ᠥᠪᠥᠷ ᠮᠣᠩᠭᠤᠯ ᠲᠠᠪᠤᠨ ᠶᠡᠭᠡ ᠲᠤᠰᠬᠠᠶ ᠠᠵᠢᠯᠯᠠᠭ᠎ᠠ ᠪᠠᠷ ᠡᠷᠡᠭᠦᠯ ᠮᠡᠨᠳᠦ ᠶᠢ ᠠᠬᠢᠭᠤᠯᠬᠤ ᠠᠵᠢᠯ ᠢ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2017/10/10
     ᠥᠨᠥᠬᠡᠨ᠂ ᠥᠪᠥᠷ ᠮᠣᠩᠭᠤᠯ ︽︿13·5﹀ ᠶᠢᠨ ᠡᠷᠡᠭᠦᠯ ᠮᠡᠨᠳᠤ ᠶᠢ ᠠᠬᠢᠭᠤᠯᠬᠤ ᠬᠢᠭᠡᠳ ᠰᠤᠷᠭᠠᠨ ᠬᠥᠮᠦᠵᠢᠯ ᠤᠨ ᠠᠵᠢᠯ ᠤᠨ ᠲᠤᠬᠠᠶ ᠬᠡᠷᠡᠭᠵᠢᠭᠦᠯᠬᠦ ᠰᠠᠨᠠᠯ︾ ᠢ ᠲᠣᠭᠲᠠᠭᠠᠨ ᠨᠡᠶᠢᠲᠡᠯᠡᠵᠦ᠂ ᠬᠡᠷᠡᠭᠵᠢᠭᠦᠯᠬᠦ ᠰᠠᠨᠠᠯ ᠳᠤ᠂ ᠲᠠᠪᠤᠨ ᠶᠡᠭᠡ ᠲᠤᠰᠬᠠᠶ ᠠᠵᠢᠯᠯᠠᠭ᠎ᠠ ᠥᠷᠨᠢᠭᠦᠯᠦᠨ᠂ ︽13 · 5︾ ᠶᠢᠨ ᠡᠷᠡᠭᠦᠯ ᠮᠡᠨᠳᠤ ᠶᠢ ᠠᠬᠢᠭᠤᠯᠬᠤ ᠬᠢᠭᠡᠳ ᠰᠤᠷᠭᠠᠨ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠶᠢ ᠲᠣᠳᠣᠷᠬᠠᠶᠢᠯᠠᠪᠠ᠃      ᠨᠢᠭᠡ ᠳᠤ ᠡᠷᠡᠭᠦᠯ ᠮᠡᠨᠳᠦ ᠳᠤ ᠦᠵᠡᠭᠦᠯᠬᠦ ᠨᠥᠯᠥᠭᠡ ᠶᠢ ᠦᠨᠡᠯᠡᠬᠦ ᠲᠤᠰᠬᠠᠶ ᠠᠵᠢᠯᠯᠠᠭ᠎ᠠ᠃ 2017 ᠣᠨ  ᠳᠤ ᠥᠪᠡᠷᠲᠡᠭᠡᠨ ᠵᠠᠰᠠᠬᠤ ᠣᠷᠣᠨ ᠡᠷᠡᠭᠦᠯ ᠮᠡᠨᠳᠦ ᠳᠤ ᠦᠵᠡᠭᠦᠯᠬᠦ ᠨᠥᠯᠥᠭᠡ ᠶᠢ ᠦᠨᠡᠯᠡᠬᠦ ᠲᠦᠷᠢᠮ ᠢ ᠡᠬᠢᠯᠡᠭᠦᠯᠦᠨ᠂ 2018 ᠣᠨ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠯ᠎ᠡ ᠲᠢᠩᠬᠢᠮ ᠲᠣᠪᠴᠢᠶ᠎ᠠ ᠡᠷᠡᠭᠦᠯ ᠮᠡᠨᠳᠦ ᠳᠤ ᠦᠵᠡᠭᠦᠯᠬᠦ ᠨᠥᠯᠥᠭᠡ ᠶᠢ ᠦᠨᠡᠯᠡᠬᠦ ᠲᠦᠷᠢᠮ ᠢ ᠡᠬᠢᠯᠡᠭᠦᠯᠵᠦ᠂ 2019 ᠣᠨ ᠳᠤ ᠨᠡᠶᠢᠳᠡᠮ ᠪᠦᠷᠬᠦᠬᠦ ᠶᠢ ᠪᠡᠶᠡᠯᠡᠭᠦᠯᠦᠨ᠂ ︽13 · 5︾ ᠶᠢᠨ ᠰᠡᠭᠦᠯᠴᠢ ᠪᠣᠯᠬᠤ ᠳᠤ ᠡᠷᠡᠭᠦᠯ ᠮᠡᠨᠳᠦ ᠳᠤ ᠦᠵᠡᠭᠦᠯᠬᠦ ᠨᠥᠯᠥᠭᠡ ᠶᠢ ᠦᠨᠡᠯᠡᠬᠦ ᠲᠦᠷᠢᠮ ᠢ ᠠᠶᠢᠮᠠᠭ ᠬᠤᠳᠠ ᠪᠠᠷ ᠨᠢᠭᠡᠴᠢ ᠪᠣᠯᠭᠠᠵᠤ ᠪᠦᠷᠢᠨ ᠪᠦᠷᠬᠦᠬᠦ ᠶᠢ ᠪᠡᠶᠡᠯᠡᠭᠦᠯᠦᠨ᠎ᠡ᠃ ᠡᠷᠡᠭᠦᠯ ᠮᠠᠠᠳᠦ ᠳᠤ ᠠᠶᠤᠯᠲᠠᠶ ᠬᠦᠴᠦᠨ ᠵᠦᠢᠯ ᠢ ᠬᠢᠨᠠᠨ ᠬᠡᠮᠵᠢᠬᠦ ᠬᠢᠭᠡᠳ ᠦᠨᠡᠯᠡᠨ ᠵᠢᠱᠢᠬᠦ ᠶᠢ ᠴᠢᠩᠭᠠᠳᠬᠠᠵᠤ᠂ ᠡᠷᠡᠭᠦᠯ ᠮᠠᠨᠳᠤ ᠶᠢᠨ ᠣᠷᠴᠢᠨ ᠲᠣᠭᠤᠷᠢᠨ᠂ ᠡᠷᠡᠭᠦᠯ ᠮᠠᠨᠳᠤ ᠶᠢᠨ ᠨᠡᠶᠢᠭᠡᠮ᠂ ᠡᠷᠡᠭᠦᠯ ᠮᠡᠨᠳᠦ ᠶᠢᠨ ᠦᠢᠯᠡᠴᠢᠯᠡᠭᠡ᠂ ᠡᠷᠡᠭᠦᠯ ᠮᠡᠨᠳᠦ ᠶᠢᠨ ᠬᠥᠮᠦᠰ᠂ ᠡᠷᠡᠭᠦᠯ ᠮᠡᠨᠳᠦ ᠶᠢᠨ ᠰᠣᠶᠣᠯ ᠵᠡᠷᠭᠡ ᠬᠦᠷᠢᠶ᠎ᠡ ᠪᠠᠷ ᠭᠤᠣᠯᠳᠠᠯᠭ᠎ᠠ ᠪᠣᠯᠭᠠᠨ᠂ ᠡᠷᠡᠭᠦᠯ ᠬᠠᠮᠠᠭᠠᠯᠠᠯ ᠤᠨ ᠬᠤᠳᠠ ᠪᠠ ᠡᠷᠡᠭᠦᠯ ᠮᠡᠨᠳᠦ ᠶᠢᠨ ᠬᠤᠳᠠ ᠪᠠᠯᠭᠠᠰᠤᠨ ᠤ ᠡᠭᠦᠳᠦᠨ ᠪᠠᠶᠢᠭᠤᠯᠤᠯᠲᠠ ᠶᠢᠨ ᠬᠦᠴᠦ ᠶᠢ ᠠᠰᠢᠭᠯᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠪᠡᠷᠰᠢᠭᠦᠯᠬᠦ ᠠᠵᠢᠯᠯᠠᠭ᠎ᠠ ᠶᠢ ᠥᠷᠨᠢᠭᠦᠯᠬᠦ᠂ ᠤᠤᠭᠤᠬᠤ ᠤᠰᠤᠨ ᠤ ᠠᠮᠤᠷ ᠲᠥᠪᠰᠢᠨ ᠢ ᠪᠠᠲᠤᠯᠠᠬᠤ᠂ ᠮᠠᠯᠵᠢᠬᠤ ᠲᠠᠷᠢᠶᠠᠯᠠᠬᠤ ᠣᠷᠣᠨ ᠤ ᠤᠰᠤ ᠶᠢ ᠰᠠᠶᠢᠵᠢᠷᠠᠭᠤᠯᠤᠨ ᠵᠣᠷᠯᠣᠩ ᠢ ᠥᠭᠡᠷᠡᠴᠢᠯᠡᠬᠦ ᠶᠢ ᠴᠢᠩᠭᠠᠳᠬᠠᠬᠤ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ᠂ ᠤᠯᠠᠨ ᠨᠡᠶᠢᠲᠡ ᠶᠢᠨ ᠠᠶᠤᠯ ᠦᠭᠡᠢ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠬᠤ ᠵᠡᠷᠭᠡ ᠠᠵᠢᠯ ᠢ ᠰᠠᠶᠢᠲᠤᠷ ᠬᠢᠬᠦ ᠶᠢ ᠲᠥᠯᠬᠢᠨ ᠠᠬᠢᠭᠤᠯᠦᠨ᠎ᠡ᠃      ᠬᠤᠶᠠᠷ ᠲᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠠᠬᠢᠭᠤᠯᠬᠤ ᠠᠵᠢᠯᠯᠠᠭ᠎ᠠ᠃ ᠥᠪᠥᠷ ᠮᠣᠩᠭᠤᠯ ᠤᠨ ᠡᠷᠡᠭᠦᠯ ᠮᠡᠨᠳᠦ ᠶᠢᠨ ᠠᠵᠢᠯᠯᠠᠭᠠᠨ ᠤ ᠨᠡᠷᠡᠲᠦ ᠲᠡᠮᠳᠡᠭ ᠢ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢ ᠠᠬᠢᠭᠤᠯᠬᠤ ᠬᠤᠰᠢᠭᠤ ᠰᠢᠶᠠᠨ ︵ᠬᠤᠳᠠ᠂ ᠲᠣᠭᠤᠷᠢᠭ︶᠂ ᠡᠷᠡᠭᠦᠯ ᠮᠡᠨᠳᠦ ᠶᠢᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠡᠷᠡᠭᠦᠯ ᠮᠡᠨᠳᠦ ᠶᠢᠨ ᠨᠡᠶᠢᠭᠡᠮ ᠲᠣᠭᠤᠷᠢᠭ ︵ᠭᠠᠴᠠᠭ᠎ᠠ᠂ ᠲᠣᠰᠬᠤᠨ︶᠂ ᠡᠷᠡᠭᠦᠯ ᠮᠡᠨᠳᠦ ᠶᠢᠨ ᠬᠡᠷ ᠪᠦᠯᠢ ᠵᠢᠴᠢ ᠡᠷᠡᠭᠦᠯ ᠮᠡᠨᠳᠦ ᠶᠢᠨ ᠶᠡᠭᠡ ᠳᠡᠭᠡᠳᠦ ᠰᠤᠷᠭᠠᠭᠤᠯᠢ ᠶᠢᠨ ᠪᠦᠳᠦᠬᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︽ᠳᠤᠮᠳᠠᠳᠤ ᠤᠯᠤᠰ ᠤᠨ ᠠᠷᠠᠳ ᠢᠷᠭᠡᠳ ᠤᠨ ᠡᠷᠡᠭᠦᠯ ᠮᠠᠨᠳᠤ ᠶᠢᠨ ᠬᠡᠪ ᠪᠣᠯᠪᠠᠰᠤᠷᠠᠯ — ᠦᠨᠳᠦᠰᠦᠨ ᠮᠡᠳᠡᠯᠭᠡ ᠪᠠ ᠤᠷ᠎ᠠ ᠴᠢᠳᠠᠪᠤᠷᠢ︾ ︵ᠡᠷᠡᠭᠦᠯ ᠮᠡᠨᠳᠦ ᠶᠢᠨ ᠬᠡᠪ ᠪᠣᠯᠪᠠᠰᠤᠷᠠᠯ 66 ᠵᠦᠢᠯ︶ ᠪᠠᠷ ᠭᠤᠣᠯ ᠪᠣᠯᠭᠠᠵᠤ᠂ ᠵᠦᠶ ᠵᠣᠬᠢᠰᠲᠠᠶ ᠬᠤᠭᠤᠯᠠ ᠤᠮᠳᠠ᠂ ᠵᠣᠬᠢᠬᠤ ᠬᠡᠮᠵᠢᠶᠡᠨ ᠤ ᠬᠥᠳᠡᠯᠭᠡᠭᠡᠨ᠂ ᠲᠠᠮᠠᠬᠢ ᠠᠷᠢᠬᠢ ᠶᠢ ᠬᠢᠵᠠᠭᠠᠷᠯᠠᠬᠤ᠂ ᠰᠡᠳᠬᠢᠴᠡ ᠶᠢᠨ ᠡᠷᠡᠭᠦᠯ᠂ ᠠᠮᠤᠷ ᠲᠦᠪᠰᠢᠨ ᠪᠤᠰᠤ ᠠᠵᠢᠯᠯᠠᠭ᠎ᠠ ᠪᠠ ᠬᠤᠣᠷᠲᠤ ᠡᠳ᠋ ᠤᠨ ᠬᠤᠣᠷ ᠬᠥᠨᠥᠭᠡᠯ ᠢ ᠪᠠᠭᠠᠰᠬᠠᠬᠤ ᠵᠡᠷᠭᠡ ᠰᠡᠳᠦᠪ ᠢᠶᠠᠷ ᠭᠤᠣᠯᠯᠠᠭᠤᠯᠤᠨ᠂ ᠬᠤᠲᠠ ᠶᠢᠨ ᠰᠠᠭᠤᠭᠠᠯᠢ ᠠᠷᠠᠳ ᠤᠨ ᠰᠢᠨᠵᠢᠯᠡᠬᠦ ᠤᠬᠠᠭᠠᠨᠴᠢ ᠡᠷᠡᠭᠦᠯ ᠮᠡᠨᠳᠦ ᠶᠢᠨ ᠦᠵᠡᠯᠲᠡ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ᠂ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠵᠠᠰᠠᠬᠤ᠂ ᠠᠮᠤᠷ ᠲᠦᠪᠰᠢᠨ ᠪᠠ ᠲᠦᠷᠭᠡᠨ ᠠᠪᠤᠷᠠᠯᠲᠠ᠂ ᠦᠨᠳᠦᠰᠦᠨ ᠡᠮ ᠡᠮᠨᠡᠯᠭᠡ᠂ ᠡᠷᠡᠭᠦᠯ ᠮᠡᠨᠳᠦ ᠶᠢᠨ ᠮᠡᠳᠡᠭᠡ ᠵᠠᠩᠭᠢ ᠤᠯᠬᠤ ᠵᠡᠷᠭᠡ ᠲᠠᠯ᠎ᠠ ᠪᠠᠷ ᠬᠢ ᠬᠥᠮᠦᠰ ᠤᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠭᠤᠷᠪᠠ ᠳᠤ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠷᠭᠡᠵᠢᠯ ᠢ ᠲᠦᠭᠡᠮᠡᠯᠵᠢᠭᠦᠯᠬᠦ ᠲᠤᠰᠬᠠᠶ ᠠᠵᠢᠯᠯᠠᠭ᠎ᠠ᠃ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠰᠣᠨᠢᠨ ᠮᠡᠳᠡᠭᠡᠨ ᠤ ᠵᠠᠭᠤᠴᠢᠯᠠᠭᠤᠷ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠠᠪᠴᠠᠩ ᠢ ᠪᠠᠶᠢᠭᠤᠯᠤᠨ᠂ ᠥᠪᠥᠷ ᠮᠣᠩᠭᠤᠯ ᠤᠨ 12320 ᠤᠯᠠᠨ ᠨᠡᠶᠢᠲᠡ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠰᠠᠶᠢᠲᠤᠷ ᠠᠰᠢᠭᠯᠠᠵᠤ᠂ ᠡᠯ᠎ᠡ ᠭᠠᠵᠠᠷ ᠤᠨ ᠬᠢᠨ ᠢ ᠵᠢᠯᠣᠭᠤᠳᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠷᠭᠡᠵᠢᠯ ᠢ ᠲᠦᠭᠡᠮᠡᠯᠵᠢᠭᠦᠯᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠠᠶᠢᠮᠠᠭ ᠬᠤᠳᠠ ᠶᠢᠨ ᠱᠠᠲᠤᠨ ᠤ ᠡᠷᠡᠭᠦᠯ ᠮᠡᠨᠳᠦ ᠶᠢᠨ ᠲᠥᠷᠥᠯ ᠤᠨ ᠫᠷᠤᠭ᠍ᠷᠠᠮ ᠪᠤᠯᠤᠨ ᠪᠤᠯᠤᠩ ᠢ ᠭᠤᠣᠯᠳᠠᠯᠭ᠎ᠠ ᠲᠠᠢ ᠰᠠᠶᠢᠲᠤᠷ ᠡᠷᠬᠢᠯᠡᠵᠦ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠷᠭᠡᠵᠢᠯ ᠢ ᠲᠦᠭᠡᠮᠡᠯᠵᠢᠭᠦᠯᠬᠦ ᠠᠵᠢᠯ ᠢ ᠵᠢᠷᠤᠮᠵᠢᠭᠤᠯᠤᠨ᠂ ᠡᠷᠬᠡ ᠰᠦᠷᠲᠦ ᠪᠦᠬᠦᠢ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠷᠭᠡᠵᠢᠯ ᠢ ᠲᠦᠭᠡᠮᠡᠯᠵᠢᠭᠦᠯᠬᠦ ᠲᠠᠪᠴᠠᠩ ᠢ ᠪᠠᠶᠢᠭᠤᠯᠤᠨ᠎ᠠ᠃ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠪᠠ ᠤᠨᠴᠠᠯᠢᠭᠲᠤ ᠰᠠᠭᠤᠷᠢᠨ ᠭᠠᠵᠠᠷ ᠢ ᠱᠠᠲᠤ ᠳᠠᠷᠠᠭᠠᠯᠠᠨ ᠨᠡᠭᠡᠭᠡᠨ ᠬᠦᠭᠵᠢᠬᠦᠯᠵᠤ ᠪᠦᠲᠦᠭᠡᠨ ᠪᠠᠶᠢᠭᠤᠯᠤᠨ᠎ᠠ᠃ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠷᠭᠡᠵᠢᠯ ᠢ ᠲᠦᠭᠡᠮᠡᠯᠵᠢᠭᠦᠯᠬᠦ ᠨᠣᠮ ᠪᠢᠴᠢᠭ ᠢ ᠮᠠᠯᠵᠢᠬᠤ ᠲᠠᠷᠢᠶᠠᠯᠠᠬᠤ ᠡᠷᠦᠬᠡ ᠳᠤ ᠬᠦᠷᠭᠡᠬᠦ ᠢᠨᠵᠧᠨᠧᠷᠢᠩ ᠢ ᠬᠡᠷᠡᠭᠵᠢᠬᠦᠯᠦᠨ᠎ᠡ᠃ ᠡᠷᠡᠭᠦᠯ ᠮᠡᠨᠳᠦ ᠶᠢᠨ ᠴᠡᠴᠡᠷᠯᠢᠭ᠂ ᠡᠷᠡᠭᠦᠯ ᠮᠡᠨᠳᠦ ᠶᠢᠨ ᠵᠠᠮ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ 66 ᠵᠦᠢᠯ ᠤᠨ ᠲᠤᠰᠬᠠᠶ ᠵᠡᠭᠡᠯᠢ᠂ ᠬᠡᠷᠡᠮ ᠵᠢᠴᠢ ᠭᠡᠷ ᠤᠨ ᠭᠠᠳᠠᠨᠠᠬᠢ ᠡᠷᠡᠭᠦᠯ ᠮᠡᠨᠳᠤ ᠶᠢᠨ ᠤᠬᠠᠭᠤᠯᠭ᠎ᠠ ᠶᠢᠨ ᠵᠠᠷ ᠤᠨ ᠫᠠᠶᠢᠰᠠ ᠵᠡᠷᠭᠡ ᠨᠢᠭᠡ ᠪᠦᠯᠦᠭ ᠤᠬᠠᠭᠤᠯᠭ᠎ᠠ ᠶᠢᠨ ᠭᠠᠵᠠᠷ ᠤᠨ ᠪᠦᠳᠦᠬᠡᠨ ᠪᠠᠶᠢᠭᠤᠯᠤᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠡᠯ᠎ᠡ ᠭᠠᠵᠠᠷ ᠤᠨ ᠬᠢᠨ ᠪᠤᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠡᠷᠡᠭᠦᠯ ᠮᠡᠨᠳᠦ ᠶᠢᠨ ᠪᠡᠯᠡᠭ ᠢ ᠠᠶᠢᠯ ᠡᠷᠦᠬᠡ ᠳᠤ ᠬᠦᠷᠭᠡᠬᠦ︾ ᠢᠨᠵᠧᠨᠧᠷᠢᠩ ᠢ ᠰᠦᠪᠡᠭᠴᠢᠯᠡᠨ ᠬᠡᠷᠡᠭᠵᠢᠬᠦᠯᠵᠤ ᠪᠤᠯᠤᠨ᠎ᠠ᠃ 2020 ᠣᠨ ᠪᠣᠯᠬᠤ ᠳᠤ᠂ ᠠᠶᠢᠮᠠᠭ ᠬᠤᠳᠠ ᠪᠠᠷ ᠨᠢᠭᠡᠴᠢ ᠪᠤᠯᠭᠠᠭᠰᠠᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠷᠭᠡᠵᠢᠯ ᠢ ᠲᠦᠭᠡᠮᠡᠯᠵᠢᠭᠦᠯᠬᠦ ᠲᠠᠪᠴᠠᠩ ᠢ ᠪᠦᠷᠢᠨ ᠪᠦᠷᠬᠦᠬᠦᠯᠦᠨ᠎ᠡ᠃      ᠳᠥᠷᠪᠡ ᠳᠤ ᠲᠠᠮᠠᠬᠢ ᠬᠢᠵᠠᠭᠠᠷᠯᠠᠬᠤ ᠲᠤᠰᠬᠠᠶ ᠠᠵᠢᠯᠯᠠᠭ᠎ᠠ᠃ ᠡᠷᠡᠭᠦᠯ ᠬᠠᠮᠠᠭᠠᠯᠠᠯ ᠤᠨ ᠬᠤᠳᠠ ᠶᠢᠨ ᠡᠭᠦᠳᠦᠨ ᠪᠠᠶᠢᠭᠤᠯᠤᠯᠲᠠ᠂ ᠡᠷᠡᠭᠦᠯ ᠮᠡᠨᠳᠦ ᠪᠠᠷ ᠬᠤᠰᠢᠭᠤ ᠰᠢᠶᠠᠨ ︵ᠬᠤᠳᠠ᠂ ᠲᠣᠭᠤᠷᠢᠭ︶ ᠤ ᠬᠦᠭᠵᠢᠯᠲᠡ ᠶᠢ ᠠᠬᠢᠭᠤᠯᠬᠤ ᠡᠭᠦᠳᠦᠨ ᠪᠠᠶᠢᠭᠤᠯᠤᠯᠲᠠ᠂ ᠡᠷᠡᠭᠦᠯ ᠮᠡᠨᠳᠦ ᠶᠢᠨ ᠬᠢᠴᠢᠶᠡᠯ᠂ ᠨᠡᠶᠢᠲᠡ ᠶᠢᠨ ᠠᠰᠠᠷᠠᠮᠵᠢ ᠶᠢᠨ ᠵᠠᠷ᠂ ᠳᠤᠮᠳᠠᠳᠤ ᠤᠯᠤᠰ ᠤᠨ ᠡᠷᠡᠭᠦᠯ ᠮᠡᠨᠳᠦ ᠶᠢᠨ ᠠᠶᠠᠯᠠᠯ᠂ ᠵᠣᠯ ᠵᠢᠷᠭᠠᠯᠲᠤ ᠭᠡᠷ ᠪᠦᠯᠢ ᠶᠢᠨ ᠡᠭᠦᠳᠦᠨ ᠪᠠᠶᠢᠭᠤᠯᠤᠯᠲᠠ ᠵᠡᠷᠭᠡ ᠠᠴᠢᠶᠠᠯᠠᠭᠴᠢ ᠶᠢ ᠭᠦᠢᠴᠡᠳ ᠠᠰᠢᠭᠯᠠᠨ᠂ ᠲᠠᠮᠠᠬᠢ ᠬᠢᠵᠠᠭᠠᠷᠯᠠᠬᠤ ᠤᠬᠠᠭᠤᠯᠭ᠎ᠠ ᠰᠤᠷᠭᠠᠨ ᠬᠥᠮᠦᠵᠢᠯ ᠢ ᠭᠦᠨᠵᠡᠭᠡᠶ ᠥᠷᠨᠢᠭᠦᠯᠵᠦ᠂  ᠲᠠᠮᠠᠬᠢ ᠲᠠᠲᠠᠬᠤ ᠦᠭᠡᠢ᠂ ᠲᠠᠮᠠᠬᠢ ᠪᠠᠷᠢᠬᠤ ᠦᠭᠡᠢ᠂ ᠲᠠᠮᠠᠬᠢ ᠬᠦᠷᠭᠡᠬᠦ ᠦᠭᠡᠢ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠪᠦᠷᠢᠯᠳᠦᠭᠦᠯᠬᠦ ᠶᠢ ᠠᠬᠢᠭᠤᠯᠤᠨ᠎ᠠ᠃ 