ᠤᠯᠤᠰ ᠤᠨ ᠪᠠᠶᠠᠷ ᠤᠨ ᠬᠤᠭᠤᠴᠠᠭᠠᠨ ᠳᠤ ᠪᠥᠬᠦ ᠣᠷᠣᠨ ᠤ ᠵᠠᠰᠠᠮᠠᠯ ᠵᠠᠮ ᠢᠶᠠᠷ ᠦᠡᠭᠭᠡᠷᠡᠬᠦ ᠰᠦᠢᠳᠬᠡᠯ ᠢ 1.38 ᠳ᠋ᠦᠩᠰᠢᠭᠤᠷ ᠲᠥᠭᠦᠷᠢᠭ ᠬᠡᠯᠲᠦᠷᠢᠬᠦᠯᠪᠡ
ᠨᠡᠶᠢᠲᠡᠯᠡᠭᠰᠡᠨ ᠴᠠᠭ᠄
2017/10/10
      ᠡᠨᠡ ᠵᠢᠯ ᠤᠨ ᠤᠯᠤᠰ ᠤᠨ ᠪᠠᠶᠠᠷ ᠤᠨ ᠬᠤᠭᠤᠴᠠᠭᠠᠨ ᠳᠤ᠂ ᠪᠦᠬᠦ ᠣᠷᠣᠨ ᠤ ᠰᠦᠢᠳᠬᠡᠯ ᠬᠤᠷᠢᠶᠠᠬᠤ ᠵᠠᠰᠠᠮᠠᠯ ᠵᠠᠮ ᠢᠶᠠᠷ ᠠᠶᠠᠨᠴᠢᠳ ᠤᠨ ᠵᠢᠵᠢᠭ ᠬᠡᠯᠪᠡᠷᠢ ᠶᠢᠨ ᠮᠠᠰᠢᠨ ᠲᠡᠷᠭᠡ ᠶᠢ ᠰᠦᠢᠳᠬᠡᠯ ᠬᠤᠷᠢᠶᠠᠬᠤ ᠦᠭᠡᠶ ᠪᠠᠷ 545 ᠲᠦᠮᠡ ᠦᠡᠭᠭᠡᠷᠡᠬᠦᠯᠵᠤ᠂ 1.38 ᠳ᠋ᠦᠩᠰᠢᠭᠤᠷ ᠲᠥᠭᠦᠷᠢᠭ ᠤᠨ ᠦᠡᠭᠭᠡᠷᠡᠬᠦ ᠰᠦᠶᠳᠬᠡᠯ ᠢ ᠬᠡᠯᠲᠦᠷᠢᠬᠦᠯᠪᠡ᠂ ᠡᠭᠦᠨ ᠳᠤ ᠳᠡᠭᠡᠳᠦ ᠬᠤᠷᠳᠤ ᠶᠢᠨ ᠵᠠᠮ ᠢᠶᠠᠷ ᠠᠶᠠᠨᠴᠢᠳ ᠤᠨ ᠵᠢᠵᠢᠭ ᠬᠡᠯᠪᠡᠷᠢ ᠶᠢᠨ ᠮᠠᠰᠢᠨ ᠲᠡᠷᠭᠡ ᠶᠢ ᠰᠦᠶᠳᠬᠡᠯ ᠬᠤᠷᠢᠶᠠᠬᠤ ᠥᠬᠡᠶ ᠪᠠᠷ 354 ᠲᠦᠮᠡ ᠦᠡᠭᠭᠡᠷᠡᠬᠦᠯᠵᠤ᠂ 1.1 ᠳ᠋ᠦᠡᠭᠰᠢᠭᠤᠷ ᠲᠥᠭᠦᠷᠢᠭ ᠤᠨ ᠦᠡᠭᠭᠡᠷᠡᠬᠦ ᠰᠦᠢᠳᠭᠡᠯ ᠢ ᠬᠡᠯᠲᠦᠷᠢᠬᠦᠯᠪᠡ︔ ᠡᠩ ᠤᠨ ᠵᠠᠰᠠᠮᠠᠯ ᠵᠠᠮ ᠢᠶᠠᠷ ᠠᠶᠠᠨᠴᠢᠳ ᠤᠨ ᠵᠢᠵᠢᠭ ᠬᠡᠯᠪᠡᠷᠢ ᠶᠢᠨ ᠮᠠᠰᠢᠨ ᠲᠡᠷᠭᠡ ᠶᠢ ᠰᠦᠢᠳᠭᠡᠯ ᠬᠤᠷᠢᠶᠠᠬᠤ ᠥᠬᠡᠶ ᠪᠠᠷ 191 ᠲᠦᠮᠡ ᠦᠡᠭᠭᠡᠷᠡᠬᠦᠯᠵᠤ᠂ 2700 ᠲᠦᠮᠡᠨ ᠲᠥᠭᠦᠷᠢᠭ ᠤᠨ ᠦᠡᠭᠭᠡᠷᠡᠬᠦ ᠰᠦᠢᠳᠭᠡᠯ ᠢ ᠬᠡᠯᠲᠦᠷᠢᠬᠦᠯᠪᠡ᠃ ᠰᠦᠶᠳᠬᠡᠯ ᠬᠤᠷᠢᠶᠠᠬᠤ ᠥᠬᠡᠶ ᠪᠠᠷ ᠦᠡᠭᠭᠡᠷᠡᠬᠦᠯᠬᠦ ᠬᠤᠭᠤᠴᠠᠭᠠᠨ ᠳᠤ᠂ ᠥᠪᠥᠷ ᠮᠣᠩᠭᠤᠯ ᠤᠨ ᠰᠦᠢᠳᠬᠡᠯ ᠬᠤᠷᠢᠶᠠᠬᠤ ᠵᠠᠰᠠᠮᠠᠯ ᠵᠠᠮ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠰᠦᠢᠳᠬᠡᠯ ᠬᠤᠷᠢᠶᠠᠬᠤ ᠦᠷᠳᠡᠭᠡ ᠪᠠᠷ ᠦᠡᠭᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠬᠦᠯᠬᠦ ᠶᠢᠨ ᠲᠤᠯᠠᠳᠠ᠂ ᠰᠦᠢᠳᠬᠡᠯ ᠬᠤᠷᠢᠶᠠᠬᠤ ᠭᠠᠵᠠᠷ ᠤᠨ LED ᠳᠡᠯᠭᠡᠴᠡ ᠵᠡᠷᠭᠡ ᠵᠠᠭᠤᠴᠢ ᠪᠠᠷ ᠳᠠᠮᠵᠢᠭᠤᠯᠤᠨ ᠴᠠᠭ ᠠᠭᠤᠷ ᠤᠨ ᠪᠠᠶᠢᠳᠠᠯ᠂ ᠵᠠᠮ ᠤᠨ ᠪᠠᠶᠢᠳᠠᠯ ᠵᠡᠷᠭᠡ ᠲᠤᠬᠠᠢ ᠶᠢᠨ ᠴᠠᠭ ᠤᠨ ᠮᠡᠳᠡᠭᠡ ᠵᠠᠩᠭᠢ ᠶᠢ ᠤᠯᠡᠠ ᠲᠦᠮᠡᠨ ᠳᠤ ᠨᠡᠶᠢᠲᠡᠯᠡᠵᠦ᠂ ᠤᠯᠠᠨ ᠨᠡᠶᠢᠲᠡ ᠶᠢᠨ ᠠᠮᠤᠷ ᠲᠦᠪᠰᠢᠨ ᠢᠶᠠᠷ ᠶᠠᠪᠤᠵᠤ ᠦᠡᠭᠭᠡᠷᠡᠬᠦ ᠶᠢ ᠬᠥᠲᠥᠯᠥᠨ ᠵᠢᠯᠣᠭᠤᠳᠴᠤ᠂ ᠲᠡᠷᠭᠡ ᠬᠦᠰᠭᠡ ᠶᠢᠨ ᠬᠦᠯᠢᠶᠡᠵᠤ ᠰᠢᠬᠠᠯᠳᠤᠨ ᠲᠦᠭᠵᠢᠷᠡᠬᠦ ᠪᠤᠶᠤ ᠵᠢᠭᠤᠷᠠᠯᠳᠤᠭᠠᠨ ᠡᠭᠦᠰᠬᠦ ᠠᠴᠠ ᠪᠤᠯᠵᠤ ᠠᠶᠤᠯ ᠦᠭᠡᠢ ᠦᠢᠯᠡᠳᠪᠦᠷᠢᠯᠡᠯ ᠤᠨ ᠠᠳᠡᠯ ᠭᠠᠷᠬᠤ ᠶᠢ ᠰᠡᠷᠭᠡᠶᠢᠯᠡᠵᠤ᠂ ᠵᠢᠯᠣᠭᠤᠴᠢ ᠪᠤᠯᠤᠨ ᠠᠶᠠᠨᠴᠢᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号