᠠᠬᠢᠭᠤᠯᠵᠦ᠂ ︽ᠲᠠᠪᠤᠨ ᠲᠠᠯ᠎ᠠ ᠶᠢ ᠵᠤᠬᠢᠴᠠᠭᠤᠯᠬᠤ︾ ᠶᠢ ᠶᠡᠬᠡᠪᠡᠷ ᠠᠬᠢᠭᠤᠯᠵᠦ᠂ ᠦᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠦᠨ ᠶᠡᠷᠦᠩᠬᠡᠢ ᠬᠡᠷᠡᠭᠴᠡᠭᠡ ᠱᠠᠭᠠᠷᠳᠠᠯᠭ᠎ᠠ ᠶᠢ ᠵᠤᠬᠢᠰᠲᠠᠢ ᠦᠷᠭᠡᠳᠭᠡᠵᠦ᠂ ᠰᠢᠨ᠎ᠡ ᠶᠢ ᠡᠭᠦᠳᠬᠦ ᠪᠠᠷ ᠬᠦᠭᠵᠢᠯᠳᠡ ᠶᠢᠨ ᠬᠦᠳᠡᠯᠭᠡᠭᠦᠷ ᠪᠤᠯᠭᠠᠬᠤ᠂ ᠪᠡᠯᠡ ᠤᠷᠤᠭᠤᠯᠤᠯᠳᠠ ᠪᠠ ᠲᠦᠷᠦᠯ ᠵᠦᠢᠯ ᠢᠶᠠᠷ ᠳᠠᠶᠢᠴᠢᠯᠠᠬᠤ ᠶᠢ ᠴᠢᠩᠭᠠᠳᠬᠠᠵᠦ᠂ ᠨᠡᠮᠡᠭᠳᠡᠯ ᠢ ᠲᠤᠭᠲᠠᠪᠤᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠠᠢ᠃ ᠨᠢᠭᠡᠳᠦᠯᠲᠠᠢ ᠲᠦᠯᠦᠪᠯᠡᠨ ᠨᠡᠶᠢᠲᠡ ᠳᠤᠨᠢ ᠬᠠᠷᠠᠭᠠᠯᠵᠠᠬᠤ᠂ ᠭᠤᠤᠯᠳᠠᠯᠭ᠎ᠠ ᠶᠢ ᠪᠠᠲᠤᠯᠠᠬᠤ᠂ ᠡᠩ ᠤᠨ ᠬᠢ ᠶᠢ ᠴᠢᠩᠭ᠎ᠠ ᠬᠢᠵᠠᠭᠠᠷᠯᠠᠬᠤ ᠵᠠᠷᠴᠢᠮ ᠢ ᠪᠠᠷᠢᠮᠲᠠᠯᠠᠨ ᠡᠨᠡ ᠵᠢᠯ ᠤᠨ ᠡᠳ᠋ ᠤᠨ ᠵᠠᠰᠠᠭ ᠤᠨ ᠲᠦᠰᠦᠪ ᠢ ᠨᠢᠭᠡᠳᠦᠯᠲᠠᠢ ᠲᠦᠯᠦᠪᠯᠡᠨ ᠲᠤᠬᠢᠷᠠᠭᠤᠯᠵᠦ᠂ ᠠᠵᠦ ᠠᠬᠤᠢ ᠨᠡᠶᠢᠭᠡᠮ ᠤᠨ ᠬᠦᠭᠵᠢᠯᠲᠡ ᠳᠤ ᠡᠳ᠋ ᠤᠨ ᠬᠦᠴᠦᠨ ᠤ ᠪᠠᠲᠤᠯᠠᠭ᠎ᠠ ᠬᠠᠨᠭ᠍ᠭᠠᠬᠤ ᠬᠡᠷᠡᠭᠲᠠᠢ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号