12320 ᠲᠠᠮᠠᠬᠢ ᠵᠣᠭᠰᠣᠭᠠᠬᠤ ᠵᠥᠪᠯᠡᠯᠭᠡ ᠥᠭᠬᠦ ᠤᠲᠠᠰᠤ ᠪᠤᠯᠤᠨ ᠲᠠᠮᠠᠬᠢ ᠵᠤᠭᠰᠤᠭᠠᠬᠤ ᠡᠭᠦᠳᠡᠨ ᠡᠮᠨᠡᠯᠭᠡ ᠶᠢᠨ ᠲᠦᠷᠦᠯ ᠵᠦᠢᠯ ᠤᠨ ᠠᠵᠢᠯ ᠢ ᠰᠠᠶᠢᠲᠤᠷ ᠬᠢᠵᠦ᠂ ᠲᠠᠮᠠᠬᠢ ᠵᠤᠭᠰᠤᠭᠠᠬᠤ ᠲᠤᠰᠬᠠᠶ ᠮᠡᠷᠭᠡᠵᠢᠯᠲᠡᠨ᠂ ᠲᠥᠬᠦᠭᠡᠷᠦᠮᠵᠢ ᠪᠣᠯᠤᠨ ᠲᠤᠰᠬᠠᠶ ᠮᠡᠷᠭᠡᠵᠢᠯ ᠤᠨ ᠡᠮ ᠪᠣᠳᠠᠰ ᠢ ᠪᠦᠷᠢᠨ ᠪᠡᠯᠡᠳᠭᠡᠵᠤ᠂ ᠲᠠᠮᠠᠬᠢ ᠵᠣᠭᠰᠣᠭᠠᠬᠤ ᠶᠢ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠲᠠᠮᠠᠬᠢ ᠬᠢᠵᠠᠭᠠᠷᠯᠠᠬᠤ ᠠᠵᠢᠯᠯᠠᠭ᠎ᠠ ᠶᠢ ᠪᠡᠶᠡᠯᠡᠬᠦᠯᠬᠦ ᠶᠢ ᠠᠬᠢᠭᠤᠯᠤᠨ᠂  ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠬᠢᠵᠠᠭᠠᠷᠯᠠᠬᠤ ᠠᠵᠢᠯ ᠢ ᠲᠥᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠲᠠᠯᠠᠪᠤᠷ ᠲᠤ ᠪᠥᠬᠦ ᠲᠠᠯ᠎ᠠ ᠪᠠᠷ ᠲᠠᠮᠠᠬᠢ ᠴᠠᠭᠠᠵᠠᠯᠠᠬᠤ ᠬᠠᠤᠯᠢ ᠲᠣᠭᠲᠠᠭᠠᠬᠤ ᠠᠬᠢᠴᠠ ᠶᠢ ᠲᠦᠷᠭᠡᠳᠬᠡᠵᠦ᠂ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠬᠢᠵᠠᠭᠠᠷᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠨ᠂ ᠬᠡᠷ ᠳᠣᠲᠣᠷᠠᠬᠢ ᠣᠯᠠᠨ ᠨᠡᠶᠢᠲᠡ ᠶᠢᠨ ᠲᠠᠯᠠᠪᠤᠷ ᠲᠤ ᠪᠦᠬᠦ ᠲᠠᠯ᠎ᠠ ᠪᠠᠷ ᠲᠠᠮᠠᠬᠢ ᠴᠠᠭᠠᠵᠠᠯᠠᠬᠤ ᠠᠵᠢᠯ ᠢ ᠠᠯᠬᠤᠮ ᠠᠯᠬᠤᠮ ᠢᠶᠠᠷ ᠪᠡᠶᠡᠯᠡᠭᠦᠯᠬᠦ ᠪᠤᠯᠤᠨ᠎ᠠ᠃      ᠲᠠᠪᠤ ᠳᠤ ᠡᠷᠡᠭᠦᠯ ᠮᠡᠨᠳᠤ ᠶᠢ ᠠᠬᠢᠭᠤᠯᠬᠤ ᠬᠢᠭᠡᠳ ᠰᠤᠷᠭᠠᠨ ᠬᠥᠮᠦᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠃ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠣᠷᠣᠨ ᠲᠣᠭᠠᠨ ᠤ ᠠᠯᠪᠠᠨ ᠭᠡᠷ᠂ ᠡᠳ᠋ ᠤᠨ ᠵᠠᠰᠠᠭ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ᠂ ᠡᠷᠡᠭᠦᠯ ᠮᠡᠨᠳᠤ ᠶᠢ ᠠᠬᠢᠭᠤᠯᠬᠤ ᠬᠢᠭᠡᠳ ᠰᠤᠷᠭᠠᠨ ᠬᠥᠮᠦᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠪᠠ ᠬᠦᠭᠵᠢᠬᠦᠯᠦᠯᠲᠡ ᠶᠢᠨ ᠲᠥᠯᠥᠪᠵᠢᠭᠦᠯᠭᠡ ᠶᠢ ᠲᠤᠭᠲᠠᠭᠠᠨ᠎ᠠ᠃ ᠡᠷᠡᠭᠦᠯ ᠮᠡᠨᠳᠦ ᠶᠢᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠪᠠᠶᠢᠭᠤᠯᠤᠮᠵᠢ ᠪᠠᠷ ᠲᠤᠯᠤᠭᠠᠶᠢᠯᠠᠭᠤᠯᠤᠨ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠡᠮᠨᠡᠯᠭᠡ ᠶᠢᠨ ᠬᠤᠷᠢᠶ᠎ᠠ᠂ ᠲᠤᠰᠬᠠᠶᠢᠵᠢᠭᠰᠠᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠰᠠᠭᠤᠷᠢ ᠪᠣᠯᠭᠠᠨ᠂ ᠰᠤᠷᠭᠠᠭᠤᠯᠢ᠂ ᠠᠯᠪᠠᠨ ᠪᠠᠶᠢᠭᠤᠯᠭ᠎ᠠ᠂ ᠨᠡᠶᠢᠭᠡᠮ ᠲᠣᠭᠤᠷᠢᠭ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠡᠷᠭᠡ ᠲᠤᠰᠢᠶᠠᠯᠲᠤ ᠰᠠᠯᠠᠭ᠎ᠠ ᠮᠥᠴᠢᠷ ᠢᠶᠠᠷ ᠦᠷᠭᠦᠯᠵᠢᠯᠡᠯ ᠪᠤᠯᠭᠠᠭᠰᠠᠨ ᠡᠷᠡᠭᠦᠯ ᠮᠡᠨᠳᠤ ᠶᠢ ᠠᠬᠢᠭᠤᠯᠬᠤ ᠬᠢᠭᠡᠳ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠬᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号